ᠲᠠᠩ ᠢ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠥᠷᠭᠡᠳᠬᠡᠭᠰᠡᠨ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/5/20
     5 ᠰᠠᠷ᠎ᠠ ᠶᠢᠨ 19 ᠤ ᠡᠳᠦᠷ ᠤᠨ ᠦᠳᠡ ᠶᠢᠨ ᠬᠤᠶᠢᠨ᠎ᠠ᠂ ᠬᠤᠲᠠ ᠶᠢᠨ ᠨᠠᠮ ᠤᠨ ᠬᠤᠷᠢᠶᠠᠨ ᠤ ᠱᠦᠵᠢ ᠳᠠᠩ ᠢ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠥᠷᠭᠡᠳᠬᠡᠭᠰᠡᠨ ᠬᠤᠷᠠᠯ ᠢ ᠡᠷᠬᠢᠯᠡᠨ ᠬᠤᠷᠠᠯᠳᠤᠭᠤᠯᠵᠤ᠂ ᠰᠢ ᠶᠢᠨ ᠫᠢᠩ ᠶᠡᠷᠦᠩᠬᠡᠶ ᠱᠦᠵᠢ ᠶᠢᠨ ᠳᠤᠮᠳᠠᠳᠤ ᠤᠯᠤᠰ ᠤᠨ ᠡᠪ ᠬᠠᠮᠲᠤ ᠵᠠᠯᠠᠭᠤᠴᠤᠳ ᠤᠨ ᠡᠪᠯᠡᠯ ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠬᠦ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ︽ᠰᠢᠨ᠎ᠡ ᠴᠠᠭ ᠦᠶ᠎ᠡ ᠶᠢᠨ ᠪᠥᠬᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠤᠨ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶ᠎ᠠ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠰᠠᠨᠠᠯ︾ ︽ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ ᠵᠦᠪ ᠣᠨᠣᠪᠴᠢᠲᠠᠶ ᠪᠥᠬᠦ ᠲᠠᠯ᠎ᠠ ᠪᠠᠷ ᠲᠤᠤᠱᠯᠠᠭᠤᠯᠵᠤ ᠨᠡᠭᠦᠷᠡᠰᠦᠲᠥ᠋ᠷᠥᠭᠴᠢ ᠶᠢ ᠣᠷᠭᠢᠯ ᠳᠤ ᠬᠦᠷᠭᠡᠵᠦ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠠᠵᠢᠯ ᠢ ᠰᠠᠶᠢᠲᠤᠷ ᠬᠢᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠡᠷᠡᠭᠵᠢᠬᠦᠯᠬᠦ ᠰᠠᠨᠠᠯ︾ ᠢ ᠤᠯᠠᠮᠵᠢᠯᠠᠨ ᠰᠤᠷᠤᠯᠴᠠᠵᠤ᠂ ᠪᠦᠬᠦ ᠬᠤᠳᠠ ᠶᠢᠨ ᠨᠡᠭᠦᠷᠡᠰᠦᠲᠥ᠋ᠷᠥᠭᠴᠢ ᠶᠢ ᠤᠷᠬᠢᠯ ᠳᠤ ᠬᠦᠷᠭᠡᠵᠦ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠶᠢ ᠠᠬᠢᠭᠤᠯᠬᠤ ᠠᠵᠢᠯ ᠤᠨ ᠶᠡᠷᠦᠩᠬᠡᠢ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠳᠠᠷᠠᠭᠠᠴᠢ ᠶᠢᠨ ᠠᠯᠬᠤᠮ ᠤᠨ ᠠᠵᠢᠯ ᠢᠶᠠᠨ ᠲᠤᠬᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠶᠡᠷᠦᠩᠬᠡᠢ ᠱᠦᠵᠢ ᠰᠢ ᠶᠢᠨ ᠫᠢᠩ ᠤᠨ ᠳᠤᠮᠳᠠᠳᠤ ᠤᠯᠤᠰ ᠤᠨ ᠡᠪ ᠬᠠᠮᠲᠤ ᠵᠠᠯᠠᠭᠤᠴᠤᠳ ᠤᠨ ᠡᠪᠯᠡᠯ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠬᠦ ᠶᠡᠭᠡ ᠬᠤᠷᠠᠯ ᠳᠡᠭᠡᠷᠡᠬᠢ ᠴᠢᠬᠤᠯᠠ ᠶᠠᠷᠢᠶ᠎ᠠ ᠨᠢ ᠰᠢᠨ᠎ᠡ ᠴᠠᠭ ᠦᠶ᠎ᠡ ᠶᠢᠨ ᠡᠪ ᠬᠠᠮᠲᠤ ᠵᠠᠯᠠᠭᠤᠴᠤᠳ ᠤᠨ ᠡᠪᠯᠡᠯ ᠤᠨ ᠦᠢᠯᠡᠰ ᠤᠨ ᠬᠥᠭᠵᠢᠯᠲᠡ ᠳᠤ ᠦᠵᠡᠯ ᠰᠠᠨᠠᠭᠠᠨ ᠤ ᠵᠢᠯᠤᠭᠤᠳᠤᠯᠭ᠎ᠠ ᠪᠠ ᠠᠵᠢᠯᠯᠠᠭᠠᠨ ᠤ ᠵᠦᠭᠯᠡᠭᠦᠷ ᠬᠠᠩᠭᠠᠵᠠᠢ᠃ ᠡᠯ᠎ᠡ ᠱᠠᠳᠣ ᠡᠯ᠎ᠡ ᠰᠠᠯᠠᠭ᠎ᠠ ᠮᠥᠴᠢᠷ ᠢᠯᠠᠩᠭᠤᠶ᠎ᠠ ᠡᠯ᠎ᠡ ᠱᠠᠲᠤᠨ ᠤ ᠡᠪ ᠬᠠᠮᠲᠤ ᠵᠠᠯᠠᠭᠤᠴᠤᠳ ᠤᠨ ᠡᠪᠯᠡᠯ ᠤᠨ ᠵᠣᠬᠢᠶᠠᠨ ᠪᠠᠶᠢᠭᠤᠯᠤᠯᠲᠠ ᠰᠢ ᠶᠢᠨ ᠫᠢᠩ ᠶᠡᠷᠦᠩᠬᠡᠶ ᠱᠦᠵᠢ ᠶᠢᠨ ᠴᠢᠬᠤᠯᠠ ᠶᠠᠷᠢᠶᠠᠨ ᠤ ᠪᠠᠶᠠᠯᠢᠭ ᠠᠭᠤᠯᠤᠭᠳᠠᠬᠤᠨ ᠪᠠ ᠦᠢᠯᠡᠳᠦᠯᠭᠡ ᠶᠢᠨ ᠱᠠᠭᠠᠷᠳᠠᠯᠭ᠎ᠠ ᠶᠢ ᠭᠦᠨᠵᠡᠭᠡᠶ ᠣᠶᠢᠯᠠᠭᠠᠵᠤ᠂ ᠤᠯᠤᠰ ᠲᠦᠷᠦ ᠶᠢ ᠡᠷᠬᠢᠮᠯᠡᠬᠦ ᠱᠠᠭᠠᠷᠳᠠᠯᠭ᠎ᠠ ᠶᠢ ᠢᠮᠠᠭᠲᠠ ᠡᠪ ᠬᠠᠮᠲᠤ ᠵᠠᠯᠠᠭᠤᠴᠤᠳ ᠤᠨ ᠡᠪᠯᠡᠯ ᠤᠨ ᠠᠵᠢᠯ ᠤᠨ ᠪᠦᠬᠦ ᠶᠠᠪᠤᠴᠠ ᠳᠤ ᠲᠤᠤᠱᠯᠠᠭᠤᠯᠵᠤ᠂ ᠨᠡᠶᠢᠭᠡᠮ ᠵᠢᠷᠤᠮ ᠤᠨ ᠪᠦᠳᠦᠭᠡᠨ ᠪᠠᠶᠢᠭᠤᠯᠤᠭᠴᠢ ᠪᠠ ᠵᠠᠯᠭᠠᠮᠵᠢᠯᠠᠭᠴᠢ ᠶᠢ ᠬᠥᠮᠦᠵᠢᠭᠦᠯᠬᠦ ᠡᠨᠡᠬᠦ ᠦᠨᠳᠦᠰᠦᠨ ᠡᠭᠦᠷᠭᠡ ᠶᠢ ᠪᠠᠲᠤ ᠡᠵᠡᠮᠳᠡᠵᠦ᠂ ᠨᠠᠮ ᠳᠤ ᠬᠥᠮᠦᠨ ᠬᠥᠮᠦᠵᠢᠭᠦᠯᠬᠦ ᠭᠤᠣᠯ ᠬᠠᠷᠢᠭᠤᠴᠠᠯᠭ᠎ᠠ ᠭᠤᠣᠯ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠵᠠᠯᠠᠭᠤᠴᠤᠳ ᠲᠤ ᠦᠢᠯᠡᠴᠢᠯᠡᠬᠦ ᠠᠵᠢᠯ ᠤᠨ ᠠᠮᠢᠨ ᠰᠤᠳᠠᠰᠤ ᠶᠢ ᠴᠢᠩᠭ᠎ᠠ ᠡᠵᠡᠮᠳᠡᠵᠦ᠂ ᠰᠢᠨ᠎ᠡ ᠴᠠᠭ ᠦᠶ᠎ᠡ ᠶᠢᠨ ᠡᠪ ᠬᠠᠮᠲᠤ ᠵᠠᠯᠠᠭᠤᠴᠤᠳ ᠤᠨ ᠡᠪᠯᠡᠯ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ ᠭᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠪᠦᠬᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠪᠣᠯ ᠪᠠᠲᠤ ᠪᠠᠬᠢ ᠤᠯᠤᠰ ᠤᠨ ᠪᠠᠲᠤᠯᠠᠨ ᠬᠠᠮᠠᠭᠠᠯᠠᠯᠲᠠ ᠪᠠ ᠬᠦᠴᠦᠷᠬᠡᠭ ᠶᠡᠭᠡ ᠠᠷᠠᠳ ᠤᠨ ᠴᠡᠷᠢᠭ ᠠᠩᠬᠢ ᠶᠢ ᠪᠦᠳᠦᠭᠡᠨ ᠪᠠᠶᠢᠭᠤᠯᠬᠤ ᠰᠠᠭᠤᠷᠢ ᠴᠢᠨᠠᠷᠲᠠᠢ ᠢᠨᠵᠧᠨᠧᠷᠢᠩ ᠮᠥᠨ᠂ ᠨᠠᠮ ᠤᠨ ᠰᠤᠷᠲᠠᠯ ᠤᠬᠠᠭᠤᠯᠭ᠎ᠠ ᠦᠵᠡᠯ ᠰᠠᠨᠠᠭᠠᠨ ᠤ ᠠᠵᠢᠯ ᠤᠨ ᠴᠢᠬᠤᠯᠠ ᠪᠦᠷᠢᠯᠳᠦᠬᠦᠨ ᠬᠡᠰᠡᠭ ᠮᠥᠨ᠂ ᠤᠯᠤᠰ ᠤᠨ ᠬᠥᠭᠵᠢᠯ ᠮᠠᠨᠳᠤᠯ᠂ ᠦᠨᠳᠦᠰᠦᠲᠡᠨ ᠤ ᠰᠡᠷᠭᠦᠨ ᠮᠠᠨᠳᠤᠯᠲᠠ ᠲᠠᠢ ᠬᠤᠯᠪᠣᠭᠳᠠᠵᠤ ᠪᠠᠶᠢᠳᠠᠭ᠃ ᠪᠦᠬᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠢ ᠴᠡᠷᠢᠭ ᠠᠩᠭᠢ ᠪᠠ ᠣᠷᠣᠨ ᠨᠤᠲᠤᠭ ᠬᠤᠶᠠᠷ ᠲᠠᠯ᠎ᠠ ᠪᠠ ᠪᠦᠬᠦ ᠨᠡᠶᠢᠭᠡᠮ ᠤᠨ ᠬᠠᠮᠲᠤ ᠶᠢᠨ ᠬᠠᠷᠢᠭᠤᠴᠠᠯᠭ᠎ᠠ ᠪᠣᠯᠭᠠᠵᠤ᠂ ᠳᠦᠷᠢᠮ ᠲᠣᠭᠲᠠᠴᠠ ᠪᠠᠨ ᠪᠦᠷᠢᠨᠰᠢᠭᠦᠯᠦᠨ ᠲᠡᠭᠦᠯᠳᠡᠷᠵᠢᠭᠦᠯᠵᠦ᠂ ᠡᠯ᠎ᠡ ᠲᠠᠯ᠎ᠠ ᠶᠢᠨ ᠡᠬᠢ ᠪᠠᠶᠠᠯᠢᠭ ᠤᠨ ᠬᠦᠴᠦᠨ ᠢ ᠭᠦᠢᠴᠡᠳ ᠳᠠᠶᠢᠴᠢᠯᠠᠵᠤ᠂ ᠨᠠᠮ ᠤᠨ ᠬᠤᠷᠢᠶ᠎ᠠ ᠵᠠᠰᠠᠭ ᠤᠨ ᠣᠷᠳᠣᠨ ᠢᠶᠠᠷ ᠭᠤᠣᠯᠯᠠᠭᠤᠯᠤᠭᠰᠠᠨ᠂ ᠴᠡᠷᠢᠭ ᠠᠩᠭᠢ ᠪᠠ ᠣᠷᠣᠨ ᠨᠤᠲᠤᠭ ᠨᠢᠭᠲᠠ ᠬᠠᠮᠵᠢᠯᠴᠠᠭᠰᠠᠨ᠂ ᠨᠡᠶᠢᠭᠡᠮ ᠤᠨ ᠡᠯ᠎ᠡ ᠡᠲᠡᠭᠡᠳ ᠤᠨ ᠬᠢᠨ ᠳᠡᠮᠵᠢᠭᠰᠡᠨ᠂ ᠪᠦᠬᠦ ᠠᠷᠠᠳ ᠢᠶᠠᠷ ᠢᠶᠠᠨ ᠬᠠᠮᠲᠤ ᠪᠠᠷ ᠣᠷᠣᠯᠴᠠᠭᠰᠠᠨ᠂ ᠴᠡᠷᠢᠭ ᠠᠷᠠᠳ ᠤᠨ ᠬᠡᠷᠡᠭᠯᠡᠭᠡ ᠭᠦᠨᠵᠡᠭᠡᠢ ᠠᠭᠤᠰᠤᠯᠴᠠᠭᠰᠠᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠤᠨ ᠠᠵᠢᠯ ᠤᠨ ᠪᠠᠶᠢᠷᠢᠰᠢᠯ ᠢ ᠪᠦᠷᠢᠯᠳᠦᠭᠦᠯᠬᠦ ᠬᠡᠷᠡᠭᠲᠡᠢ᠃ ᠲᠦᠪ ᠭᠤᠤᠯᠴᠢ  ᠪᠠᠷ ᠰᠢᠨ᠎ᠡ ᠶᠢ ᠡᠬᠦᠳᠴᠦ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠤᠨ ᠠᠭᠤᠯᠭ᠎ᠠ ᠶᠢᠨ ᠠᠴᠢᠶᠠᠯᠠᠪᠤᠷᠢ ᠶᠢ ᠲᠠᠰᠤᠷᠠᠯᠲᠠ ᠥᠬᠡᠶ ᠪᠠᠶᠠᠯᠢᠭᠵᠢᠭᠤᠯᠵᠤ᠂ ᠡᠯ᠎ᠡ ᠲᠥᠷᠥᠯ ᠤᠨ ᠰᠤᠷᠭᠠᠨ ᠬᠥᠮᠦᠵᠢᠯ ᠤᠨ ᠰᠠᠭᠤᠷᠢᠨ ᠭᠠᠵᠠᠷ ᠢ ᠰᠠᠶᠢᠲᠤᠷ ᠪᠠᠶᠢᠭᠤᠯᠤᠨ ᠰᠠᠶᠢᠲᠤᠷ ᠬᠡᠷᠡᠭᠯᠡᠵᠦ᠂ ᠭᠤᠤᠯ ᠰᠡᠳᠦᠪ ᠢᠶᠠᠷ ᠢᠯᠡ ᠲᠣᠳᠣ ᠰᠤᠷᠭᠠᠨ ᠬᠥᠮᠦᠵᠢᠯ ᠤᠨ ᠠᠵᠢᠯᠯᠠᠭ᠎ᠠ ᠶᠢ ᠤᠬᠠᠭᠠᠯᠠᠨ ᠥᠷᠨᠢᠭᠦᠯᠵᠦ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠤᠨ ᠨᠥᠯᠥᠭᠡᠯᠡᠬᠦ ᠬᠦᠴᠦᠨ ᠲᠠᠲᠠᠬᠤ ᠬᠦᠴᠦᠨ ᠢ ᠨᠡᠮᠡᠭᠳᠡᠭᠦᠯᠬᠦ ᠬᠡᠷᠡᠭᠲᠡᠶ᠃ ᠪᠦᠬᠦ ᠠᠷᠠᠳ ᠢᠶᠠᠷ ᠢᠶᠠᠨ ᠣᠷᠣᠯᠴᠠᠬᠤ᠂ ᠤᠷᠳᠤ ᠬᠤᠭᠤᠴᠠᠭ᠎ᠠ ᠪᠠᠷ ᠪᠠᠷᠢᠮᠲᠠᠯᠠᠬᠤ᠂ ᠪᠣᠳᠠᠲᠤ ᠦᠷ᠎ᠡ ᠪᠦᠲᠦᠮᠵᠢ ᠶᠢ ᠡᠷᠬᠢᠮᠯᠡᠬᠦ ᠴᠢᠭᠯᠡᠯᠲᠡ ᠶᠢ ᠦᠨᠡᠨ ᠬᠦ ᠰᠠᠶᠢᠲᠤᠷ ᠲᠤᠤᠱᠯᠠᠭᠤᠯᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠤᠨ ︽ᠲᠤᠯᠤᠭ᠎ᠠ ᠳᠤ ᠣᠷᠣᠬᠤ︾ ᠶᠢ ᠯᠠᠪᠳᠠᠭᠤᠨ ᠢᠶᠠᠷ ᠲᠦᠯᠬᠢᠨ ᠠᠬᠢᠭᠤᠯᠵᠤ᠂ ᠪᠦᠬᠦ ᠠᠷᠠᠳ ᠢᠶᠠᠷ ᠢᠶᠠᠨ ᠤᠯᠤᠰ ᠤᠨ ᠪᠠᠲᠤᠯᠠᠨ ᠬᠠᠮᠠᠭᠠᠯᠠᠯᠲᠠ ᠶᠢ ᠬᠠᠯᠠᠮᠵᠢᠯᠠᠬᠤ᠂ ᠤᠯᠤᠰ ᠤᠨ ᠪᠠᠲᠤᠯᠠᠨ ᠬᠠᠮᠠᠭᠠᠯᠠᠯᠲᠠ ᠶᠢ ᠬᠠᠶᠢᠷᠠᠯᠠᠬᠤ᠂ ᠤᠯᠤᠰ ᠤᠨ ᠪᠠᠲᠤᠯᠠᠨ ᠬᠠᠮᠠᠭᠠᠯᠠᠯᠲᠠ ᠶᠢ ᠪᠦᠳᠦᠭᠡᠨ ᠪᠠᠶᠢᠭᠤᠯᠬᠤ᠂ ᠤᠯᠤᠰ ᠤᠨ ᠪᠠᠲᠤᠯᠠᠨ ᠬᠠᠮᠠᠭᠠᠯᠠᠯᠲᠠ ᠶᠢ ᠬᠠᠮᠠᠭᠠᠯᠠᠬᠤ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠶ ᠭᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠨᠡᠭᠦᠷᠡᠰᠦᠲᠥ᠋ᠷᠥᠭᠴᠢ ᠶᠢ ᠤᠷᠬᠢᠯ ᠳᠤ ᠬᠦᠷᠭᠡᠵᠦ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠶᠢ ᠠᠬᠢᠭᠤᠯᠬᠤ ᠪᠣᠯ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠭᠠᠷᠭᠠᠭᠰᠠᠨ ᠴᠢᠬᠤᠯᠠ ᠶᠡᠭᠡ ᠪᠠᠶᠢᠯᠳᠤᠬᠤ ᠪᠤᠳᠤᠯᠭ᠎ᠠ ᠶᠢᠨ ᠰᠢᠢᠳᠪᠦᠷᠢᠲᠦ ᠪᠤᠳᠤᠯᠭ᠎ᠠ ᠪᠣᠯᠤᠨ᠎ᠠ᠃ ᠪᠦᠬᠦ ᠬᠤᠳᠠ ᠶᠢᠨ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠲᠥᠪ ᠬᠤᠷᠢᠶ᠎ᠠ ᠪᠠ ᠥᠪᠡᠷᠲᠡᠭᠡᠨ ᠵᠠᠰᠠᠬᠤ ᠣᠷᠣᠨ ᠤ ᠨᠡᠶᠢᠲᠡᠯᠡᠭᠰᠡᠨ ᠬᠤᠯᠪᠤᠭᠳᠠᠯ ᠪᠦᠬᠦᠢ ᠪᠢᠴᠢᠭ ᠮᠠᠲ᠋ᠧᠷᠢᠶᠠᠯ ᠢ ᠨᠠᠷᠢᠨ ᠬᠢᠨᠠᠮᠠᠭᠠᠢ ᠰᠤᠷᠤᠯᠴᠠᠨ ᠰᠤᠳᠤᠯᠵᠤ᠂ ᠡᠯ᠎ᠡ ᠵᠦᠢᠯ ᠤᠨ ᠬᠠᠷᠠᠯᠲᠠ ᠡᠭᠦᠷᠭᠡ ᠪᠠᠨ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ᠃ ᠠᠵᠤ ᠦᠢᠯᠡᠰ ᠤᠨ ᠪᠦᠲᠦᠴᠡ ᠳᠤ ᠳᠤᠬᠢᠷᠠᠭᠤᠯᠤᠯᠳᠠ ᠬᠢᠬᠦ ᠡᠨᠡᠬᠦ ᠵᠠᠩᠭᠢᠯᠠᠭ᠎ᠠ ᠶᠢ ᠠᠳᠬᠤᠵᠤ᠂ ᠤᠯᠠᠮᠵᠢᠯᠠᠯᠲᠤ ᠠᠵᠤ ᠦᠢᠯᠡᠰ ᠤᠨ ᠳᠠᠪᠬᠤᠴᠠᠨ ᠳᠡᠰ ᠳᠡᠪᠰᠢᠬᠦ ᠶᠢ ᠲᠦᠷᠭᠡᠳᠬᠡᠵᠦ᠂ ᠬᠤᠴᠣᠷᠤᠩᠭᠤᠢ ᠦᠢᠯᠡᠳᠪᠦᠷᠢᠯᠡᠯ ᠤᠨ ᠴᠢᠳᠠᠪᠤᠷᠢ ᠶᠢ ᠰᠢᠭᠰᠢᠭᠳᠡᠭᠦᠯᠦᠨ ᠭᠠᠷᠭᠠᠬᠤ ᠶᠢ ᠡᠷᠡᠰ ᠠᠬᠢᠭᠤᠯᠵᠤ᠂ ᠬᠡᠦᠷᠰᠢᠭᠦᠯᠬᠦ ᠠᠵᠤ ᠦᠢᠯᠡᠰ ᠢ ᠨᠡᠶᠢᠳᠬᠡᠨ ᠳᠠᠬᠢᠨ ᠵᠣᠬᠢᠶᠠᠨ ᠪᠠᠶᠢᠭᠤᠯᠵᠤ ᠳᠡᠰ ᠳᠡᠪᠰᠢᠭᠦᠯᠬᠦ ᠶᠢ ᠬᠦᠴᠦᠲᠡᠢ ᠠᠬᠢᠭᠤᠯᠵᠤ᠂ ᠭᠤᠣᠯᠳᠠᠯᠭ᠎ᠠ ᠲᠠᠢ ᠠᠵᠢᠯ ᠲᠦᠷᠦᠯ ᠤᠨ ᠬᠦᠷᠢᠶᠡᠨ ᠤ ᠪᠣᠬᠢᠷᠲᠤᠯ ᠢ ᠪᠠᠭᠠᠰᠬᠠᠵᠤ ᠨᠡᠭᠦᠷᠡᠰᠦᠲᠥ᠋ᠷᠥᠭᠴᠢ ᠶᠢ ᠪᠠᠭᠠᠰᠬᠠᠬᠤ ᠡᠷᠴᠢᠮ ᠢᠶᠠᠨ ᠴᠢᠩᠭᠠᠷᠠᠭᠤᠯᠵᠤ᠂ ︽ᠬᠤᠶᠠᠷ ᠶᠡᠭᠡ︾ ᠲᠦᠷᠦᠯ ᠵᠦᠢᠯ ᠢ ᠰᠣᠬᠤᠷ ᠪᠠᠯᠠᠢ ᠪᠠᠷ ᠬᠥᠭᠵᠢᠭᠦᠯᠬᠦ ᠶᠢ ᠴᠢᠩᠭ᠎ᠠ ᠬᠢᠵᠠᠭᠠᠷᠯᠠᠵᠤ᠂ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢᠨ ᠬᠦᠴᠦᠯᠡᠴᠡ ᠪᠠᠨ ᠦᠷᠭᠦᠯᠵᠢᠯᠡᠨ ᠪᠠᠭᠤᠷᠠᠭᠤᠯᠬᠤ ᠬᠡᠷᠡᠭᠲᠡᠢ᠃ ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ ᠬᠤᠶᠠᠷ ᠶᠡᠭᠡ ᠠᠵᠤ ᠦᠢᠯᠡᠰ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠲᠠᠢ ᠨᠢᠭᠲᠠ ᠤᠶᠠᠯᠳᠤᠭᠤᠯᠵᠤ᠂ ᠤᠨᠢᠨ ᠳᠡᠭᠡᠷ᠎ᠡ ᠨᠢ ᠠᠷᠠᠯᠵᠢᠶᠠᠴᠢᠨ ᠤᠷᠢᠬᠤ ᠡᠷᠴᠢᠮ ᠢᠶᠠᠨ ᠴᠢᠩᠭᠠᠷᠠᠭᠤᠯᠵᠤ᠂ ᠭᠤᠣᠯᠳᠠᠯᠭ᠎ᠠ ᠲᠠᠢ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠪᠠᠨ ᠲᠦᠷᠭᠡᠳᠬᠡᠵᠦ᠂ ᠰᠢᠨ᠎ᠡ ᠪᠠᠷ ᠮᠠᠨᠳᠤᠭᠰᠠᠨ ᠠᠵᠤ ᠦᠢᠯᠡᠰ ᠤᠨ ᠬᠥᠭᠵᠢᠨ ᠪᠤᠵᠠᠭᠠᠢᠢᠷᠠᠬᠤ᠂ ᠠᠵᠤ ᠦᠢᠯᠡᠰ ᠤᠨ ᠪᠦᠲᠦᠴᠡ ᠶᠢᠨ ᠦᠷᠭᠦᠯᠵᠢᠯᠡᠨ ᠰᠢᠯᠢᠳᠡᠭᠵᠢᠬᠦ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ ᠭᠡᠵᠡᠢ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号