ᠤᠳᠠ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠶᠠᠨ ᠸᠧᠨ ᠯᠦᠩ ᠲᠤᠭᠤᠷᠢᠭ ᠤᠨ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ᠂ ᠠᠶᠤᠯᠭᠦᠢ ᠦᠢᠯᠡᠳᠪᠦᠷᠢᠯᠡᠯ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠣᠷᠴᠢᠨ ᠠᠬᠤᠢ ᠶᠢᠨ ᠬᠠᠮᠠᠭᠠᠯᠠᠯᠲᠠ ᠶᠢᠨ ᠠᠵᠢᠯ ᠤᠨ ᠲᠤᠬᠠᠢ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2022/5/6
     5 ᠰᠠᠷ᠎ᠠ ᠶᠢᠨ 5 ᠤ ᠡᠳᠦᠷ᠂ ᠤᠳᠠ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠶᠠᠨ ᠸᠧᠨ ᠯᠦᠩ ᠵᠥᠩ ᠷᠦᠢ ᠡᠮ ᠤᠨ ᠦᠢᠯᠡᠰ᠂ ᠶᠢᠩ ᠯᠠᠢ ᠰᠢᠨ᠎ᠡ ᠮᠠᠲ᠋ᠧᠷᠢᠶᠠᠯ᠂ ᠢ ᠽᠧ ᠡᠮ ᠦᠶᠯᠡᠳᠬᠦ᠂ ᠵᠢᠶᠠᠩ ᠵᠧᠩ ᠬᠢᠮᠢ ᠶᠢᠨ ᠠᠵᠤ ᠦᠢᠯᠡᠳᠪᠦᠷᠢ᠂ ᠶᠠᠩ ᠭᠤᠸᠠᠩ ᠨᠡᠭᠦᠷᠡᠰᠦᠳᠦ᠋ᠷᠦᠭᠴᠢᠲᠦ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠵᠡᠷᠭᠡ ᠪᠠᠶᠢᠳᠠᠯ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠪᠡ᠃ ᠲᠣᠭᠤᠷᠢᠭ ᠤᠨ ᠤᠳᠤᠷᠢᠳᠤᠯᠭ᠎ᠠ ᠱᠢ ᠯᠢ ᠴᠢᠶᠠᠩ᠂ ᠦ᠋ ᠪᠢᠩ ᠶᠦᠨ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠵᠡᠢ᠃      ᠶᠠᠨ ᠸᠧᠨ ᠯᠦᠩ ᠴᠢᠬᠤᠯᠠᠴᠢᠯᠠᠭᠰᠠᠨ ᠨᠢ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠰᠢᠵᠢᠷ ᠠᠯᠳᠠᠨ ᠬᠤᠭᠤᠴᠠᠭ᠎ᠠ ᠶᠢ ᠴᠢᠩᠭ᠎ᠠ ᠠᠳᠬᠤᠵᠤ᠂ ᠰᠢᠨᠵᠢᠯᠡᠬᠦ ᠤᠬᠠᠭᠠᠨᠴᠢ ᠪᠠᠷ ᠪᠠᠷᠢᠯᠭ᠎ᠠ ᠶᠢᠨ ᠠᠵᠢᠯ ᠢ ᠵᠣᠬᠢᠶᠠᠨ ᠪᠠᠶᠢᠭᠤᠯᠵᠤ᠂ ᠲᠣᠭᠲᠠᠭᠰᠠᠨ ᠴᠠᠭ ᠤᠨ ᠵᠠᠩᠭᠢᠯᠠᠭ᠎ᠠ ᠶᠢᠨ ᠴᠡᠭ ᠢᠶᠠᠷ ᠬᠤᠷᠳᠤᠴᠠ ᠶᠢ ᠳᠡᠭᠡᠭᠰᠢᠯᠡᠭᠦᠯᠵᠦ᠂ ᠡᠷᠴᠢᠮ ᠢ ᠴᠢᠩᠭᠠᠷᠠᠭᠤᠯᠵᠤ᠂ ᠠᠬᠢᠴᠠ ᠶᠢ ᠪᠠᠲᠤᠯᠠᠬᠤ ᠬᠡᠷᠡᠭᠲᠡᠢ᠂ ᠡᠯ᠎ᠡ ᠰᠠᠯᠠᠭ᠎ᠠ ᠮᠥᠴᠢᠷ ᠠᠵᠤ ᠠᠬᠤᠶᠢᠯᠠᠯ ᠢ ᠬᠠᠪᠰᠤᠷᠤᠨ ᠲᠦᠷᠦᠯ ᠵᠦᠢᠯ ᠢ ᠠᠬᠢᠭᠤᠯᠬᠤ ᠶᠠᠪᠤᠴᠠ ᠳᠤ ᠣᠷᠣᠰᠢᠵᠤ ᠪᠠᠶᠢᠭ᠎ᠠ ᠬᠦᠴᠢᠷᠳᠡᠯ ᠪᠣᠯᠣᠨ ᠠᠰᠠᠭᠤᠳᠠᠯ ᠢ ᠦᠨᠡᠨᠬᠦ ᠰᠢᠢᠳᠪᠦᠷᠢᠯᠡᠵᠦ᠂ ᠲᠦᠷᠦᠯ ᠵᠦᠢᠯ ᠢ ᠡᠷᠲᠡ ᠪᠦᠲᠦᠭᠡᠨ ᠪᠠᠶᠢᠭᠤᠯᠬᠤ᠂ ᠡᠷᠲᠡ ᠠᠰᠢᠭᠯᠠᠯᠲᠠ ᠳᠤ ᠣᠷᠣᠭᠤᠯᠬᠤ᠂ ᠡᠷᠲᠡ ᠦᠷ᠎ᠡ ᠪᠦᠲᠦᠮᠵᠢ ᠣᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠤᠳᠠ ᠲᠤᠭᠤᠷᠢᠭ ᠤᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠰᠢᠨ᠎ᠡ ᠬᠥᠳᠡᠯᠭᠡᠭᠦ ᠬᠦᠴᠦᠨ ᠨᠡᠮᠡᠷᠢᠯᠡᠵᠦ᠂ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃ ᠠᠶᠤᠯᠭᠦᠢ ᠦᠢᠯᠡᠳᠪᠦᠷᠢᠯᠡᠯ ᠤᠨ ᠡᠨᠡᠬᠦ ᠬᠥᠪᠴᠢ ᠶᠢ ᠴᠠᠭ ᠢᠮᠠᠭᠲᠠ ᠴᠢᠩᠭᠠᠷᠠᠭᠤᠯᠵᠤ᠂ ᠠᠶᠤᠯᠭᠦᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠮᠢᠨᠴᠦᠭᠦᠷᠡᠬᠦ ᠦᠵᠡᠯ ᠰᠠᠨᠠᠭ᠎ᠠ ᠶᠢ ᠲᠡᠪᠴᠢᠵᠦ᠂ ᠠᠮᠤᠷ ᠲᠦᠪᠰᠢᠨ ᠤ ᠠᠶᠤᠯ ᠲᠦᠭᠰᠢᠭᠦᠷᠢ ᠶᠢᠨ ᠭᠡᠮ ᠰᠣᠭᠤᠭ ᠢ ᠪᠠᠶᠢᠴᠠᠭᠠᠵᠤ ᠴᠡᠭᠴᠡᠯᠡᠨ ᠵᠠᠰᠠᠬᠤ ᠡᠷᠴᠢᠮ ᠢᠶᠠᠨ ᠴᠢᠩᠭᠠᠷᠠᠭᠤᠯᠵᠤ᠂ ᠬᠦᠨᠳᠦ ᠶᠡᠭᠡ ᠣᠨᠴᠠ ᠶᠡᠭᠡ ᠠᠳᠡᠯ ᠭᠠᠷᠬᠤ ᠶᠢ ᠡᠷᠡᠰ ᠬᠤᠷᠢᠭᠯᠠᠵᠤ᠂ ᠪᠦᠬᠦ ᠲᠤᠭᠤᠷᠢᠭ ᠤᠨ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠤᠨ ᠦᠷᠭᠦᠯᠵᠢᠯᠡᠨ ᠲᠣᠭᠲᠠᠭᠤᠨ ᠪᠠᠶᠢᠬᠤ ᠶᠢ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ ᠪᠠᠶᠢᠩᠭᠤᠵᠢᠭᠰᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠷᠢᠨ ᠨᠠᠶᠢᠳᠠᠪᠤᠷᠢᠵᠢᠭᠤᠯᠵᠤ᠂ ︽ᠬᠥᠮᠥᠨ᠂ ᠪᠣᠳᠠᠰ᠂ ᠣᠷᠴᠢᠨ ᠲᠣᠭᠤᠷᠢᠨ︾ ᠢ ᠵᠡᠷᠭᠡᠪᠡᠷ ᠰᠡᠷᠭᠡᠶᠢᠯᠡᠬᠦ ᠶᠢ ᠪᠡᠶᠡᠯᠡᠭᠦᠯᠵᠦ᠂ ᠣᠷᠣᠵᠤ ᠭᠠᠷᠬᠤ ᠬᠥᠮᠥᠰ ᠤᠨ ᠡᠷᠡᠭᠦᠯ ᠮᠡᠨᠳᠦ ᠶᠢᠨ ᠨᠣᠮᠧᠷ ᠢ ᠪᠠᠶᠢᠴᠠᠭᠠᠨ ᠰᠢᠯᠭᠠᠬᠤ ᠪᠠ ᠬᠠᠮᠢᠶᠠᠷᠬᠤ ᠶᠢ ᠴᠢᠩᠭᠠᠳᠬᠠᠵᠤ᠂ ᠠᠵᠤ ᠠᠬᠤᠶᠢᠯᠠᠯ ᠤᠨ ᠰᠡᠷᠭᠡᠶᠢᠯᠡᠨ ᠡᠵᠡᠮᠳᠡᠬᠦ ᠬᠠᠯᠬᠠᠪᠴᠢ ᠶᠢ ᠪᠠᠬᠢᠵᠢᠭᠦᠯᠵᠦ᠂ ᠬᠢᠵᠢᠭ ᠢ ᠰᠡᠷᠭᠡᠶᠢᠯᠡᠬᠦ ᠦᠢᠯᠡᠳᠪᠦᠷᠢᠯᠡᠯ ᠤᠨ ᠠᠯᠢᠨ ᠢ ᠴᠤ ᠰᠠᠭᠠᠲᠠᠭᠠᠬᠤ ᠦᠭᠡᠢ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠢ᠃ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠳᠤᠯ ᠦᠭᠡᠢ ᠬᠥᠭᠵᠢᠯᠲᠡ ᠶᠢ ᠦᠢᠯᠡᠳᠪᠦᠷᠢᠯᠡᠯ ᠡᠵᠡᠩᠨᠡᠯᠲᠡ ᠶᠢᠨ ᠡᠯ᠎ᠡ ᠲᠠᠯ᠎ᠠ ᠪᠠ ᠪᠦᠬᠦ ᠶᠠᠪᠤᠴᠠ ᠳᠤ ᠦᠨᠡᠨ ᠬᠦ ᠢᠯᠡᠷᠡᠭᠦᠯᠵᠦ᠂ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠤᠯᠠᠮ ᠨᠢᠭᠡ ᠠᠯᠬᠤᠮ ᠴᠢᠩᠭᠠᠳᠬᠠᠵᠤ᠂ ᠠᠵᠤ ᠦᠢᠯᠡᠰ ᠢ ᠳᠡᠭᠡᠳᠦ ᠳᠡᠰᠴᠢᠯᠠᠭᠰᠠᠨ᠂ ᠣᠶᠤᠨᠴᠢᠯᠠᠭᠰᠠᠨ᠂ ᠪᠣᠬᠢᠷᠳᠤᠯ ᠦᠭᠡᠢ ᠪᠣᠯᠭᠠᠨ ᠬᠥᠭᠵᠢᠭᠦᠯᠬᠦ ᠶᠢ ᠲᠦᠷᠭᠡᠪᠴᠢᠯᠡᠨ ᠠᠬᠢᠭᠤᠯᠵᠤ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠭᠰᠠᠨ᠂ ᠪᠣᠬᠢᠷᠳᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠤᠭᠰᠠᠨ᠂ ᠠᠷᠪᠢᠲᠠᠢ ᠪᠥᠭᠡᠳ ᠥᠨᠳᠥᠷ ᠪᠦᠲᠦᠮᠵᠢᠲᠡᠶ ᠣᠷᠣᠨ ᠪᠦᠰᠡ ᠶᠢᠨ ᠣᠨᠴᠠᠯᠢᠭᠲᠤ ᠳᠠᠪᠠᠭᠤᠯᠢᠭ ᠠᠵᠤ ᠦᠢᠯᠡᠰ ᠤᠨ ᠪᠥᠭᠡᠮᠨᠡᠷᠡᠯ ᠢ ᠪᠤᠢ ᠪᠣᠯᠭᠠᠬᠤ ᠬᠡᠷᠡᠭᠲᠡᠢ ᠭᠡᠵᠡᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号