ᠬᠤᠲᠠ ᠶᠢᠨ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠸᠢᠳᠢᠤ᠋ ᠲᠣᠬᠢᠷᠠᠭᠤᠯᠤᠯᠲᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/8/10
     8 ᠰᠠᠷ᠎ᠠ ᠶᠢᠨ 8 ᠤ ᠡᠳᠦᠷ ᠤᠨ ᠣᠷᠣᠶ᠂ ᠬᠤᠲᠠ ᠶᠢᠨ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠸᠢᠳᠢᠤ᠋ ᠲᠣᠬᠢᠷᠠᠭᠤᠯᠤᠯᠲᠠ ᠶᠢᠨ ᠬᠤᠷᠠᠯ ᠬᠤᠷᠠᠯᠳᠤᠵᠤ᠂ ᠡᠯ᠎ᠡ ᠲᠣᠭᠤᠷᠢᠭ᠂ ᠡᠯ᠎ᠡ ᠲᠤᠰᠬᠠᠶ ᠠᠵᠢᠯ ᠤᠨ ᠳᠤᠭᠤᠶᠢᠯᠠᠩ ᠤᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠢ ᠵᠠᠳᠠᠯᠤᠨ ᠰᠣᠳᠣᠯᠣᠨ ᠮᠠᠭᠠᠳᠯᠠᠵᠤ᠂ ᠲᠠᠷᠠᠭᠠᠴᠢ ᠶᠢᠨ ᠠᠯᠬᠤᠮ ᠤᠨ ᠭᠤᠤᠯᠳᠠᠯᠭ᠎ᠠ ᠲᠠᠢ ᠡᠭᠦᠷᠭᠡ ᠪᠠᠨ ᠲᠣᠬᠢᠷᠠᠭᠤᠯᠤᠨ ᠪᠠᠶᠢᠷᠢᠯᠠᠭᠤᠯᠪᠠ᠃ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠳᠠ ᠶᠢᠨ ᠳᠠᠷᠤᠭ᠎ᠠ ᠶᠠᠩ ᠶᠢᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ᠃ ᠬᠤᠳᠠ ᠶᠢᠨ ᠳᠡᠳ᠋ ᠳᠠᠷᠤᠭ᠎ᠠ ᠬᠤᠤ ᠰᠢ ᠬᠤᠩ ᠬᠤᠷᠠᠯ ᠢ ᠡᠷᠬᠢᠯᠡᠵᠦ᠂ ᠬᠤᠳᠠ ᠶᠢᠨ ᠳᠡᠳ᠋ ᠳᠠᠷᠤᠭ᠎ᠠ ᠮᠤᠤ ᠵᠧᠨ ᠬᠠᠢ᠂ ᠴᠢᠶᠣᠤ ᠢᠦᠢ ᠬᠤᠷᠠᠯ ᠳᠤ ᠣᠷᠣᠯᠴᠠᠪᠠ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠬᠢᠵᠢᠭ ᠤᠨ ᠪᠠᠶᠢᠳᠠᠯ ᠡᠭᠦᠰᠦᠭᠰᠡᠨ ᠠᠴᠠ ᠨᠠᠰᠢ᠂ ᠪᠦᠬᠦ ᠬᠤᠳᠠ ᠶᠢᠨ ᠳᠡᠭᠡᠳᠦ ᠲᠤᠤᠷᠠᠳᠤ ᠱᠠᠳᠤ ᠪᠠᠷ ᠢᠶᠠᠨ ᠰᠢ ᠶᠢᠨ ᠫᠢᠩ ᠶᠡᠷᠦᠩᠬᠡᠢ ᠱᠦᠵᠢ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠪᠦᠯᠬᠦᠮᠳᠡᠨ ᠨᠢᠭᠡᠳᠴᠦ᠂ ᠵᠠᠷᠯᠢᠭ ᠢ ᠰᠣᠨᠣᠰᠤᠮᠠᠭᠴᠠ ᠬᠥᠳᠡᠯᠦᠯᠴᠡᠵᠦ᠂ ᠡᠳᠦᠷ ᠰᠥᠨᠢ ᠶᠢ ᠠᠯᠳᠠᠯ ᠦᠭᠡᠢ ᠡᠷᠡᠯᠬᠡᠭᠯᠡᠨ ᠠᠵᠢᠯᠯᠠᠵᠤ᠂ ᠡᠯ᠎ᠡ ᠵᠦᠢᠯ ᠤᠨ ᠠᠵᠢᠯ ᠢᠶᠠᠨ ᠯᠠᠪᠳᠠᠭᠤᠨ ᠪᠠᠲᠤᠲᠠᠢ ᠪᠦᠲᠦᠮᠵᠢᠲᠡᠢ ᠥᠷᠨᠢᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠱᠠᠳᠤ ᠦᠶ᠎ᠡ ᠶᠢᠨ ᠴᠢᠨᠠᠷᠲᠠᠢ ᠦᠷ᠎ᠡ ᠪᠦᠲᠦᠮᠵᠢ ᠣᠯᠵᠠᠢ᠃ ᠪᠢᠳᠡ ᠰᠢ ᠶᠢᠨ ᠫᠢᠩ ᠶᠡᠷᠦᠩᠬᠡᠶ ᠱᠦᠵᠢ ᠶᠢᠨ ︽ᠬᠢᠵᠢᠭ ᠤᠨ ᠪᠠᠶᠢᠳᠠᠯ ᠢ ᠰᠡᠷᠭᠡᠶᠢᠯᠡᠬᠦ ᠬᠡᠷᠡᠭᠲᠡᠶ᠂ ᠠᠵᠤ ᠠᠬᠤᠶ ᠶᠢ ᠲᠣᠭᠲᠠᠭᠤᠨ ᠪᠠᠶᠢᠯᠭᠠᠬᠤ ᠬᠡᠷᠡᠭᠲᠡᠶ᠂ ᠬᠥᠭᠵᠢᠯᠲᠡ ᠶᠢ ᠠᠮᠤᠷ ᠲᠦᠪᠰᠢᠨ ᠪᠠᠶᠢᠯᠭᠠᠬᠤ ᠬᠡᠷᠡᠭᠲᠡᠶ︾ ᠭᠡᠰᠡᠨ ᠴᠢᠬᠤᠯᠠ ᠱᠠᠭᠠᠷᠳᠠᠯᠭ᠎ᠠ ᠶᠢ ᠡᠷᠡᠰ ᠲᠤᠤᠱᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶᠠᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ︽ᠭᠠᠳᠠᠨ᠎ᠠ ᠠᠴᠠ ᠬᠠᠯᠳᠠᠪᠤᠷᠢᠯᠠᠨ ᠣᠷᠣᠵᠣ ᠢᠷᠡᠬᠦ ᠶᠢ ᠰᠡᠷᠭᠡᠶᠢᠯᠡᠬᠦ᠂ ᠲᠤᠲᠤᠨ᠎ᠠ ᠪᠠᠨ ᠲᠠᠷᠬᠠᠨ ᠲᠡᠯᠭᠡᠷᠡᠬᠦ ᠶᠢ ᠰᠡᠷᠭᠡᠶᠢᠯᠡᠬᠦ︾ ᠶᠡᠷᠦᠩᠬᠡᠶ ᠠᠷᠭ᠎ᠠ ᠪᠤᠳᠤᠯᠭ᠎ᠠ ᠪᠠ ︽ᠬᠥᠳᠡᠯᠦᠩᠭᠦᠶ ᠪᠠᠷ ᠦᠭᠡᠢ ᠪᠣᠯᠭᠠᠬᠤ︾ ᠶᠡᠷᠦᠩᠬᠡᠶ ᠴᠢᠭᠯᠡᠯᠲᠡ ᠶᠢ ᠭᠤᠶᠢᠪᠢᠰᠢ ᠦᠭᠡᠢ ᠪᠠᠷᠢᠮᠲᠠᠯᠠᠵᠤ᠂ ᠲᠦᠷᠦ ᠶᠢᠨ ᠶᠠᠪᠤᠳᠠᠯ ᠤᠨ ᠬᠤᠷᠢᠶᠠᠨ ᠤ ︽ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠤᠨ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠲᠥᠰᠦᠯ ︵ᠶᠢᠰᠦᠳᠦᠭᠡᠷ ᠬᠡᠪᠯᠡᠯ︶︾ ᠤᠨ ᠱᠠᠭᠠᠷᠳᠠᠯᠭ᠎ᠠ ᠶᠣᠰᠣᠭᠠᠷ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠵᠢᠯ ᠢᠶᠠᠨ ᠡᠬᠢᠯᠡᠩᠭᠦᠳᠡ ᠪᠠᠨ ᠪᠤᠯᠭᠤᠮᠵᠢᠳᠠᠢ ᠰᠠᠶᠢᠲᠤᠷ ᠬᠢᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠷᠢᠭᠯᠠᠯᠳᠠ ᠶᠢᠨ ᠲᠠᠶᠢᠯᠠᠯᠳᠣᠭᠠᠨ᠂ ᠰᠥᠨᠥᠭᠡᠬᠦ ᠲᠠᠶᠢᠯᠠᠯᠳᠣᠭᠠᠨ ᠤ ᠢᠯᠠᠯᠲᠠ ᠶᠢ ᠡᠷᠡᠰ ᠲᠡᠮᠡᠴᠡᠨ ᠣᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠳᠤ ᠠᠮᠤᠷ ᠲᠦᠪᠰᠢᠨ ᠲᠣᠭᠲᠠᠭᠤᠨ ᠰᠠᠶᠢᠨ ᠰᠠᠶᠢᠬᠠᠨ ᠣᠷᠴᠢᠨ ᠲᠤᠭᠤᠷᠢᠨ ᠢ ᠪᠤᠢ ᠪᠣᠯᠭᠠᠵᠤ ᠥᠭᠬᠦ ᠬᠡᠷᠡᠭᠲᠡᠶ ᠭᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠥᠴᠦᠬᠡᠨ ᠴᠦ ᠭᠤᠶᠢᠪᠢᠰᠢ ᠦᠭᠡᠢ᠂ ᠰᠢᠨᠵᠢᠯᠡᠬᠦ ᠤᠬᠠᠭᠠᠨᠴᠢ ᠪᠠᠷ ᠤᠨᠢᠨ ᠳᠡᠭᠡᠷ᠎ᠡ ᠨᠢ ᠰᠠᠶᠢᠲᠤᠷ ᠬᠢᠵᠦ᠂ ᠦᠯᠢᠭᠡᠷ ᠠᠪᠬᠤ ᠴᠢᠭ ᠤᠨ ᠪᠠᠶᠢᠷᠢᠯᠠᠭᠤᠯᠤᠯᠲᠠ ᠪᠠᠨ ᠤᠯᠠᠮ ᠴᠢᠨᠠᠭᠰᠢᠳᠠ ᠰᠢᠯᠢᠳᠡᠭᠵᠢᠭᠦᠯᠵᠦ᠂ ᠦᠯᠢᠭᠡᠷ ᠠᠪᠬᠤ ᠬᠥᠮᠦᠰ᠂ ᠪᠡᠯᠡᠳᠭᠡᠮᠵᠢ ᠲᠥᠬᠦᠭᠡᠷᠦᠮᠵᠢ ᠪᠠᠨ ᠪᠦᠷᠢᠨ ᠭᠦᠢᠴᠡᠳ ᠳᠤᠬᠢᠷᠠᠭᠤᠯᠵᠤ᠂ ᠲᠤᠰᠠᠭᠠᠷᠯᠠᠬᠤ ᠴᠢᠭ ᠤᠨ ᠬᠠᠮᠢᠶᠠᠷᠤᠯᠲᠠ  ᠪᠠᠨ ᠴᠢᠩᠭᠠᠳᠬᠠᠵᠤ᠂ ᠬᠢᠯᠪᠠᠷ ᠪᠤᠰᠤ ᠪᠠᠷ ᠣᠯᠤᠭᠰᠠᠨ ᠰᠡᠷᠭᠡᠶᠢᠯᠡᠨ ᠡᠵᠡᠮᠳᠡᠬᠦ ᠦᠷ᠎ᠡ ᠪᠦᠲᠦᠭᠡᠯ ᠢᠶᠠᠨ ᠰᠠᠶᠢᠲᠤᠷ ᠪᠠᠬᠢᠵᠢᠭᠦᠯᠬᠦ ᠬᠡᠷᠡᠭᠲᠡᠢ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠲᠣᠰ ᠤᠳᠠᠭᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠪᠠ ᠬᠦᠷᠦᠯᠴᠡᠬᠦ ᠥᠬᠡᠶ ᠲᠠᠯ᠎ᠠ ᠪᠠᠨ ᠰᠢᠰᠲ᠋ᠧᠮ ᠲᠠᠢ ᠡᠮᠬᠢᠯᠡᠨ ᠳᠢᠭᠯᠡᠵᠦ᠂ ᠪᠥᠬᠦ ᠲᠠᠯ᠎ᠠ ᠪᠠᠷ ᠲᠣᠭᠠᠯᠠᠨ ᠳ᠋ᠦᠩᠨᠡᠵᠦ᠂ ᠴᠠᠭ ᠲᠤᠬᠠᠶ ᠳᠤᠨᠢ ᠪᠠᠶᠢᠴᠠᠭᠠᠨ ᠲᠤᠳᠠᠭᠤᠳᠠᠯ ᠢᠶᠠᠨ ᠨᠥᠬᠦᠪᠥᠷᠢᠯᠡᠵᠦ᠂ ᠰᠡᠷᠭᠡᠶᠢᠯᠡᠨ ᠡᠵᠡᠮᠳᠡᠬᠦ ᠴᠢᠳᠠᠪᠤᠷᠢ ᠪᠠᠨ ᠦᠨᠡᠨ ᠬᠦ ᠳᠡᠭᠡᠭᠰᠢᠯᠡᠭᠦᠯᠬᠦ ᠬᠡᠷᠡᠭᠲᠡᠶ᠃ ︽ᠳᠥᠷᠪᠡᠨ ᠡᠷᠳᠡ︾ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ︽ᠳᠥᠷᠪᠡᠨ ᠲᠠᠯ᠎ᠠ ᠶᠢᠨ ᠬᠠᠷᠢᠭᠤᠴᠠᠯᠭ᠎ᠠ︾ ᠶᠢ ᠪᠣᠳᠠᠲᠠᠶᠢᠵᠢᠭᠤᠯᠤᠨ᠂ ᠬᠢᠵᠢᠭ ᠤᠨ ᠪᠠᠶᠢᠳᠠᠯ ᠢ ᠵᠠᠳᠠᠯᠤᠨ ᠰᠣᠳᠣᠯᠣᠨ ᠮᠠᠭᠠᠳᠯᠠᠵᠤ᠂ ᠰᠢᠭᠤᠳ ᠣᠶᠢᠷᠠᠳᠣᠭᠰᠠᠳ᠂ ᠲᠠᠮ ᠢᠶᠠᠷ ᠤᠶᠢᠷᠠᠳᠣᠭᠰᠠᠳ ᠢ ᠵᠢᠭᠰᠠᠭᠠᠨ ᠪᠠᠶᠢᠴᠠᠭᠠᠵᠤ ᠬᠠᠮᠢᠶᠠᠷᠤᠨ ᠡᠵᠡᠮᠳᠡᠬᠦ ᠪᠠᠨ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ᠂ ᠡᠳ᠋ ᠪᠣᠳᠠᠰ ᠤᠨ ᠪᠠᠲᠤᠯᠠᠭ᠎ᠠ ᠵᠡᠷᠭᠡ ᠭᠤᠤᠯᠳᠠᠯᠭ᠎ᠠ ᠲᠠᠢ ᠠᠵᠢᠯ ᠢᠶᠠᠨ ᠯᠠᠪᠳᠠᠭᠤᠨ ᠪᠠᠲᠤᠲᠠᠶ ᠰᠠᠶᠢᠲᠤᠷ ᠬᠢᠬᠦ ᠬᠡᠷᠡᠭᠲᠡᠶ᠃ ᠲᠡᠷᠢᠭᠦᠨ ᠤ ᠨᠡᠶᠢᠲᠡᠯᠢᠭ ᠵᠢᠱᠢᠶ᠎ᠡ ᠶᠢᠨ ᠦᠢᠯᠡ ᠠᠵᠢᠯᠯᠠᠭ᠎ᠠ ᠶᠢ ᠰᠣᠩᠭᠤᠨ ᠤᠬᠠᠭᠤᠯᠵᠤ᠂ ᠶᠠᠷᠢᠶ᠎ᠠ ᠬᠡᠯᠡᠯᠴᠡᠭᠡᠨ ᠤ ᠠᠶᠤᠯ ᠲᠦᠭᠰᠢᠭᠦᠷᠢ ᠶᠢ ᠬᠢᠨᠠᠨ ᠪᠠᠶᠢᠴᠠᠭᠠᠵᠤ ᠰᠢᠢᠳᠪᠦᠷᠢᠯᠡᠬᠦ ᠠᠵᠢᠯ ᠢᠶᠠᠨ ᠰᠠᠶᠢᠲᠤᠷ ᠬᠢᠵᠦ᠂ ᠬᠥᠮᠦᠰ ᠤᠨ ᠰᠡᠳᠬᠢᠯ ᠢ ᠤᠯᠠᠮ ᠨᠢᠭᠡ ᠠᠯᠬᠤᠮ ᠨᠢᠭᠲᠠᠷᠠᠭᠤᠯᠵᠤ᠂ ᠡᠷᠴᠢ ᠵᠣᠷᠢᠭ ᠢ ᠨᠢ ᠬᠥᠪᠴᠢᠯᠡᠵᠦ᠂ ᠮᠠᠨ ᠤ ᠬᠤᠳᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ ᠭᠡᠵᠡᠢ᠃      ᠬᠤᠷᠠᠯ ᠨᠢ ᠸᠢᠳᠢᠣ᠋ ᠬᠡᠯᠪᠡᠷᠢ ᠪᠠᠷ ᠬᠤᠷᠠᠯᠳᠤᠵᠤ᠂ ᠡᠯ᠎ᠡ ᠲᠣᠭᠤᠷᠢᠭ ᠲᠤ ᠬᠤᠪᠢᠶᠠᠷᠢ ᠬᠤᠷᠠᠯ ᠤᠨ ᠲᠠᠯᠠᠪᠠᠢ ᠲᠤᠬᠢᠷᠠᠭᠤᠯᠪᠠ᠃  
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号