ᠲᠠᠪᠤᠨ ᠵᠦᠢᠯ ᠤᠨ ᠢᠳᠡᠭᠡᠨ ᠢ ᠡᠳᠦᠷ ᠪᠣᠯᠭᠠᠨ ᠢᠳᠡᠵᠦ ᠪᠣᠯᠣᠨ᠎ᠠ
ᠨᠡᠶᠢᠲᠡᠯᠡᠭᠰᠡᠨ ᠴᠠᠭ᠄
2022/6/7
     ᠵᠦᠭᠡᠢ ᠶᠢᠨ ᠪᠠᠯ᠄ ᠦᠷᠯᠦᠭᠡ ᠪᠦᠷᠢ ᠨᠢᠭᠡ ᠬᠠᠯᠪᠠᠭ᠎ᠠ ᠪᠠᠯ ᠢ ᠢᠳᠡᠪᠡᠯ ᠲᠠᠪᠤᠨ ᠴᠣᠯᠣ ᠶᠢ ᠲᠠᠶᠢᠪᠣᠰᠢᠷᠠᠭᠤᠯᠵᠤ᠂ ᠡᠪᠡᠳᠬᠦ ᠶᠢ ᠵᠤᠭᠰᠤᠭᠠᠨ ᠬᠤᠤᠷ ᠢ ᠲᠠᠶᠢᠯᠵᠤ ᠴᠢᠳᠠᠨ᠎ᠠ᠃ ᠪᠠᠯ ᠢ ᠦᠷᠬᠦᠯᠵᠢ ᠢᠳᠡᠪᠡᠯ ᠴᠢᠰᠤᠯ ᠰᠣᠳᠠᠯ ᠬᠠᠲᠠᠭᠤᠷᠠᠬᠤ ᠶᠢ ᠰᠡᠷᠭᠡᠶᠢᠯᠡᠵᠦ ᠴᠢᠳᠠᠨ᠎ᠠ᠃ ᠤᠷᠲᠤ ᠬᠤᠭᠤᠴᠠᠭ᠎ᠠ ᠢᠳᠡᠪᠡᠯ ᠨᠠᠰᠤᠨ ᠬᠤᠳᠤᠭ ᠢ ᠤᠷᠳᠤᠳᠬᠠᠵᠤ ᠴᠢᠳᠠᠨ᠎ᠠ᠃                  ᠲᠦᠬᠦᠭᠡᠢ ᠭᠠ᠄ ᠡᠳᠦᠷ ᠪᠦᠷᠢ ᠦᠷᠯᠦᠭᠡ ᠶᠢᠨ ᠬᠤᠭᠤᠯᠠ ᠢᠳᠡᠬᠦ ᠳᠤ ᠪᠠᠨ ᠬᠡᠳᠦᠨ ᠬᠡᠷᠴᠢᠮᠡᠯ ᠲᠦᠬᠦᠬᠡᠢ ᠭᠠ ᠬᠤᠯᠢᠵᠤ ᠢᠳᠡᠪᠡᠯ ᠴᠢᠰᠤᠨ ᠤ ᠡᠷᠬᠢᠯᠲᠡ ᠶᠢ ᠰᠠᠶᠢᠵᠢᠷᠠᠭᠤᠯᠵᠤ᠂ ᠰᠢᠩᠭᠡᠭᠡᠬᠦ ᠳᠤ ᠲᠤᠰᠠ ᠪᠣᠯᠣᠨ᠎ᠠ᠃                ᠯᠤᠬᠠᠱᠧᠩ᠄ ᠯᠤᠬᠠᠱᠧᠩ ᠳᠤ ᠬᠦᠮᠦᠨ ᠤ ᠪᠡᠶ᠎ᠡ ᠳᠤ ᠬᠡᠷᠡᠭᠰᠡᠬᠦ ᠤᠯᠠᠨ ᠵᠦᠢᠯ ᠤᠨ ᠠᠮᠢᠨᠤ᠋ ᠬᠦᠴᠢᠯ ᠪᠠᠶᠢᠳᠠᠭ᠃ ᠯᠤᠬᠠᠱᠧᠩ ᠢ ᠦᠷᠬᠦᠯᠵᠢ ᠢᠳᠡᠪᠡᠯ ᠴᠡᠭᠡᠵᠢᠯᠡᠬᠦ ᠴᠢᠳᠠᠪᠤᠷᠢ ᠶᠢ ᠰᠠᠶᠢᠵᠢᠷᠠᠭᠤᠯᠵᠤ ᠴᠢᠰᠤᠨ ᠳᠠᠷᠤᠯᠲᠠ ᠶᠢ ᠪᠠᠭᠤᠷᠠᠭᠤᠯᠵᠤ᠂ ᠦᠲᠡᠯᠬᠦ ᠶᠢ ᠤᠳᠠᠭᠠᠰᠢᠷᠠᠭᠤᠯᠤᠨ᠎ᠠ ᠃                  ᠴᠢᠪᠠᠭ᠎ᠠ᠄ ᠤᠯᠠᠭᠠᠨ ᠴᠢᠪᠠᠭ᠎ᠠ ᠰᠢᠮ᠎ᠡ ᠲᠡᠵᠢᠭᠡᠯ ᠢᠶᠠᠷ ᠡᠯᠪᠡᠭ ᠪᠠᠶᠢᠳᠠᠭ᠃ ᠰᠢᠬᠢᠷ᠂ ᠸᠢᠲ᠋ᠠᠮᠢᠨ᠂ ᠡᠷᠦᠳᠡᠰᠦ ᠨᠡᠯᠢᠶᠡᠳ ᠠᠷᠪᠢᠨ ᠠᠭᠤᠯᠤᠭᠳᠠᠳᠠᠭ᠃ ᠡᠶᠢᠮᠦ ᠠᠴᠠ ︽ᠪᠠᠶᠢᠭᠠᠯᠢ ᠶᠢᠨ ᠸᠢᠲ᠋ᠠᠮᠢᠨ ᠦᠷᠡᠯ︾ ᠭᠡᠵᠦ ᠨᠡᠷᠡᠯᠡᠭᠳᠡᠭᠰᠡᠨ ᠪᠢᠯᠡ᠃                 ᠰᠠᠷᠢᠮᠰᠠᠭ᠄ ᠰᠠᠷᠢᠮᠰᠠᠭ ᠤᠨ ᠪᠠᠺᠲ᠋ᠧᠷᠢ ᠠᠯᠠᠬᠤ᠂ ᠦᠮᠡᠨ ᠢ ᠡᠰᠡᠷᠬᠦᠴᠡᠬᠦ ᠦᠢᠯᠡᠳᠦᠯ ᠨᠢ ᠲᠤᠩ ᠴᠢᠩᠭ᠎ᠠ ᠪᠠᠶᠢᠳᠠᠭ᠂ ᠲᠡᠬᠦᠨ ᠢ ᠬᠦᠮᠦᠰ ︽ᠭᠠᠵᠠᠷ ᠲᠤ ᠤᠷᠭᠤᠭᠰᠠᠨ ᠬᠦᠬᠡ ᠬᠦᠬᠡᠴᠦ︾ ︽ᠪᠠᠶᠢᠭᠠᠯᠢ ᠶᠢᠨ ᠮᠢᠺᠷᠤᠪ ᠡᠰᠡᠷᠭᠦᠴᠡᠬᠦ ᠡᠳ᠋︾ ᠭᠡᠳᠡᠭ᠃  
 
ᠢᠷᠡᠯᠲᠡ᠄ ᠬᠤᠯᠪᠤᠭ᠎ᠠ ᠪᠦᠷᠭᠡ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号