ᠶᠠᠩ ᠶᠢᠨ ᠪᠢᠲᠡᠭᠦᠮᠵᠢᠯᠡᠨ ᠡᠵᠡᠮᠳᠡᠬᠦ ᠵᠢᠵᠢᠭ ᠲᠣᠭᠤᠷᠢᠭ᠂ ᠲᠥᠪᠯᠡᠷᠡᠭᠦᠯᠦᠨ ᠲᠤᠰᠠᠭᠠᠷᠯᠠᠬᠤ ᠴᠢᠭ ᠤᠨ ᠬᠠᠮᠢᠶᠠᠷᠤᠯᠲᠠ ᠶᠢᠨ ᠪᠠᠶᠢᠳᠠᠯ ᠢ ᠬᠢᠨᠠᠨ ᠵᠢᠯᠣᠭᠤᠳᠴᠤ ᠪᠠᠶᠢᠴᠠᠭᠠᠪᠡ
ᠨᠡᠶᠢᠲᠡᠯᠡᠭᠰᠡᠨ ᠴᠠᠭ᠄
2022/8/10
     8 ᠰᠠᠷ᠎ᠠ ᠶᠢᠨ 8 ᠤ ᠡᠳᠦᠷ ᠤᠨ ᠣᠷᠣᠶ᠂ ᠬᠤᠲᠠ ᠶᠢᠨ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠸᠢᠳᠢᠤ᠋ ᠲᠣᠬᠢᠷᠠᠭᠤᠯᠤᠯᠲᠠ ᠶᠢᠨ ᠬᠤᠷᠠᠯ ᠤᠨ ᠳᠠᠷᠠᠭ᠎ᠠ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠶᠠᠩ ᠶᠢᠨ ᠪᠣᠷᠣᠭᠠᠨ ᠤ ᠳᠤᠮᠳᠠ ᠪᠢᠲᠡᠭᠦᠮᠵᠢᠯᠡᠨ ᠡᠵᠡᠮᠳᠡᠬᠦ ᠵᠢᠵᠢᠭ ᠲᠣᠭᠤᠷᠢᠭ᠂ ᠲᠥᠪᠯᠡᠷᠡᠭᠦᠯᠦᠨ ᠲᠤᠰᠠᠭᠠᠷᠯᠠᠬᠤ ᠴᠢᠭ ᠤᠨ ᠬᠠᠮᠢᠶᠠᠷᠤᠯᠲᠠ ᠶᠢᠨ ᠪᠠᠶᠢᠳᠠᠯ ᠢ ᠬᠢᠨᠠᠨ ᠵᠢᠯᠣᠭᠤᠳᠴᠤ ᠪᠠᠶᠢᠴᠠᠭᠠᠪᠠ᠃ ᠬᠤᠳᠠ ᠶᠢᠨ ᠳᠡᠳ᠋ ᠳᠠᠷᠤᠭ᠎ᠠ ᠬᠤᠤ ᠰᠢ ᠬᠤᠩ᠂ ᠮᠤᠤ ᠵᠧᠨ ᠬᠠᠢ᠂ ᠴᠢᠶᠣᠤ ᠢᠦᠢ ᠬᠢᠨᠠᠨ ᠵᠢᠯᠤᠭᠤᠳᠴᠦ ᠪᠠᠶᠢᠴᠠᠭᠠᠬᠤ ᠳᠤ ᠣᠷᠣᠯᠴᠠᠪᠠ᠃      ᠶᠠᠩ ᠶᠢᠨ ᠨᠡᠷ ᠤᠷᠢᠳ ᠬᠤᠵᠢᠳ ᠾᠧᠩ ᠳ᠋ᠡ ᠯᠢᠦᠢ ᠵᠸᠤ ᠵᠢᠵᠢᠭ ᠲᠣᠭᠤᠷᠢᠭ᠂ ᠬᠠᠢ ᠶᠤᠸᠠᠢ ᠵᠣᠴᠢᠳ ᠤᠨ ᠪᠠᠭᠤᠳᠠᠯ ᠳᠤ ᠬᠦᠷᠴᠦ᠂ ᠪᠦᠭᠡᠮ ᠬᠦᠴᠢᠯ ᠤᠨ ᠪᠠᠶᠢᠴᠠᠭᠠᠨ ᠬᠡᠮᠵᠢᠯᠲᠡ᠂ ᠲᠤᠰᠠᠭᠠᠷᠯᠠᠭᠰᠠᠨ ᠬᠥᠮᠦᠰ ᠢ ᠬᠠᠮᠢᠶᠠᠷᠤᠨ ᠡᠵᠡᠮᠳᠡᠬᠦ᠂ ᠰᠡᠷᠭᠡᠶᠢᠯᠡᠨ ᠡᠵᠡᠮᠳᠡᠬᠦ ᠬᠦᠴᠦᠨ ᠢᠶᠠᠨ ᠲᠤᠬᠢᠷᠠᠭᠤᠯᠬᠤ᠂ ᠡᠮᠴᠢᠯᠡᠭᠡᠨ ᠤ ᠬᠠᠶᠠᠭᠳᠠᠮᠠᠯ ᠪᠣᠳᠠᠰ ᠢ ᠰᠢᠢᠳᠪᠦᠷᠢᠯᠡᠬᠦ᠂ ᠬᠢᠵᠢᠭ ᠢ ᠰᠡᠷᠭᠡᠶᠢᠯᠡᠬᠦ ᠡᠳ᠋ ᠪᠣᠳᠠᠰ ᠢ ᠪᠠᠲᠤᠯᠠᠬᠤ ᠵᠡᠷᠭᠡ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠬᠦ ᠶᠢᠨ ᠬᠠᠮᠲᠤ ᠨᠠᠷᠢᠨ ᠣᠶᠢᠯᠠᠭᠠᠵᠤ᠂ ᠨᠢᠭᠡᠳᠦᠭᠡᠷ ᠹᠷᠣᠨᠲ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠥᠮᠦᠰ ᠲᠤ ᠬᠤᠪᠢ ᠬᠥᠮᠦᠨ ᠤ ᠬᠠᠮᠠᠭᠠᠯᠠᠯᠲᠠ ᠪᠠᠨ ᠰᠠᠶᠢᠲᠤᠷ ᠬᠢᠵᠦ᠂ ᠲᠤᠰ ᠪᠡᠶ᠎ᠡ ᠶᠢᠨ ᠡᠷᠡᠭᠦᠯ ᠮᠡᠨᠳᠦ ᠶᠢᠨ ᠠᠮᠤᠷ ᠲᠦᠪᠰᠢᠨ ᠢᠶᠠᠨ ᠪᠠᠲᠤᠯᠠᠬᠤ ᠬᠡᠷᠡᠭᠲᠡᠢ ᠭᠡᠵᠦ ᠵᠠᠬᠢᠪᠠ᠃      ᠶᠠᠩ ᠶᠢᠨ ᠬᠡᠯᠡᠭᠰᠡᠨ ᠨᠢ᠂ ︽ᠭᠠᠳᠠᠨ᠎ᠠ ᠠᠴᠠ ᠬᠠᠯᠳᠠᠪᠤᠷᠢᠯᠠᠨ ᠣᠷᠣᠵᠣ ᠢᠷᠡᠬᠦ ᠶᠢ ᠰᠡᠷᠭᠡᠶᠢᠯᠡᠬᠦ᠂ ᠲᠤᠲᠤᠨ᠎ᠠ  ᠪᠠᠨ ᠲᠠᠷᠬᠠᠨ ᠲᠡᠯᠭᠡᠷᠡᠬᠦ ᠶᠢ ᠰᠡᠷᠭᠡᠶᠢᠯᠡᠬᠦ︾ ᠶᠡᠷᠦᠩᠬᠡᠢ ᠠᠷᠭ᠎ᠠ ᠪᠤᠳᠤᠯᠭ᠎ᠠ ᠪᠣᠯᠤᠨ ︽ᠬᠥᠳᠡᠯᠦᠩᠭᠦᠢ ᠪᠠᠷ ᠦᠭᠡᠢ ᠪᠣᠯᠭᠠᠬᠤ︾ ᠶᠡᠷᠦᠩᠬᠡᠢ ᠴᠢᠭᠯᠡᠯᠲᠡ ᠶᠢ ᠭᠤᠶᠢᠪᠢᠰᠢ ᠦᠭᠡᠢ ᠪᠠᠷᠢᠮᠲᠠᠯᠠᠵᠤ᠂ ︽ᠲᠦᠷᠪᠡᠨ ᠲᠠᠯ᠎ᠠ ᠶᠢᠨ ᠬᠠᠷᠢᠭᠤᠴᠠᠯᠭ᠎ᠠ ︾ ᠶᠢ ᠪᠠᠲᠤᠳᠬᠠᠵᠤ᠂ ︽ᠲᠦᠷᠪᠡᠨ ᠡᠷᠲᠡ︾ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠵᠢᠯ ᠢᠶᠠᠨ ᠪᠣᠳᠠᠲᠠᠢ ᠠᠳᠬᠤᠵᠤ᠂ ᠬᠢᠯᠪᠡᠷ ᠪᠤᠰᠤ ᠪᠠᠷ ᠣᠯᠤᠭᠰᠠᠨ ᠰᠡᠷᠭᠡᠶᠢᠯᠡᠨ ᠡᠵᠡᠮᠳᠡᠬᠦ ᠦᠷ᠎ᠡ ᠪᠦᠲᠦᠭᠡᠯ ᠢᠶᠠᠨ ᠰᠠᠶᠢᠲᠤᠷ ᠪᠠᠬᠢᠵᠢᠭᠦᠯᠬᠦ ᠬᠡᠷᠡᠭᠲᠡᠢ᠃ ᠲᠥᠷᠥ ᠶᠢᠨ ᠶᠠᠪᠤᠳᠠᠯ ᠤᠨ ᠬᠤᠷᠢᠶᠠᠨ ᠤ ︽ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠤᠨ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠲᠥᠰᠦᠯ ︵ᠶᠢᠰᠦᠳᠦᠭᠡᠷ ᠬᠡᠪᠯᠡᠯ︶︾ ᠤᠨ ᠱᠠᠭᠠᠷᠳᠠᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠪᠥᠬᠦ ᠶᠠᠪᠤᠴᠠ ᠶᠢᠨ ᠪᠢᠲᠡᠭᠦᠮᠵᠢᠯᠡᠭᠰᠡᠨ ᠬᠠᠮᠢᠶᠠᠷᠤᠯᠲᠠ ᠶᠢ ᠴᠢᠩᠭ᠎ᠠ ᠬᠡᠷᠡᠭᠵᠢᠭᠦᠯᠦᠨ᠂ ᠪᠥᠭᠡᠮ ᠬᠦᠴᠢᠯ ᠢ ᠪᠠᠶᠢᠴᠠᠭᠠᠨ ᠬᠡᠮᠵᠢᠬᠦ᠂ ᠠᠷᠢᠭᠤᠳᠬᠠᠨ ᠴᠡᠪᠡᠷᠯᠡᠬᠦ᠂ ᠬᠢᠵᠢᠭ ᠲᠤ ᠬᠤᠯᠪᠣᠭᠳᠠᠭᠰᠠᠨ ᠬᠤᠭ ᠨᠣᠪᠰᠢ ᠶᠢ ᠰᠢᠢᠳᠪᠦᠷᠢᠯᠡᠬᠦ ᠵᠡᠷᠭᠡ ᠠᠵᠢᠯ ᠢᠶᠠᠨ ᠵᠢᠷᠤᠮᠵᠢᠭᠤᠯᠤᠨ ᠨᠠᠷᠢᠯᠢᠭ ᠰᠠᠶᠢᠲᠤᠷ ᠬᠢᠵᠦ᠂ ᠰᠣᠯᠪᠢᠴᠠᠨ ᠬᠠᠯᠳᠠᠪᠤᠷᠢᠯᠠᠬᠤ ᠶᠢ ᠴᠢᠩᠭ᠎ᠠ ᠰᠡᠷᠭᠡᠶᠢᠯᠡᠨ᠂ ᠥᠴᠦᠬᠡᠨ ᠴᠦ ᠠᠯᠳᠠᠰᠢ ᠭᠠᠷᠭᠠᠬᠤ ᠥᠬᠡᠶ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠲᠤᠰᠠᠭᠠᠷᠯᠠᠬᠤ ᠬᠥᠮᠦᠰ ᠤᠨ ᠰᠣᠶᠣᠯ ᠢᠷᠭᠡᠨᠰᠢᠯ ᠤᠨ ᠬᠠᠯᠠᠮᠵᠢᠯᠠᠯ ᠢᠶᠠᠨ ᠴᠢᠩᠭᠠᠳᠬᠠᠵᠤ᠂ ᠴᠠᠭ ᠲᠤᠬᠠᠢ ᠳᠤᠨᠢ ᠰᠡᠳᠬᠢᠴᠡ ᠶᠢᠨ ᠵᠢᠯᠤᠭᠤᠳᠤᠯᠭ᠎ᠠ ᠥᠷᠨᠢᠭᠦᠯᠵᠦ᠂ ᠡᠯ᠎ᠡ ᠵᠦᠢᠯ ᠤᠨ ᠦᠢᠯᠡᠴᠢᠯᠡᠭᠡᠨ ᠤ ᠪᠠᠲᠤᠯᠠᠭ᠎ᠠ ᠶᠢᠨ ᠠᠵᠢᠯ ᠢᠶᠠᠨ ᠰᠡᠳᠬᠢᠯ ᠲᠠᠯᠪᠢᠨ ᠰᠡᠳᠬᠢᠯᠭᠡ ᠪᠠᠷ ᠢᠶᠠᠨ ᠰᠠᠶᠢᠲᠤᠷ ᠬᠢᠵᠦ᠂ ᠲᠤᠰᠠᠭᠠᠷᠯᠠᠬᠤ ᠬᠥᠮᠦᠰ ᠤᠨ ᠲᠤᠰᠠᠭᠠᠷᠯᠠᠬᠤ ᠬᠤᠭᠤᠴᠠᠭ᠎ᠠ ᠶᠢ ᠠᠮᠤᠷ ᠲᠦᠪᠰᠢᠨ ᠢᠶᠠᠷ ᠥᠩᠭᠡᠷᠡᠭᠦᠯᠬᠦ ᠶᠢ ᠪᠠᠲᠤᠯᠠᠬᠤ ᠬᠡᠷᠡᠭᠲᠡᠢ ᠬᠡᠵᠡᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号