0 ᠠᠴᠠ 6 ᠨᠠᠰᠤᠨ ᠤ ᠬᠡᠦᠬᠡᠳ ᠤᠨ ᠨᠢᠳᠦᠨ ᠤ ᠡᠷᠡᠭᠦᠯ ᠮᠡᠨᠳᠦ ᠶᠢ ᠪᠠᠶᠢᠴᠠᠭᠠᠬᠤ ᠲᠤᠬᠠᠢ ᠰᠢᠨ᠎ᠡ ᠳᠣᠭᠲᠠᠭᠠᠯ
ᠨᠡᠶᠢᠲᠡᠯᠡᠭᠰᠡᠨ ᠴᠠᠭ᠄
2022/7/25
     ᠤᠯᠤᠰ ᠤᠨ ᠡᠷᠡᠭᠦᠯ  ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ︽0 - 6 ᠨᠠᠰᠤᠨ ᠤ ᠬᠡᠦᠬᠡᠳ ᠤᠨ ᠨᠢᠳᠦᠨ ᠤ ᠡᠷᠡᠭᠦᠯ ᠬᠠᠮᠠᠭᠠᠯᠠᠯ ᠵᠢᠴᠢ ᠬᠠᠷᠠᠭᠠᠨ ᠤ ᠪᠠᠶᠢᠴᠠᠭᠠᠯᠲᠠ ᠶᠢᠨ ᠦᠢᠯᠡᠴᠢᠯᠡᠭᠡᠨ ᠤ ᠵᠢᠷᠤᠮᠵᠢᠯ  ︵ᠲᠤᠷᠰᠢᠨ ᠬᠡᠷᠡᠭᠵᠢᠭᠦᠯᠬᠦ︶︾ ᠢ ᠳᠠᠷᠤᠮᠠᠯᠯᠠᠨ ᠲᠠᠷᠬᠠᠭᠠᠪᠠ᠂ ᠵᠢᠷᠤᠮᠵᠢᠯ ᠳᠤ᠂ ᠠᠳᠠᠯᠢ ᠪᠤᠰᠤ ᠨᠠᠰᠤᠨ ᠤ ᠬᠡᠪ ᠤᠨ ᠬᠡᠦᠬᠡᠳ ᠤᠨ ᠨᠢᠳᠦ ᠵᠢᠴᠢ ᠬᠠᠷᠠᠭᠠᠨ ᠤ ᠪᠤᠶᠢᠵᠢᠯᠲᠠ ᠶᠢᠨ ᠣᠨᠴᠠᠯᠢᠭ ᠢ ᠦᠨᠳᠦᠰᠦᠯᠡᠨ᠂ 0 - 6 ᠨᠠᠰᠤᠨ ᠤ ᠬᠡᠦᠬᠡᠳ ᠤᠨ ᠡᠷᠡᠭᠦᠯ ᠮᠡᠨᠳᠦ ᠶᠢᠨ ᠬᠠᠮᠢᠶᠠᠷᠤᠯᠲᠠ ᠶᠢᠨ ᠦᠢᠯᠡᠴᠢᠯᠡᠭᠡᠨ ᠤ ᠴᠠᠭ ᠪᠠ ᠤᠳᠠᠭ᠎ᠠ ᠲᠠᠢ ᠤᠶᠠᠯᠳᠤᠭᠤᠯᠵᠤ᠂ 0 ᠠᠴᠠ 6 ᠨᠠᠰᠤᠨ ᠤ ᠬᠡᠦᠬᠡᠳ ᠲᠤ 13 ᠤᠳᠠᠭ᠎ᠠ ᠨᠢᠳᠦᠨ ᠤ ᠡᠷᠡᠭᠦᠯ ᠬᠠᠮᠠᠭᠠᠯᠠᠯ ᠪᠠ ᠬᠠᠷᠠᠭᠠᠨ ᠤ ᠪᠠᠶᠢᠴᠠᠭᠠᠯᠳᠠ ᠶᠢᠨ ᠦᠢᠯᠡᠴᠢᠯᠡᠭᠡ ᠬᠠᠩᠭᠠᠨ᠎ᠠ᠂ ᠭᠤᠤᠯᠳᠠᠭᠤ ᠵᠣᠬᠢᠴᠠᠩᠭᠤᠶ ᠦᠢᠯᠡᠴᠢᠯᠡᠭᠡᠨ ᠤ ᠴᠢᠳᠠᠪᠤᠷᠢ ᠶᠢ ᠪᠦᠷᠢᠯᠳᠦᠭᠦᠯᠦᠭᠰᠡᠨ ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ᠂ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠵᠡᠷᠭᠡ ᠦᠨᠳᠦᠰᠦᠨ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠪᠤᠶᠤ ᠰᠢᠶᠠᠨ ᠤ ᠱᠠᠲᠤᠨ ᠤ ᠡᠬᠡ ᠨᠢᠯᠬᠠᠰ ᠤᠨ ᠡᠷᠡᠭᠦᠯ ᠮᠡᠨᠳᠦ ᠶᠢ ᠬᠠᠮᠠᠭᠠᠯᠠᠬᠤ ᠪᠠᠶᠢᠭᠤᠯᠤᠮᠵᠢ ᠵᠢᠴᠢ ᠨᠥᠬᠦᠴᠡᠯ ᠪᠦᠷᠢᠯᠳᠦᠭᠦᠯᠦᠭᠰᠡᠨ ᠪᠤᠰᠤᠳ ᠰᠢᠶᠠᠨ ᠤ ᠱᠠᠲᠤᠨ ᠤ ᠡᠮᠴᠢᠯᠡᠭᠡᠨ ᠤ ᠪᠠᠶᠢᠭᠤᠯᠤᠮᠵᠢ ᠬᠠᠩᠭᠠᠬᠤ ᠬᠡᠷᠡᠭᠲᠡᠶ ᠬᠡᠵᠦ ᠲᠤᠬᠳᠠᠭᠠᠵᠠᠢ᠂  ᠡᠭᠦᠨ ᠳᠤ ᠡᠷᠡᠭᠦᠯ ᠮᠡᠨᠳᠦ ᠶᠢᠨ ᠬᠥᠮᠦᠵᠢᠯ᠂ ᠨᠢᠳᠦᠨ ᠤ ᠡᠪᠡᠳᠴᠢᠨ ᠢ ᠰᠢᠭᠰᠢᠨ ᠪᠠᠶᠢᠴᠠᠭᠠᠬᠤ ᠵᠢᠴᠢ ᠬᠠᠷᠠᠭᠠᠨ ᠤ ᠦᠨᠡᠯᠡᠯᠲᠡ ᠬᠢᠬᠦ᠂ ᠡᠷᠡᠭᠦᠯ ᠮᠡᠨᠳᠦ ᠶᠢᠨ ᠵᠢᠯᠣᠭᠤᠳᠤᠯᠭ᠎ᠠ ᠬᠢᠬᠦ᠂ ᠰᠢᠯᠵᠢᠭᠦᠯᠦᠨ ᠡᠮᠨᠡᠬᠦ ᠦᠢᠯᠡᠴᠢᠯᠡᠭᠡ ᠬᠠᠩᠭᠠᠬᠤ ᠪᠠ ᠬᠡᠦᠬᠡᠳ ᠤᠨ ᠨᠢᠳᠦᠨ ᠤ ᠡᠷᠡᠭᠦᠯ ᠮᠡᠨᠳᠦ ᠶᠢᠨ ᠳᠠᠩᠰᠠ ᠡᠪᠬᠡᠮᠡᠯ ᠤᠨ ᠮᠡᠳᠡᠭᠡ ᠵᠠᠩᠭᠢ ᠶᠢ ᠳᠠᠩᠰᠠᠯᠠᠬᠤ ᠵᠡᠷᠭᠡ ᠠᠵᠢᠯ ᠪᠠᠭᠳᠠᠵᠤ ᠪᠤᠢ᠃    
 
ᠢᠷᠡᠯᠲᠡ᠄ ᠬᠤᠯᠪᠤᠭ᠎ᠠ ᠪᠦᠷᠭᠡ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号