ᠲᠠᠩ ᠢ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠥᠷᠭᠡᠳᠬᠡᠭᠰᠡᠨ ᠬᠤᠷᠠᠯ ᠵᠢᠴᠢ ᠬᠤᠳᠠ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠵᠥᠪᠯᠡᠯ ᠤᠨ 2022 ᠣᠨ ᠤ ᠬᠤᠶᠠᠳᠤᠭᠠᠷ ᠣᠳᠠᠭᠠᠨ ᠤ ᠬᠤᠷᠠᠯ ᠢ ᠡᠷᠭᠢᠯᠡᠨ ᠬᠤᠷᠠᠯᠳᠣᠭᠤᠯᠪᠠ
ᠨᠡᠶᠢᠲᠡᠯᠡᠭᠰᠡᠨ ᠴᠠᠭ᠄
2022/5/5
     4 ᠰᠠᠷ᠎ᠠ ᠶᠢᠨ 29 ᠤ ᠡᠳᠦᠷ᠂ ᠬᠤᠳᠠ ᠶᠢᠨ ᠨᠠᠮ ᠤᠨ ᠬᠤᠷᠢᠶᠠᠨ ᠤ ᠱᠦᠵᠢ ᠲᠠᠩ ᠢ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠥᠷᠭᠡᠳᠬᠡᠭᠰᠡᠨ ᠬᠤᠷᠠᠯ ᠵᠢᠴᠢ ᠬᠤᠳᠠ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠵᠥᠪᠯᠡᠯ ᠤᠨ 2022 ᠣᠨ ᠤ ᠬᠤᠶᠠᠳᠤᠭᠠᠷ ᠣᠳᠠᠭᠠᠨ ᠤ ᠬᠤᠷᠠᠯ ᠢ ᠡᠷᠬᠢᠯᠡᠨ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠤᠶᠠᠳᠤᠭᠠᠷ ᠡᠭᠡᠯᠵᠢ ᠶᠢᠨ ᠲᠥᠪ ᠤᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠰᠢᠮᠳᠠᠭᠤᠯᠤᠨ ᠪᠠᠶᠢᠴᠠᠭᠠᠬᠤ ᠬᠤᠭᠤᠴᠠᠭᠠᠨ ᠳᠠᠬᠢ ᠠᠵᠢᠯ ᠥᠷᠨᠢᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠳᠠᠷᠠᠭᠠᠴᠢ ᠶᠢᠨ ᠠᠯᠬᠤᠮ ᠤᠨ ᠠᠵᠢᠯ ᠢᠶᠠᠨ ᠲᠤᠬᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠤᠢᠢᠷ᠎ᠠ ᠶᠢᠨ ᠬᠤᠭᠤᠴᠠᠭᠠᠨ ᠳᠤ᠂ ᠶᠡᠷᠦᠩᠬᠡᠢ ᠱᠦᠵᠢ ᠰᠢ ᠶᠢᠨ ᠫᠢᠩ ᠬᠤᠷᠠᠯ᠂ ᠰᠢᠨᠵᠢᠯᠡᠨ ᠪᠠᠶᠢᠴᠠᠭᠠᠬᠤ᠂ ᠪᠠᠶᠠᠷ ᠤᠨ ᠵᠠᠬᠢᠳᠠᠯ ᠵᠡᠷᠭᠡ ᠠᠷᠭ᠎ᠠ ᠬᠡᠯᠪᠡᠷᠢ ᠪᠠᠷ ᠠᠯᠢ ᠤᠯᠠᠨ ᠴᠢᠬᠤᠯᠠ ᠶᠠᠷᠢᠶ᠎ᠠ ᠲᠠᠯᠪᠢᠵᠤ᠂ ᠠᠯᠢ ᠤᠯᠠᠨ ᠴᠢᠬᠤᠯᠠ ᠵᠢᠭᠠᠪᠤᠷᠢ ᠥᠭᠴᠦ᠂ ᠪᠢᠳᠡᠨ ᠤ ᠡᠯ᠎ᠡ ᠵᠦᠢᠯ ᠤᠨ ᠠᠵᠢᠯ ᠢᠶᠠᠨ ᠰᠠᠶᠢᠲᠤᠷ ᠬᠢᠬᠦ ᠳᠤ ᠴᠢᠬᠤᠯᠠ ᠵᠢᠷᠤᠮᠯᠠᠯ ᠬᠠᠩᠭᠠᠵᠠᠢ᠃ ᠰᠢ ᠶᠢᠨ ᠫᠢᠩ ᠶᠡᠷᠦᠩᠬᠡᠶ ᠱᠦᠵᠢ ᠶᠢᠨ ᠲᠥᠪ ᠤᠨ ᠡᠳ᠋ ᠤᠨ ᠵᠠᠰᠠᠭ ᠠᠵᠤ ᠠᠬᠤᠶ ᠶᠢᠨ ᠬᠤᠷᠢᠶᠠᠨ ᠤ ᠠᠷᠪᠠᠨ ᠨᠢᠭᠡᠳᠦᠭᠡᠷ ᠣᠳᠠᠭᠠᠨ ᠤ ᠬᠤᠷᠠᠯ ᠲᠡᠭᠡᠷᠡᠭᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠣᠶᠢᠯᠠᠭᠠᠵᠤ᠂ ᠣᠳᠣᠬᠠᠨ ᠤ ᠪᠠᠶᠢᠯᠳᠤᠬᠤ ᠪᠤᠳᠤᠯᠭ᠎ᠠ ᠶᠢᠨ ᠠᠵᠠ ᠲᠣᠬᠢᠶᠠᠯ ᠢ ᠴᠢᠷᠮᠠᠶᠢᠨ ᠠᠳᠬᠤᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠭᠤᠣᠯᠳᠠᠯᠭ᠎ᠠ ᠲᠠᠢ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠲᠠᠢ ᠤᠶᠠᠯᠳᠤᠭᠤᠯᠤᠨ᠂ ᠨᠢᠭᠡ ᠪᠦᠯᠦᠭ ᠴᠢᠬᠤᠯᠠ ᠶᠡᠭᠡ ᠦᠨᠳᠦᠰᠦᠨ ᠪᠦᠳᠦᠭᠡᠨ ᠪᠠᠶᠢᠭᠤᠯᠤᠯᠲᠠ ᠶᠢᠨ ᠵᠦᠢᠯᠡᠰ ᠢ ᠱᠠᠯᠠᠪᠳᠠᠨ ᠰᠤᠳᠤᠯᠤᠨ ᠰᠦᠪᠡᠭᠴᠢᠯᠡᠵᠦ᠂ ᠣᠳᠣᠬᠢᠴᠢᠯᠠᠭᠰᠠᠨ ᠰᠠᠭᠤᠷᠢ ᠲᠥᠬᠦᠭᠡᠷᠦᠮᠵᠢ ᠶᠢᠨ ᠰᠢᠰᠲ᠋ᠧᠮ ᠢ ᠲᠦᠷᠭᠡᠪᠴᠢᠯᠡᠨ ᠪᠠᠶᠢᠭᠤᠯᠬᠤ ᠬᠡᠷᠡᠭᠲᠡᠶ᠃ ᠰᠢ ᠶᠢᠨ ᠫᠢᠩ ᠶᠡᠷᠦᠩᠬᠡᠢ ᠱᠦᠵᠢ ᠶᠢᠨ ᠪᠥᠸᠧ ᠤᠣ ᠶᠢᠨ ᠠᠽᠢᠶ᠎ᠠ ᠲᠢᠪ ᠤᠨ ᠶᠠᠷᠢᠶᠠᠨ ᠤ ᠲᠠᠪᠴᠠᠩ ᠤᠨ 2022 ᠣᠨ ᠤ ᠣᠨ ᠤ ᠬᠤᠷᠠᠯ ᠤᠨ ᠡᠬᠢᠯᠡᠯᠲᠡ ᠶᠢᠨ ᠶᠣᠰᠣᠯᠠᠯ ᠳᠡᠭᠡᠷᠡᠬᠢ ᠭᠤᠣᠯ ᠵᠤᠷᠢᠯᠳᠠᠳᠤ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠣᠶᠢᠯᠠᠭᠠᠵᠤ᠂ ᠤᠯᠤᠰ ᠤᠨ ᠴᠢᠬᠤᠯᠠ ᠶᠡᠭᠡ ᠪᠠᠶᠢᠯᠳᠤᠬᠤ ᠪᠤᠳᠤᠯᠭ᠎ᠠ ᠲᠠᠢ ᠢᠳᠡᠪᠬᠢᠲᠡᠢ ᠵᠣᠯᠭᠠᠭᠤᠯᠵᠤ᠂ ᠡᠷᠬᠢᠨ ᠲᠣᠭᠤᠷᠢᠨ ᠤ ᠭᠠᠵᠠᠷ ᠣᠷᠣᠨ ᠯᠤᠭ᠎ᠠ ᠶᠢᠨ ᠵᠣᠬᠢᠴᠠᠭᠤᠯᠭ᠎ᠠ ᠬᠠᠮᠲᠤᠷᠠᠯᠴᠠᠭ᠎ᠠ ᠪᠠᠨ ᠴᠢᠩᠭᠠᠳᠬᠠᠵᠤ᠂ ᠡᠯ᠎ᠡ ᠬᠦᠷᠢᠶᠡᠨ ᠤ ᠰᠣᠯᠢᠯᠴᠠᠭ᠎ᠠ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠪᠦᠬᠦ ᠣᠷᠣᠨ ᠤ ᠤᠮᠠᠷᠠᠰᠢ ᠨᠡᠬᠡᠬᠡᠯᠳᠡ ᠬᠢᠬᠦ ᠪᠠᠬᠢᠯᠡᠯᠲᠡ ᠶᠢ ᠪᠠᠶᠢᠭᠤᠯᠬᠤ ᠳᠤ ᠦᠬᠠᠢ ᠶᠢᠨ ᠬᠤᠪᠢ ᠨᠡᠮᠡᠷᠢ ᠪᠠᠨ ᠦᠵᠡᠭᠦᠯᠬᠦ ᠬᠡᠷᠡᠭᠲᠡᠢ᠃ ᠰᠢ ᠶᠢᠨ ᠫᠢᠩ ᠶᠡᠷᠦᠩᠬᠡᠢ ᠱᠦᠵᠢ ᠶᠢᠨ ᠳᠤᠮᠳᠠᠳᠤ ᠤᠯᠤᠰ ᠤᠨ ᠠᠷᠠᠳ ᠤᠨ ᠶᠡᠭᠡ ᠰᠤᠷᠭᠠᠭᠤᠯᠢ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠣᠶᠢᠯᠠᠭᠠᠵᠤ᠂ ᠰᠤᠷᠭᠠᠨ ᠬᠥᠮᠦᠵᠢᠯ ᠤᠨ ᠬᠠᠩᠭᠠᠯᠭ᠎ᠠ ᠶᠢᠨ ᠲᠠᠯ᠎ᠠ ᠪᠣᠯᠤᠨ ᠠᠵᠤ ᠦᠢᠯᠡᠰ ᠤᠨ ᠬᠡᠷᠡᠭᠴᠡᠭᠡ ᠱᠠᠭᠠᠷᠳᠠᠯᠭ᠎ᠠ ᠶᠢᠨ ᠲᠠᠯ᠎ᠠ ᠶᠢᠨ ᠤᠨᠢᠨ ᠳᠡᠭᠡᠷ᠎ᠡ ᠨᠢ ᠵᠣᠯᠭᠠᠭᠤᠯᠬᠤ ᠶᠢ ᠶᠡᠬᠡᠪᠡᠷ ᠠᠬᠢᠭᠤᠯᠵᠤ᠂ ᠮᠠᠨ ᠤ ᠬᠤᠳᠠ ᠶᠢᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠦᠷᠦ ᠶᠢᠨ ᠪᠤᠳᠤᠯᠭ᠎ᠠ ᠰᠠᠨᠠᠯ ᠢ ᠲᠦᠷᠭᠡᠨ ᠲᠣᠭᠲᠠᠭᠠᠵᠤ᠂ ᠪᠦᠬᠦ ᠬᠤᠳᠠ ᠶᠢᠨ ᠰᠤᠷᠭᠠᠨ ᠬᠥᠮᠦᠵᠢᠯ ᠤᠨ ᠦᠢᠯᠡᠰ ᠤᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠬᠡᠷᠡᠭᠲᠡᠢ᠃ ᠰᠢ ᠶᠢᠨ ᠫᠢᠩ ᠶᠡᠷᠦᠩᠬᠡᠢ ᠱᠦᠵᠢ ᠶᠢᠨ ᠠᠩᠬᠠᠳᠤᠭᠠᠷ ᠬᠤᠭᠤᠴᠠᠭᠠᠨ ᠤ ᠪᠦᠬᠦ ᠠᠷᠠᠳ ᠤᠨ ᠤᠩᠰᠢᠯᠭ᠎ᠠ ᠶᠢᠨ ᠶᠡᠭᠡ ᠬᠤᠷᠠᠯ ᠳᠤ ᠢᠯᠡᠭᠡᠭᠰᠡᠨ ᠪᠠᠶᠠᠷ ᠤᠨ ᠵᠠᠬᠢᠳᠠᠯ ᠤᠨ ᠵᠣᠷᠢᠭ ᠰᠠᠨᠠᠭ᠎ᠠ ᠶᠢ ᠭᠦᠨᠵᠡᠭᠡᠢ ᠣᠶᠢᠯᠠᠭᠠᠵᠤ᠂ ᠨᠢᠭᠡ ᠮᠦᠴᠡᠲᠤ ᠨᠡᠶᠢᠭᠡᠮ ᠲᠣᠭᠤᠷᠢᠭ ᠤᠨ ᠠᠮᠢᠳᠤᠷᠠᠯ ᠤᠨ ᠬᠦᠷᠢᠶᠡᠨ ᠤ ᠪᠠᠶᠢᠭᠤᠯᠤᠯᠲᠠ ᠲᠠᠢ ᠤᠶᠠᠯᠳᠤᠭᠤᠯᠵᠤ᠂ ᠪᠦᠬᠦ ᠠᠷᠠᠳ ᠢᠶᠠᠷ ᠢᠶᠠᠨ ᠨᠣᠮ ᠤᠩᠰᠢᠬᠤ᠂ ᠨᠣᠮ ᠤᠨ ᠦᠨᠦᠷ ᠬᠠᠩᠬᠤᠯᠤᠭᠰᠠᠨ ᠦᠬᠠᠢ ᠶᠢᠨ ᠪᠠᠶᠢᠭᠤᠯᠤᠯᠲᠠ ᠶᠢ ᠶᠡᠬᠡᠪᠡᠷ ᠠᠬᠢᠭᠤᠯᠵᠤ᠂ ᠪᠦᠬᠦ ᠠᠷᠠᠳ ᠢᠶᠠᠷ ᠢᠶᠠᠨ ᠨᠣᠮ ᠤᠩᠰᠢᠬᠤ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ ᠭᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠡᠨᠡ ᠣᠳᠠᠭᠠᠨ ᠤ ᠲᠥᠪ ᠤᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠯᠲᠠ ᠨᠢ ᠮᠠᠨ ᠤ ᠤᠢᠢᠷ᠎ᠠ ᠶᠢᠨ ᠵᠢᠯ ᠤᠨ ᠲᠤᠷᠰᠢᠬᠢ ᠠᠮᠢ ᠠᠬᠤᠢ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠭᠰᠠᠨ ᠠᠵᠢᠯ ᠳᠤ ᠨᠢᠭᠡ ᠣᠳᠠᠭᠠᠨ ᠤ ᠪᠦᠬᠦ ᠲᠠᠯ᠎ᠠ ᠶᠢᠨ ᠭᠦᠨ ᠭᠦᠨᠵᠡᠭᠡᠢ ᠰᠤᠳᠠᠯ ᠢ ᠠᠳᠬᠤᠨ ᠣᠨᠣᠰᠢᠯᠠᠯᠲᠠ ᠬᠢᠵᠡᠢ᠂ ᠡᠨᠡ ᠪᠣᠯ ᠮᠠᠨ ᠤ ᠤᠯᠤᠰ ᠲᠦᠷᠦ ᠶᠢᠨ ᠲᠠᠯ᠎ᠠ ᠪᠠᠷ ᠬᠢ ᠨᠢᠭᠡ ᠣᠳᠠᠭᠠᠨ ᠤ ᠪᠦᠬᠦ ᠲᠠᠯ᠎ᠠ ᠶᠢᠨ ᠪᠣᠳᠣᠯᠬᠢᠯᠠᠯ ᠪᠣᠯᠤᠨ᠎ᠠ᠃ ᠡᠯ᠎ᠡ ᠱᠠᠳᠣ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠦᠵᠡᠯ ᠰᠠᠨᠠᠭᠠᠨ ᠤ ᠲᠠᠯ᠎ᠠ ᠪᠠᠷ ᠬᠥᠪᠴᠢ ᠪᠠᠨ ᠴᠢᠩᠭᠠᠯᠠᠵᠤ᠂ ︽ᠪᠣᠭᠤᠮᠲᠠ ᠳᠠᠪᠠᠵᠤ ᠳᠡᠶᠢᠯᠬᠦ ᠦᠭᠡᠢ ᠮᠡᠲᠤ ᠰᠡᠷᠭᠡᠭ ᠪᠠᠶᠢᠬᠤ︾ ᠶᠢ ᠢᠮᠠᠭᠲᠠ ᠪᠠᠷᠢᠮᠲᠠᠯᠠᠵᠤ᠂ ᠤᠯᠤᠰ ᠲᠦᠷᠦ ᠶᠢᠨ ᠲᠠᠯ᠎ᠠ ᠠᠴᠠ ᠦᠵᠡᠬᠦ᠂ ᠤᠯᠤᠰ ᠲᠦᠷᠦ ᠶᠢᠨ ᠲᠠᠯ᠎ᠠ ᠠᠴᠠ ᠰᠢᠢᠳᠪᠦᠷᠢᠯᠡᠬᠦ᠂ ᠤᠯᠤᠰ ᠲᠦᠷᠦ ᠶᠢᠨ ᠲᠠᠯ᠎ᠠ ᠠᠴᠠ ᠪᠠᠶᠢᠴᠠᠭᠠᠬᠤ᠂ ᠤᠯᠤᠰ ᠲᠦᠷᠦ ᠶᠢᠨ ᠲᠠᠯ᠎ᠠ ᠠᠴᠠ ᠥᠭᠡᠷᠡᠴᠢᠯᠡᠬᠦ ᠶᠢ ᠪᠠᠷᠢᠮᠲᠠᠯᠠᠵᠤ᠂ ᠦᠨᠡᠨ ᠢ ᠪᠠᠷᠢᠮᠲᠠᠯᠠᠨ ᠬᠠᠲᠠᠭᠤ ᠲᠠᠢ ᠬᠠᠯᠳᠠᠬᠤ ᠂ ᠴᠢᠩᠭ᠎ᠠ ᠠᠳᠬᠤᠨ ᠲᠦᠷᠭᠡᠨ ᠰᠢᠢᠳᠪᠦᠷᠢᠯᠡᠬᠦ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ ᠬᠠᠮᠠᠭᠠᠯᠠᠬᠤ︾ ᠶᠢ ᠦᠢᠯᠡᠳᠦᠯᠭᠡᠵᠢᠭᠦᠯᠵᠦ᠂ ᠨᠠᠮ ᠤᠨ ᠲᠥᠪ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠱᠠᠭᠠᠷᠳᠠᠯᠭ᠎ᠠ ᠵᠢᠴᠢ ᠥᠷᠭᠡᠨ ᠤᠯᠠᠨ ᠠᠷᠠᠳ ᠲᠦᠮᠡᠨ ᠤ ᠬᠦᠰᠡᠯ ᠡᠷᠡᠮᠡᠯᠵᠡᠯ ᠳᠤ ᠬᠠᠷᠢᠭᠤᠯᠲᠠ ᠥᠭᠬᠦ ᠬᠡᠷᠡᠭᠲᠡᠢ᠃ ᠪᠡᠶᠡᠴᠢ ᠲᠠᠯ᠎ᠠ ᠠᠴᠠ ᠠᠰᠠᠭᠤᠳᠠᠯ᠂ ᠵᠦᠷᠢᠶ᠎ᠡ᠂ ᠬᠦᠷᠦᠯᠴᠡᠬᠦ ᠦᠭᠡᠢ ᠲᠠᠯ᠎ᠠ ᠪᠠᠨ ᠡᠷᠢᠵᠦ᠂ ᠰᠢᠮᠳᠠᠭᠤᠯᠤᠨ ᠪᠠᠶᠢᠴᠠᠭᠠᠵᠤ ᠬᠠᠷᠢᠭᠤ ᠲᠤᠰᠬᠠᠬᠰᠠᠨ ᠠᠰᠠᠭᠤᠳᠠᠯ ᠲᠠᠢ ᠤᠶᠠᠯᠳᠤᠭᠤᠯᠤᠨ ᠨᠢᠭᠤᠭᠳᠠᠮᠠᠯ ᠠᠰᠠᠭᠤᠳᠠᠯ ᠢ ᠠᠭᠤᠳᠠᠯᠵᠤ᠂ ᠪᠤᠰᠤᠳ ᠤᠨ ᠠᠰᠠᠭᠤᠳᠠᠯ ᠲᠠᠢ ᠬᠠᠷᠢᠴᠠᠭᠤᠯᠤᠨ ᠥᠪᠡᠷ ᠤᠨ ᠠᠰᠠᠭᠤᠳᠠᠯ ᠢᠶᠠᠨ ᠣᠨᠣᠪᠴᠢᠲᠠᠢ ᠡᠷᠢᠵᠦ᠂ ᠪᠦᠬᠦ ᠲᠠᠯ᠎ᠠ ᠶᠢᠨ ᠠᠰᠠᠭᠤᠳᠠᠯ ᠢ ᠡᠷᠢᠬᠦ ᠪᠠᠷ ᠪᠠᠷᠠᠬᠤ ᠦᠭᠡᠢ ᠪᠠᠰᠠ ᠦᠨᠳᠦᠰᠦᠨ ᠠᠴᠠ ᠨᠢ ᠠᠰᠠᠭᠤᠳᠠᠯ ᠢ ᠡᠷᠢᠵᠦ᠂ ᠬᠢᠲᠤᠭ᠎ᠠ ᠶᠢᠨ ᠢᠷ ᠢᠶᠠᠨ ᠳᠣᠲᠣᠭᠰᠢ ᠪᠠᠨ ᠬᠠᠨᠳᠤᠭᠤᠯᠬᠤ ᠣᠪᠣᠷ ᠪᠠ ᠡᠷᠡᠰ ᠵᠣᠷᠢᠭ ᠢᠶᠠᠷ ᠪᠦᠬᠦ ᠬᠤᠳᠠ ᠶᠢᠨ ᠠᠮᠢ ᠠᠬᠤᠢ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠳᠤᠮᠳᠠᠬᠢ ᠠᠰᠠᠭᠤᠳᠠᠯ ᠢ ᠪᠦᠬᠦ ᠲᠠᠯ᠎ᠠ ᠪᠠᠷ ᠨᠠᠷᠢᠨ ᠲᠣᠳᠣᠷᠬᠠᠢ ᠣᠶᠢᠯᠠᠭᠠᠬᠤ ᠬᠡᠷᠡᠭᠲᠡᠢ᠃ ᠴᠡᠭᠴᠡᠯᠡᠨ ᠰᠠᠶᠢᠵᠢᠷᠠᠭᠤᠯᠬᠤ ᠲᠠᠯ᠎ᠠ ᠠᠴᠠ ᠦᠨᠡᠨ ᠪᠠᠶᠢᠳᠠᠯ ᠢ ᠣᠯᠵᠤ ᠬᠠᠷᠠᠵᠤ᠂ ᠠᠭᠤᠷᠬᠠᠢ ᠶᠢᠨ ᠵᠠᠰᠠᠯᠲᠠ᠂ ᠤᠰᠤᠨ ᠤ ᠡᠬᠢ ᠪᠠᠶᠠᠯᠢᠭ ᠤᠨ ᠠᠰᠢᠭᠯᠠᠯᠲᠠ ᠵᠡᠷᠭᠡ ᠲᠠᠯ᠎ᠠ ᠪᠠᠷ ᠣᠷᠣᠰᠢᠵᠤ ᠪᠠᠶᠢᠭ᠎ᠠ ᠠᠰᠠᠭᠤᠳᠠᠯ ᠳᠤ ᠴᠢᠭᠯᠡᠭᠦᠯᠦᠨ ᠴᠡᠭᠴᠡᠯᠡᠨ ᠰᠠᠶᠢᠵᠢᠷᠠᠭᠤᠯᠬᠤ ᠲᠥᠰᠦᠯ ᠢᠶᠠᠨ ᠥᠨᠳᠥᠷ ᠪᠠᠷᠢᠮᠵᠢᠶ᠎ᠠ ᠪᠠᠷ ᠲᠣᠭᠲᠠᠭᠠᠵᠤ᠂ ᠴᠡᠭᠴᠡᠯᠡᠨ ᠰᠠᠶᠢᠵᠢᠷᠠᠭᠤᠯᠬᠤ ᠶᠢ ᠡᠷᠡᠰ ᠬᠦᠴᠦᠲᠡᠢ ᠠᠬᠢᠭᠤᠯᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠪᠠᠷ ᠠᠵᠠ ᠲᠣᠬᠢᠶᠠᠯ ᠪᠣᠯᠭᠠᠨ ︽ᠳᠤᠯᠤᠭ᠎ᠠ ᠶᠢ ᠵᠠᠰᠠᠬᠤ︾ ᠠᠵᠢᠯ ᠢ ᠭᠦᠨᠵᠡᠭᠡᠶᠢᠷᠡᠭᠦᠯᠵᠦ᠂ ᠠᠮᠢ ᠠᠬᠤᠢ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠪᠦᠬᠦᠯᠢ ᠴᠣᠭᠴᠠ ᠶᠢᠨ ᠦᠷ᠎ᠡ ᠪᠦᠲᠦᠮᠵᠢ ᠪᠠᠨ ᠳᠠᠰᠤᠷᠠᠯᠳᠠ ᠦᠬᠡᠢ ᠳᠡᠭᠡᠭᠰᠢᠯᠡᠭᠦᠯᠬᠦ ᠬᠡᠷᠡᠭᠲᠡᠢ᠃ ᠲᠣᠭᠲᠠᠴᠠ ᠶᠢᠨ ᠲᠠᠯ᠎ᠠ ᠠᠴᠠ ᠳᠤᠲᠠᠭᠳᠠᠯ  ᠢᠶᠠᠨ ᠨᠥᠬᠦᠪᠥᠷᠢᠯᠡᠵᠦ᠂ ᠥᠨᠳᠥᠷ ᠪᠦᠲᠦᠮᠵᠢᠲᠡᠢ ᠲᠦᠷᠭᠡᠨ ᠢᠶᠠᠷ ᠠᠰᠠᠭᠤᠳᠠᠯ ᠢ ᠲᠤᠰᠬᠠᠨ ᠰᠢᠢᠳᠪᠦᠷᠢᠯᠡᠬᠦ ᠲᠣᠭᠲᠠᠴᠠ᠂ ᠰᠢᠨᠵᠢᠯᠡᠬᠦ ᠤᠬᠠᠭᠠᠨᠴᠢ ᠰᠢᠰᠲ᠋ᠧᠮ ᠲᠠᠢ ᠪᠠᠷ ︽ᠳᠤᠯᠤᠭ᠎ᠠ ᠶᠢ ᠵᠠᠰᠠᠬᠤ︾ ᠠᠵᠢᠯ ᠢ ᠠᠬᠢᠭᠤᠯᠬᠤ ᠲᠣᠭᠲᠠᠴᠠ᠂ ᠵᠣᠬᠢᠴᠠᠩᠭᠤᠢ ᠰᠢᠯᠤᠭᠤᠬᠠᠨ ᠢᠶᠠᠷ ᠬᠠᠷᠢᠯᠴᠠᠨ ᠬᠠᠮᠵᠢᠯᠴᠠᠬᠤ ᠲᠣᠭᠲᠠᠴᠠ ᠶᠢ ᠲᠦᠷᠭᠡᠨ ᠪᠠᠶᠢᠭᠤᠯᠤᠨ ᠲᠡᠭᠦᠯᠳᠡᠷᠵᠢᠭᠦᠯᠵᠦ᠂ ᠳᠤᠲᠠᠭᠳᠠᠯ ᠢ ᠦᠨᠡᠨᠬᠦ ᠬᠤᠷᠢᠭᠯᠠᠵᠤ᠂ ᠦᠷ᠎ᠡ ᠪᠦᠲᠦᠮᠵᠢ ᠪᠠᠨ ᠳᠡᠭᠡᠭᠰᠢᠯᠡᠭᠦᠯᠬᠦ ᠬᠡᠷᠡᠭᠲᠡᠢ᠃ ᠨᠠᠶᠢᠳᠠᠪᠤᠷᠢᠵᠢᠭᠤᠯᠬᠤ ᠲᠠᠯ᠎ᠠ ᠠᠴᠠ ᠬᠠᠷᠢᠭᠤᠴᠠᠯᠭ᠎ᠠ ᠪᠠᠨ ᠲᠣᠳᠣᠷᠬᠠᠶᠢᠯᠠᠵᠤ᠂ ᠬᠠᠷᠢᠭᠤᠴᠠᠯᠭ᠎ᠠ ᠶᠢᠨ ᠳᠠᠷᠤᠯᠲᠠ ᠪᠠᠨ ᠤᠯᠠᠮ ᠴᠢᠨᠠᠭᠰᠢᠳᠠ ᠳᠠᠮᠵᠢᠭᠤᠯᠵᠤ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠪᠠᠨ ᠴᠢᠩᠭᠠᠳᠬᠠᠵᠤ᠂ ᠬᠢᠨᠠᠯᠲᠠ ᠲᠠᠯᠪᠢᠵᠤ ᠬᠠᠷᠢᠭᠤᠴᠠᠯᠭ᠎ᠠ ᠨᠡᠬᠡᠮᠵᠢᠯᠡᠬᠦ ᠪᠠᠨ ᠴᠢᠩᠭᠠᠳᠬᠠᠵᠤ᠂ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ ᠭᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠪᠠᠶᠠᠷ ᠳᠤᠷᠠᠰᠬᠠᠯ ᠤᠨ ᠠᠮᠠᠷᠠᠯᠲᠠ ᠶᠢᠨ ᠬᠤᠭᠤᠴᠠᠭᠠᠨ ᠳᠤ᠂ ︽ᠴᠠᠭ ᠢᠮᠠᠭᠲᠠ ᠰᠠᠨᠠᠭ᠎ᠠ ᠠᠮᠤᠷ ᠪᠠᠶᠢᠬᠤ ᠪᠤᠯᠬᠤ ᠦᠭᠡᠶ︾ ᠪᠠᠶᠢᠬᠤ ᠬᠠᠷᠢᠭᠤᠴᠠᠯᠭᠠᠲᠤ ᠰᠡᠳᠬᠢᠯᠭᠡ ᠪᠠᠷ ᠬᠥᠭᠵᠢᠭᠦᠯᠬᠦ ᠪᠠ ᠠᠮᠤᠷ ᠲᠦᠪᠰᠢᠨ ᠤ ᠡᠯ᠎ᠡ ᠵᠦᠢᠯ ᠤᠨ ᠠᠵᠢᠯ ᠢᠶᠠᠨ ᠨᠢᠭᠡᠳᠦᠯᠲᠡᠶ ᠲᠥᠯᠥᠪᠯᠡᠨ ᠰᠠᠶᠢᠲᠤᠷ ᠠᠳᠬᠤᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠤᠨ᠂ ᠴᠢᠬᠤᠯᠠ ᠪᠤᠰᠤ ᠵᠦᠢᠯ ᠢ ᠰᠢᠯᠵᠢᠭᠦᠯᠬᠦ ᠦᠭᠡᠶ᠂ ᠴᠥᠭᠡᠨ ᠴᠤᠭᠯᠠᠷᠠᠭᠤᠯᠬᠤ ᠶᠢ ᠢᠳᠡᠪᠬᠢᠲᠡᠶ ᠪᠠᠷ ᠰᠠᠨᠠᠭᠠᠴᠢᠯᠠᠵᠤ᠂ ᠪᠦᠬᠦ ᠬᠤᠲᠠ ᠶᠢᠨ ᠥᠷᠭᠡᠨ ᠣᠯᠠᠨ ᠲᠦᠮᠡᠨ ᠤ ᠠᠮᠤᠷ ᠲᠠᠶᠢᠪᠤᠩ ᠥᠯᠵᠡᠶ ᠪᠡᠯᠭᠡ ᠲᠠᠢ ᠪᠠᠶᠠᠷ ᠤᠨ ᠡᠳᠦᠷ ᠢ ᠥᠩᠭᠡᠷᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ ᠭᠡᠵᠡᠢ᠃      ᠬᠤᠷᠠᠯ ᠠᠴᠠ ︽ᠦᠬᠠᠢ ᠬᠤᠳᠠ ᠶᠢᠨ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠵᠢᠱᠢᠶ᠎ᠡ ᠦᠵᠡᠭᠦᠯᠬᠦ ᠬᠤᠳᠠ ᠶᠢ ᠡᠭᠦᠳᠦᠨ ᠪᠠᠶᠢᠭᠤᠯᠬᠤ ᠠᠵᠢᠯ ᠤᠨ ᠬᠡᠷᠡᠭᠵᠢᠭᠦᠯᠬᠦ ᠲᠥᠰᠦᠯ︾ ᠢ ᠬᠢᠨᠠᠨ ᠵᠥᠪᠯᠡᠵᠦ ᠪᠠᠲᠤᠯᠠᠪᠠ᠃  
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号