ᠵᠢᠮᠢᠰ ᠨᠣᠭᠤᠭᠠᠨ ᠳᠠᠬᠢ ᠲᠠᠷᠢᠶᠠᠨ ᠡᠮ ᠤᠨ ᠦᠯᠡᠳᠡᠭᠳᠡᠯ ᠢ ᠶᠠᠭᠠᠬᠢᠪᠡᠯ ᠰᠠᠶ᠋ᠢ ᠪᠦᠲᠦᠮᠵᠢᠲᠡᠢ ᠠᠷᠢᠯᠭᠠᠵᠣ  ᠴᠢᠳᠠᠬᠤ ᠪᠤᠢ
ᠨᠡᠶᠢᠲᠡᠯᠡᠭᠰᠡᠨ ᠴᠠᠭ᠄
2022/5/23
     ᠲᠠᠷᠢᠶᠠᠨ ᠡᠮ᠂ ᠬᠤᠷᠮᠣᠨ᠂ ᠠᠭᠠᠷ ᠤᠨ ᠪᠤᠵᠠᠷᠳᠤᠯ᠂ ᠣᠷᠴᠢᠨ ᠲᠣᠭᠤᠷᠢᠨ ᠵᠡᠷᠭᠡ  ᠨᠥᠯᠥᠭᠡ  ᠠᠴᠠ ᠢᠳᠡᠭᠡᠨ ᠤᠮᠳᠠᠭᠠᠨ ᠤ ᠡᠷᠡᠭᠦᠯ ᠢ ᠰᠦᠷᠳᠡᠭᠦᠯᠬᠦ ᠡᠯᠧᠮᠧᠨ᠋ᠲ ᠤᠯᠠᠮ ᠠᠴᠠ  ᠤᠯᠠᠮ ᠣᠯᠠᠰᠢᠷᠠᠵᠤ ᠪᠠᠶᠢᠨ᠎ᠠ᠂ ᠲᠠᠷᠢᠶᠠᠨ ᠡᠮ ᠤᠨ ᠦᠯᠡᠳᠡᠭᠳᠡᠯ ᠤᠨ ᠪᠡᠶ᠎ᠡ ᠮᠠᠬᠠᠪᠣᠳ ᠲᠤ ᠦᠵᠡᠭᠦᠯᠬᠦ ᠨᠥᠯᠥᠭᠡ ᠶᠢ ᠬᠡᠷᠬᠢᠨ ᠬᠠᠮᠤᠭ ᠤᠨ ᠳᠣᠣᠷ᠎ᠠ ᠬᠡᠮᠵᠢᠶᠡᠨ ᠳᠤ ᠬᠦᠷᠲᠡᠯ᠎ᠡ ᠪᠠᠭᠤᠷᠠᠭᠤᠯᠬᠤ ᠨᠢ ᠬᠥᠮᠦᠰ ᠤᠨ ᠠᠩᠬᠠᠷᠤᠯ ᠤᠨ ᠲᠥᠪ ᠪᠣᠯᠤᠭᠰᠠᠨ ᠪᠠᠶᠢᠨ᠎ᠠ᠃ ᠲᠡᠭᠡᠪᠡᠯ ᠵᠢᠮᠢᠰ  ᠨᠤᠭᠤᠭ᠎ᠠ ᠳᠠᠬᠢ ᠲᠠᠷᠢᠶᠠᠨ ᠡᠮ ᠤᠨ ᠦᠯᠡᠳᠡᠭᠳᠡᠯ ᠢ ᠶᠠᠭᠠᠬᠢᠪᠡᠯ ᠰᠠᠶ᠋ᠢ ᠪᠦᠲᠦᠮᠵᠢᠲᠡᠶ ᠠᠷᠢᠯᠭᠠᠵᠤ ᠴᠢᠳᠠᠬᠤ ᠪᠤᠢ︖            ᠨᠢᠭᠡ᠂ ︽ᠬᠠᠯᠢᠰᠤᠯᠠᠬᠤ︾ ᠠᠷᠭ᠎ᠠ            ᠠᠯᠮᠤᠷᠠᠳ᠂ ᠠᠯᠢᠮ᠎ᠠ᠂ ᠲᠥᠮᠥᠰᠥ ᠵᠡᠷᠭᠡ ᠬᠠᠯᠢᠰᠤᠯᠠᠵᠦ ᠪᠣᠯᠳᠠᠭ ᠵᠢᠮᠢᠰ  ᠨᠣᠭᠤᠭ᠎ᠠ ᠳᠤ ᠠᠪᠴᠤ ᠬᠡᠯᠡᠪᠡᠯ᠂ ᠬᠠᠯᠢᠰᠤᠯᠠᠬᠤ ᠪᠣᠯ ᠲᠠᠷᠢᠶᠠᠨ ᠡᠮ ᠤᠨ ᠦᠯᠡᠳᠡᠭᠳᠡᠯ ᠢ ᠠᠷᠢᠯᠭᠠᠬᠤ ᠨᠡᠯᠢᠶᠡᠳ ᠰᠠᠶᠢᠨ ᠠᠷᠭ᠎ᠠ ᠪᠣᠯᠤᠨ᠎ᠠ᠃ ᠬᠠᠯᠢᠰᠤᠯᠠᠭᠰᠠᠨ ᠵᠢᠮᠢᠰ ᠨᠣᠭᠤᠭ᠎ᠠ ᠶᠢ ᠬᠠᠯᠢᠰᠤᠯᠠᠭᠠᠳᠤᠢ ᠵᠢᠮᠢᠰ ᠨᠣᠭᠤᠭ᠎ᠠ ᠲᠠᠢ ᠰᠠᠯᠭᠠᠨ ᠲᠠᠯᠪᠢᠵᠤ᠂ ᠳᠠᠬᠢᠨ ᠪᠤᠵᠠᠷᠲᠤᠬᠤ ᠠᠴᠠ ᠵᠠᠶᠢᠯᠠᠰᠬᠢᠬᠦ ᠬᠡᠷᠡᠭᠲᠡᠢ᠃            ᠬᠤᠶᠠᠷ᠂ ︽ᠳᠡᠪᠲᠦᠭᠡᠬᠦ︾ ᠠᠷᠭ᠎ᠠ            ᠬᠠᠯᠢᠰᠤᠯᠠᠵᠦ ᠪᠤᠯᠬᠤ ᠦᠭᠡᠢ ᠵᠢᠮᠢᠰ ᠨᠣᠭᠤᠭ᠎ᠠ ᠶᠢ ᠴᠡᠪᠡᠷ ᠤᠰᠤ ᠪᠠᠷ ᠤᠬᠢᠶᠠᠭᠰᠠᠨ  ᠤ ᠳᠠᠷᠠᠭ᠎ᠠ ᠂ ᠲᠠᠪᠤᠰᠣ  ᠲᠠᠢ ᠤᠰᠤ᠂ ᠱᠦᠯᠲᠦᠲᠦ ᠤᠰᠤ ᠪᠤᠶᠤ ᠪᠣᠳᠠᠭ᠎ᠠ ᠣᠬᠢᠶᠠᠭᠰᠠᠨ ᠤᠰᠤ ᠵᠡᠷᠭᠡ ᠪᠠᠷ ᠳᠡᠪᠲᠦᠭᠡᠨ᠎ᠡ᠃ ᠣᠷᠭᠠᠨᠢᠭ ᠹᠣᠰᠹᠣᠷᠲᠤ ᠬᠤᠷᠣᠬᠠᠶ ᠠᠯᠠᠬᠤ ᠡᠳ᠋ ᠨᠢ ᠱᠦᠯᠲᠦᠯᠢᠭ ᠣᠷᠴᠢᠨ ᠲᠣᠭᠤᠷᠢᠨ ᠳᠤ ᠮᠠᠰᠢ ᠲᠦᠷᠭᠡᠨ ᠵᠠᠳᠠᠷᠠᠳᠠᠭ ᠪᠣᠯᠬᠤᠷ ᠱᠦᠯᠲᠦᠯᠢᠭ ᠤᠰᠤ ᠪᠠᠷ ᠵᠢᠮᠢᠰ ᠨᠣᠭᠤᠭ᠎ᠠ ᠶᠢ ᠳᠡᠪᠲᠦᠭᠡᠬᠦ ᠪᠣᠯ ᠲᠠᠷᠢᠶᠠᠨ ᠡᠮ ᠤᠨ ᠦᠯᠡᠳᠡᠭᠳᠡᠯ ᠢ ᠠᠷᠢᠯᠭᠠᠬᠤ ᠪᠦᠲᠦᠮᠵᠢᠲᠡᠶ ᠠᠷᠭ᠎ᠠ ᠶᠢᠨ ᠨᠢᠭᠡ ᠪᠣᠯᠤᠨ᠎ᠠ᠃ ᠡᠭᠦᠨ ᠠᠴᠠ ᠭᠠᠳᠠᠨ᠎ᠠ᠂ ᠳᠠᠪᠤᠰᠤ ᠲᠠᠢ ᠤᠰᠤ᠂ ᠪᠣᠳᠠᠭᠠᠨ ᠤ ᠤᠰᠤ ᠵᠡᠷᠭᠡ ᠪᠠᠷ ᠳᠡᠪᠲᠦᠭᠡᠭᠰᠡᠨ  ᠵᠢᠮᠢᠰ ᠨᠣᠭᠤᠭ᠎ᠠ ᠨᠢ ᠪᠠᠰᠠ ᠲᠠᠷᠢᠶᠠᠨ ᠡᠮ ᠤᠨ ᠦᠯᠡᠳᠡᠭᠳᠡᠯ ᠢ ᠠᠷᠢᠯᠭᠠᠵᠤ ᠳᠡᠶᠢᠯᠦᠨ᠎ᠡ᠃            ᠭᠤᠷᠪᠠ᠂ ︽ᠠᠭᠤᠷᠰᠢᠭᠤᠯᠬᠤ︾ ᠠᠷᠭ᠎ᠠ            ᠰᠢᠪᠳᠣᠷᠳᠣ ᠮᠧᠲ᠋ᠢᠯ ᠬᠦᠴᠢᠯ  ᠤᠨ ᠲᠥᠷᠥᠯ ᠤᠨ ᠬᠤᠷᠤᠬᠠᠢ ᠠᠯᠠᠬᠤ ᠡᠳ᠋ ᠢ ᠬᠠᠯᠠᠭᠠᠬᠤ  ᠠᠷᠭ᠎ᠠ ᠪᠠᠷ ᠲᠠᠷᠢᠶᠠᠨ ᠡᠮ ᠤᠨ ᠦᠯᠡᠳᠡᠭᠳᠡᠯ ᠢ ᠠᠷᠢᠯᠭᠠᠵᠤ ᠪᠣᠯᠤᠨ᠎ᠠ᠃ ᠬᠠᠯᠠᠭᠤᠨ ᠤ ᠬᠡᠮᠵᠢᠶ᠎ᠡ ᠶᠢᠨ ᠳᠡᠭᠡᠭᠰᠢᠯᠡᠬᠦ ᠶᠢ ᠳᠠᠭᠠᠯᠳᠤᠨ ᠲᠠᠷᠢᠶᠠᠨ ᠡᠮ ᠤᠨ ᠦᠯᠡᠳᠡᠭᠳᠡᠯ ᠲᠦᠷᠭᠡᠨ ᠵᠠᠳᠠᠷᠠᠨ᠎ᠠ᠃ ᠥᠷᠭᠡᠰᠦᠲᠦ ᠨᠣᠭᠤᠭ᠎ᠠ᠂ ᠴᠤᠭᠤᠷ ᠨᠣᠭᠤᠭ᠎ᠠ ᠵᠡᠷᠭᠡ ᠰᠢᠢᠳᠪᠦᠷᠢᠯᠡᠬᠦ ᠳᠤ ᠬᠦᠴᠢᠷ ᠵᠢᠮᠢᠰ ᠨᠣᠭᠤᠭ᠎ᠠ ᠶᠢ ᠴᠡᠪᠡᠷ ᠤᠰᠤ ᠪᠠᠷ ᠤᠬᠢᠶᠠᠭᠰᠠᠨ ᠤ ᠳᠠᠷᠠᠭ᠎ᠠ ᠪᠤᠴᠠᠯᠤᠭᠰᠠᠨ ᠤᠰᠤᠨ ᠳᠤ 2 ~5 ᠮᠢᠨᠦ᠋ᠲ ᠰᠢᠯᠵᠠᠯᠵᠦ᠂ ᠱᠦᠭᠦᠵᠦ ᠭᠠᠷᠭᠠᠭᠰᠠᠨ ᠤ ᠳᠠᠷᠠᠭ᠎ᠠ ᠴᠡᠪᠡᠷ ᠤᠰᠤ ᠪᠠᠷ 1 ~ 2 ᠤᠳᠠᠭ᠎ᠠ ᠤᠬᠢᠶᠠᠪᠠᠯ ᠪᠣᠯᠴᠢᠬᠠᠨ᠎ᠠ᠃            ᠡᠭᠦᠨ ᠠᠴᠠ ᠭᠠᠳᠠᠨ᠎ᠠ᠂ ᠣᠳᠣᠬᠠᠨ ᠳᠤ ᠵᠠᠬ᠎ᠠ ᠳᠡᠯᠭᠡᠭᠦᠷ ᠳᠡᠭᠡᠷ᠎ᠡ ᠮᠠᠰᠢ ᠣᠯᠠᠨ ᠬᠡᠲᠦ  ᠳᠠᠭᠤᠨ ᠳᠣᠯᠭᠢᠶᠠᠨ ᠢᠶᠠᠷ ᠵᠢᠮᠢᠰ ᠨᠣᠭᠤᠭ᠎ᠠ ᠠᠷᠢᠯᠭᠠᠬᠤ ᠮᠠᠰᠢᠨ ᠭᠠᠷᠴᠣ ᠪᠠᠶᠢᠨ᠎ᠠ᠂ ᠲᠡᠭᠦᠨ ᠤ ᠭᠤᠤᠯ ᠦᠨᠳᠦᠰᠦᠯᠡᠯ ᠨᠢ ᠣᠽᠣᠨ ᠪᠠ ᠬᠡᠲᠦ ᠳᠠᠭᠤᠨ ᠳᠣᠯᠭᠢᠶᠠᠨ ᠢ ᠤᠶᠠᠯᠳᠤᠭᠤᠯᠬᠤ ᠶᠠᠪᠤᠳᠠᠯ ᠪᠣᠯᠤᠨ᠎ᠠ᠃  ᠭᠡᠳᠦ ᠲᠡᠭᠤᠠ ᠳᠣᠯᠭᠢᠶᠠᠨ ᠤ ᠣᠬᠢᠶᠠᠯᠭ᠎ᠠ ᠶᠢᠨ ᠰᠢᠩᠭᠡᠨ ᠪᠡᠶᠡᠲᠦ  ᠳᠣᠲᠣᠷ᠎ᠠ ᠳᠠᠮᠵᠢᠭᠤᠯᠬᠤ ᠦᠶ᠎ᠡ ᠶᠢᠨ ᠹᠢᠽᠢᠺ ᠤᠨ ᠣᠶᠢᠯᠡᠳᠣᠯ  ᠳᠤ ᠰᠠᠭᠤᠷᠢᠯᠠᠵᠣ᠂ ᠰᠢᠨ᠎ᠡ ᠰᠣᠷᠭᠤᠭ ᠢ ᠬᠠᠳᠠᠭᠠᠯᠠᠬᠤ ᠪᠠ ᠲᠠᠷᠢᠶᠠᠨ ᠡᠮ ᠤᠨ ᠦᠯᠡᠳᠡᠭᠳᠡᠯ ᠢ ᠴᠡᠪᠡᠷᠰᠢᠭᠦᠯᠬᠦ ᠦᠷ᠎ᠡ ᠪᠦᠲᠦᠮᠵᠢ ᠳᠤ ᠬᠦᠷᠳᠡᠭ᠃            ᠲᠠᠷᠢᠶᠠᠨ ᠡᠮ  ᠲᠠᠢ ᠢᠳᠡᠭᠡᠨ ᠢ ᠦᠷᠭᠦᠯᠵᠢ ᠢᠳᠡᠪᠡᠯ ᠳᠤᠷ᠎ᠠ ᠪᠤᠯᠭᠢᠵᠤ ᠪᠥᠭᠡᠯᠵᠢᠬᠦ᠂  ᠰᠠᠭᠤᠯᠭᠠᠬᠤ᠂ ᠬᠠᠪᠣᠳᠬᠤ᠂ ᠲᠠᠲᠠᠪᠠᠯᠵᠠᠬᠤ᠂ ᠮᠠᠨᠠᠷᠠᠬᠤ ᠵᠡᠷᠭᠡ ᠡᠪᠡᠳᠴᠢᠨ ᠤ ᠢᠯᠡᠷᠡᠯ ᠢ ᠡᠭᠦᠰᠭᠡᠵᠦ ᠮᠡᠳᠡᠨ᠎ᠡ᠃ ᠡᠪᠡᠳᠴᠢᠨ ᠨᠢ ᠬᠦᠳᠣᠷᠡᠪᠡᠯ ᠬᠤᠳᠣᠭᠠᠳᠣ  ᠠᠴᠠ ᠴᠢᠰᠤ ᠭᠠᠷᠬᠤ ᠵᠡᠷᠭᠡ ᠪᠠᠶᠢᠳᠠᠯ ᠭᠠᠷᠴᠤ ᠮᠡᠳᠡᠨ᠎ᠡ᠃ ᠡᠶᠢᠮᠦ ᠠᠴᠠ ᠶᠠᠮᠠᠷ ᠠᠷᠭ᠎ᠠ ᠶᠢ ᠬᠡᠷᠡᠭᠯᠡᠭᠰᠡᠨ ᠴᠦ ᠪᠤᠯᠤᠭ  ᠵᠢᠮᠢᠰ ᠨᠣᠭᠤᠭ᠎ᠠ ᠶᠢ ᠡᠷᠬᠡᠪᠰᠢ ᠤᠬᠢᠶᠠᠵᠤ ᠴᠡᠪᠡᠷᠯᠡᠭᠰᠡᠨ ᠤ ᠳᠠᠷᠠᠭ᠎ᠠ ᠰᠠᠶ᠋ᠢ ᠢᠳᠡᠬᠦ ᠬᠡᠷᠡᠭᠲᠡᠢ᠃    
 
ᠢᠷᠡᠯᠲᠡ᠄ ᠬᠤᠯᠪᠤᠭ᠎ᠠ ᠪᠦᠷᠭᠡ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号