ᠶᠠᠩ ᠶᠢᠨ ᠬᠠᠶᠢᠨᠠᠨ ᠲᠤᠭᠤᠷᠢᠭ ᠤᠨ ᠭᠤᠣᠯᠳᠠᠯᠭ᠎ᠠ ᠲᠠᠢ ᠲᠦᠷᠦᠯ ᠵᠦᠢᠯ ᠤᠨ ᠠᠬᠢᠴᠠ ᠶᠢᠨ ᠪᠠᠶᠢᠳᠠᠯ ᠢ ᠬᠢᠨᠠᠨ ᠵᠢᠯᠣᠭᠤᠳᠴᠤ ᠪᠠᠶᠢᠴᠠᠭᠠᠪᠡ
ᠨᠡᠶᠢᠲᠡᠯᠡᠭᠰᠡᠨ ᠴᠠᠭ᠄
2022/8/10
     8 ᠰᠠᠷ᠎ᠠ ᠶᠢᠨ 8 ᠤ ᠡᠳᠦᠷ ᠤᠨ ᠦᠳᠡ ᠶᠢᠨ ᠡᠮᠦᠨ᠎ᠡ᠂ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ ᠂ ᠬᠤᠳᠠ ᠶᠢᠨ ᠳᠠᠷᠤᠭ᠎ᠠ ᠶᠠᠩ ᠶᠢᠨ ᠬᠠᠶᠢᠨᠠᠨ ᠲᠣᠭᠤᠷᠢᠭ ᠲᠤ ᠬᠦᠷᠴᠦ ᠭᠤᠣᠯᠳᠠᠯᠭ᠎ᠠ ᠲᠠᠢ ᠲᠦᠷᠦᠯ ᠵᠦᠢᠯ ᠤᠨ ᠠᠬᠢᠴᠠ ᠶᠢᠨ ᠪᠠᠶᠢᠳᠠᠯ ᠢ ᠬᠢᠨᠠᠨ ᠵᠢᠯᠣᠭᠤᠳᠴᠤ ᠪᠠᠶᠢᠴᠠᠭᠠᠬᠤ ᠶᠢᠨ ᠬᠠᠮᠲᠤ ᠭᠤᠣᠯ ᠴᠠᠭᠳᠠᠬᠤ ᠠᠵᠢᠯ ᠥᠷᠨᠢᠭᠦᠯᠪᠡ᠃ ᠬᠤᠲᠠ ᠶᠢᠨ ᠳᠡᠳ᠋ ᠳᠠᠷᠤᠭ᠎ᠠ ᠸᠠᠩ ᠵᠢᠶ ᠫᠢᠩ ᠬᠠᠮᠲᠤ ᠪᠠᠷ ᠬᠢᠨᠠᠨ ᠵᠢᠯᠣᠭᠤᠳᠴᠤ ᠪᠠᠶᠢᠴᠠᠭᠠᠪᠠ᠃      ᠶᠠᠩ ᠶᠢᠨ ᠤᠷᠢᠳ ᠬᠤᠵᠢᠳ ᠪᠠᠶᠠᠨᠲᠤᠬᠤᠢ ᠶᠢᠨ ᠡᠩ ᠤᠨ ᠪᠤᠰᠤ ᠣᠰᠣ ᠶᠢ ᠡᠬᠢ ᠪᠠᠶᠠᠯᠢᠭᠵᠢᠭᠤᠯᠤᠨ ᠠᠰᠢᠭᠯᠠᠬᠤ ᠲᠦᠷᠦᠯ ᠵᠦᠢᠯ ᠤᠨ ᠪᠦᠳᠦᠬᠡᠨ ᠪᠠᠶᠢᠭᠤᠯᠤᠯᠲᠠ ᠶᠢᠨ ᠲᠤᠬᠠᠢ ᠶᠢᠨ ᠲᠠᠯᠠᠪᠠᠢ᠂ ᠲᠤᠤᠷ᠎ᠠ ᠨᠡᠭᠦᠷᠡᠰᠦᠲᠥ᠋ᠷᠥᠭᠴᠢᠲᠤ ᠠᠵᠤ ᠦᠢᠯᠡᠰ ᠤᠨ ᠬᠦᠷᠢᠶᠡᠯᠡᠩ ᠤᠨ ᠲᠤᠰᠣᠲᠣ ᠶᠢᠨ ᠭᠤᠷᠪᠠᠳᠤᠭᠠᠷ ᠪᠠᠷᠢᠭᠠᠳᠠ ᠶᠢᠨ ᠭᠤᠤ ᠪᠠ ᠭᠤᠣᠯ ᠤᠨ ᠵᠠᠮ ᠢ ᠵᠠᠰᠠᠬᠤ ᠢᠨᠵᠧᠨᠧᠷᠢᠩ ᠤᠨ ᠲᠤᠬᠠᠢ ᠶᠢᠨ ᠲᠠᠯᠠᠪᠠᠢ ᠪᠣᠯᠤᠨ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠲᠦᠪ ᠡᠵᠡᠮᠳᠡᠯ ᠤᠨ ᠲᠠᠰᠤᠭ ᠵᠡᠷᠭᠡ ᠭᠠᠵᠠᠷ ᠲᠤ ᠬᠦᠷᠴᠦ᠂ ᠬᠤᠯᠪᠤᠭᠳᠠᠯ ᠪᠦᠬᠦᠢ ᠬᠠᠷᠢᠭᠤᠴᠠᠯᠭᠠᠲᠠᠨ ᠤ ᠲᠠᠨᠢᠯᠴᠠᠭᠤᠯᠭ᠎ᠠ ᠶᠢ ᠰᠣᠨᠣᠰᠴᠤ᠂ ᠲᠦᠷᠦᠯ ᠵᠦᠢᠯ ᠤᠨ ᠲᠥᠯᠥᠪᠵᠢᠭᠦᠯᠭᠡ᠂ ᠢᠨᠵᠧᠨᠧᠷᠢᠩ ᠤᠨ ᠠᠬᠢᠴᠠ᠂ ᠪᠣᠬᠢᠷ ᠤᠰᠤ ᠰᠢᠢᠳᠪᠦᠷᠢᠯᠡᠬᠦ ᠴᠢᠳᠠᠪᠤᠷᠢ ᠵᠡᠷᠭᠡ ᠪᠠᠶᠢᠳᠠᠯ ᠢ ᠨᠢ ᠯᠠᠪᠯᠠᠨ ᠠᠰᠠᠭᠤᠪᠠ᠃ ᠲᠡᠷᠡ ᠴᠢᠬᠤᠯᠠᠴᠢᠯᠠᠭᠰᠠᠨ ᠨᠢ᠂ ᠰᠢ ᠶᠢᠨ ᠫᠢᠩ ᠶᠡᠷᠦᠩᠬᠡᠶ ᠱᠦᠵᠢ ᠶᠢᠨ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠣᠯᠤᠨ ᠴᠢᠨᠠᠷ ᠰᠠᠶᠢᠲᠠᠶ ᠬᠥᠭᠵᠢᠯᠲᠡ ᠶᠢ ᠭᠦᠨᠵᠡᠭᠡᠶ ᠠᠬᠢᠭᠤᠯᠬᠤ ᠲᠤᠬᠠᠶ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠠᠲᠤᠨ ᠭᠤᠤᠯ ᠤᠨ ᠥᠪᠥᠷ ᠮᠣᠩᠭᠤᠯ ᠳᠤ ᠣᠷᠣᠬᠤ ᠠᠩᠬᠠᠨ ᠤ ᠥᠷᠲᠡᠭᠡ ᠶᠢᠨ ᠠᠩᠬᠠᠨ ᠤ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠭᠤᠤᠯ ᠤᠨ ᠳᠠᠷᠤᠭ᠎ᠠ ᠶᠢᠨ ᠲᠦᠷᠢᠮ ᠢ ᠬᠢᠨᠠᠮᠠᠭᠠᠶ ᠨᠠᠶᠢᠳᠠᠪᠤᠷᠢᠵᠢᠭᠤᠯᠤᠨ᠂ ᠭᠤᠤᠯ ᠤᠨ ᠵᠠᠮ ᠤᠨ ᠵᠠᠰᠠᠯᠲᠠ ᠶᠢ ᠭᠦᠨᠵᠡᠭᠡᠶ ᠥᠷᠨᠢᠭᠦᠯᠵᠦ᠂ ᠠᠮᠢ ᠠᠬᠤᠶ ᠶᠢᠨ ᠲᠥᠷᠥᠯ ᠵᠦᠢᠯ ᠪᠠ ᠦᠶᠡᠷ ᠢ ᠰᠡᠷᠭᠡᠶᠢᠯᠡᠵᠦ ᠰᠥᠩ ᠬᠠᠯᠢᠶ᠎ᠠ ᠶᠢ ᠰᠡᠷᠭᠡᠶᠢᠯᠡᠬᠦ ᠢᠨᠵᠧᠨᠧᠷᠢᠩ ᠢ ᠶᠡᠬᠡᠪᠡᠷ ᠬᠡᠷᠡᠭᠵᠢᠭᠦᠯᠵᠦ᠂ ᠬᠠᠲᠤᠨ ᠭᠤᠤᠯ ᠤᠨ ᠦᠬᠠᠶ ᠶᠢᠨ ᠬᠡᠰᠡᠭ ᠤᠨ ᠭᠤᠤᠯ ᠤᠨ ᠰᠠᠭᠠᠳ ᠥᠬᠡᠶ᠂ ᠤᠰᠤ ᠴᠡᠪᠡᠷ᠂ ᠡᠷᠭᠢ ᠨᠣᠭᠤᠭᠠᠨ᠂ ᠦᠵᠡᠮᠵᠢ ᠭᠤᠶᠣ ᠪᠠᠶᠢᠬᠤ ᠶᠢ ᠦᠨᠡᠨᠬᠦ ᠪᠠᠲᠤᠯᠠᠬᠤ ᠬᠡᠷᠡᠭᠳᠡᠢ᠃ ︽ᠳᠥᠷᠪᠡᠨ ᠤᠰᠤ ᠪᠠᠷ ᠲᠦᠷᠪᠡ ᠶᠢ ᠲᠣᠭᠲᠠᠭᠠᠬᠤ︾ ᠵᠠᠷᠴᠢᠮ ᠢ ᠪᠦᠬᠦ ᠲᠠᠯ᠎ᠠ ᠪᠠᠷ ᠲᠤᠤᠱᠯᠠᠭᠤᠯᠵᠤ᠂ ᠤᠰᠤᠨ ᠤ ᠬᠡᠮᠵᠢᠶ᠎ᠡ ᠪᠠᠷ ᠣᠰᠣ ᠬᠡᠷᠡᠭᠯᠡᠬᠦ᠂ ᠤᠰᠤ ᠠᠷᠪᠢᠯᠠᠬᠤ ᠶᠢ ᠤᠷᠢᠳᠠᠪᠡᠷ ᠪᠤᠲᠤᠯᠭᠢᠯᠠᠬᠤ ᠶᠢ ᠪᠠᠷᠢᠮᠲᠠᠯᠠᠨ᠂ ᠤᠰᠤᠨ ᠤ ᠡᠬᠢ ᠪᠠᠶᠠᠯᠢᠭ ᠢ ᠬᠠᠮᠤᠭ ᠤᠨ ᠶᠡᠭᠡ ᠬᠠᠲᠠᠭᠤ ᠬᠢᠵᠠᠭᠠᠷᠯᠠᠯ ᠪᠣᠯᠭᠠᠵᠤ᠂ ᠲᠥᠷᠥ ᠶᠢᠨ ᠪᠣᠳᠣᠯᠭ᠎ᠠ ᠪᠠᠯᠠ ᠮᠥᠩᠭᠦ ᠶᠢᠨ ᠳᠡᠮᠵᠢᠯᠭᠡ ᠶᠢ ᠢᠳᠡᠪᠬᠢᠯᠡᠨ ᠣᠯᠵᠤ᠂ ᠨᠢᠭᠡ ᠪᠦᠯᠦᠭ ᠤᠰᠤ ᠠᠷᠪᠢᠯᠠᠬᠤ ᠲᠥᠷᠥᠯ ᠵᠦᠢᠯ ᠢ ᠲᠦᠷᠭᠡᠳᠬᠡᠨ ᠬᠡᠷᠡᠭᠵᠢᠭᠦᠯᠵᠦ᠂ ᠳᠠᠬᠢᠯᠲᠠ ᠤᠰᠤ᠂ ᠪᠣᠷᠣᠭᠠᠨ ᠦᠶᠡᠷ᠂ ᠱᠣᠷᠪᠣᠭ ᠤᠰᠤ᠂ ᠰᠡᠶᠢᠷᠡᠭ ᠬᠠᠭᠤᠷᠠᠶ ᠤᠰᠤ ᠵᠡᠷᠭᠡ ᠬᠡᠪ ᠤᠨ ᠪᠤᠰᠤ ᠤᠰᠤᠨ ᠤ ᠡᠬᠢ ᠰᠤᠷᠪᠤᠯᠵᠢ ᠶᠢ ᠬᠠᠮᠤᠭ ᠤᠨ ᠶᠡᠭᠡ ᠬᠡᠮᠵᠢᠶ᠎ᠡ ᠪᠠᠷ ᠠᠰᠢᠭᠯᠠᠨ᠂ ᠪᠣᠬᠢᠷ ᠤᠰᠤ ᠶᠢ ᠰᠢᠢᠳᠪᠦᠷᠢᠯᠡᠬᠦ ᠴᠢᠳᠠᠪᠤᠷᠢ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠤᠰᠤ ᠶᠢ ᠶᠡᠭᠡᠪᠡᠷ ᠠᠷᠪᠢᠯᠠᠬᠤ ᠬᠡᠯᠪᠡᠷᠢ ᠶᠢᠨ ᠬᠤᠲᠠ ᠶᠢ ᠬᠦᠴᠦᠯᠡᠨ ᠪᠠᠶᠢᠭᠤᠯᠬᠤ ᠬᠡᠷᠡᠭᠳᠡᠢ ᠭᠡᠵᠡᠢ᠃      ᠶᠠᠩ ᠶᠢᠨ ᠪᠠᠰᠠ ᠲᠤᠤᠷ᠎ᠠ ᠨᠡᠭᠦᠷᠡᠰᠦᠲᠥ᠋ᠷᠥᠭᠴᠢᠲᠤ ᠠᠵᠤ ᠦᠢᠯᠡᠰ ᠤᠨ ᠬᠦᠷᠢᠶᠡᠯᠡᠩ ᠤᠨ ᠠᠮᠢᠳᠤᠷᠠᠯ ᠤᠨ ᠢᠵᠢ ᠪᠦᠷᠢᠳᠦᠭᠦᠯᠬᠦ ᠦᠢᠯᠡᠴᠢᠯᠡᠭᠡᠨ ᠤ ᠲᠣᠭᠤᠷᠢᠭ ᠤᠨ ᠪᠠᠲᠤᠯᠠᠭ᠎ᠠ ᠶᠢᠨ ᠴᠢᠨᠠᠷᠲᠠᠶ ᠲᠦᠷᠢᠶᠡᠰᠦᠨ ᠣᠷᠣᠨ ᠰᠠᠭᠤᠴᠠ ᠶᠢᠨ ᠵᠦᠢᠯᠡᠰ ᠢ ᠬᠢᠨᠠᠨ ᠵᠢᠯᠣᠭᠤᠳᠴᠤ ᠪᠠᠶᠢᠴᠠᠭᠠᠪᠠ᠃ ᠲᠡᠷᠡ ᠴᠢᠬᠤᠯᠠᠴᠢᠯᠠᠭᠰᠠᠨ ᠨᠢ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠦᠨ ᠲᠥᠯᠥᠪᠯᠡᠵᠦ᠂ ᠴᠠᠭ ᠬᠤᠭᠤᠴᠠᠭ᠎ᠠ ᠶᠢ ᠨᠢᠭᠲᠠ ᠠᠩᠬᠠᠷᠴᠤ᠂ ᠪᠦᠳᠦᠭᠡᠨ ᠪᠠᠶᠢᠭᠤᠯᠤᠯᠲᠠ ᠶᠢᠨ ᠠᠬᠢᠴᠠ ᠪᠠᠨ ᠲᠦᠷᠭᠡᠳᠬᠡᠵᠦ᠂ ᠲᠦᠷᠦᠯ ᠵᠦᠢᠯ ᠢ ᠲᠦᠷᠭᠡᠨ ᠳᠠᠭᠤᠰᠬᠠᠵᠤ᠂ ᠡᠷᠲᠡᠬᠡᠨ ᠠᠰᠢᠭᠯᠠᠯᠲᠠ ᠳᠤ ᠣᠷᠣᠭᠤᠯᠬᠤ ᠶᠢ ᠪᠠᠲᠤᠯᠠᠵᠤ᠂ ᠬᠦᠷᠢᠶᠡᠯᠡᠩ ᠲᠣᠭᠤᠷᠢᠭ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠲᠡᠢ ᠪᠠᠲᠤᠯᠠᠭ᠎ᠠ ᠬᠠᠩᠭᠠᠬᠤ ᠬᠡᠷᠡᠭᠲᠡᠢ ᠭᠡᠵᠡᠢ᠃  
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号