ᠲᠠᠩ ᠢ ᠤᠳᠠ ᠲᠣᠭᠤᠷᠢᠭ ᠲᠤ ᠠᠭᠤᠷᠬᠠᠢ ᠶᠢᠨ ᠡᠷᠬᠡ ᠶᠢ ᠨᠢᠭᠡᠳᠭᠡᠬᠦ ᠪᠠ ᠠᠮᠢ ᠠᠬᠤᠢ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠠᠵᠢᠯ ᠳᠤ ᠪᠠᠶᠢᠴᠠᠭᠠᠨ ᠰᠣᠳᠣᠯᠣᠯᠳᠠ ᠬᠢᠪᠡ
ᠨᠡᠶᠢᠲᠡᠯᠡᠭᠰᠡᠨ ᠴᠠᠭ᠄
2022/8/10
     8 ᠰᠠᠷ᠎ᠠ ᠶᠢᠨ 9 ᠤ ᠡᠳᠦᠷ᠂ ᠬᠤᠳᠠ ᠶᠢᠨ ᠨᠠᠮ ᠤᠨ ᠬᠤᠷᠢᠶᠠᠨ ᠤ ᠱᠦᠵᠢ ᠲᠠᠩ ᠢ ᠤᠳᠠ ᠲᠣᠭᠤᠷᠢᠭ ᠲᠤ ᠭᠦᠨᠵᠡᠭᠡᠶᠢᠷᠡᠨ ᠠᠭᠤᠷᠬᠠᠢ ᠶᠢᠨ ᠡᠷᠬᠡ ᠶᠢ ᠨᠢᠭᠡᠳᠭᠡᠬᠦ ᠪᠠ ᠠᠮᠢ ᠠᠬᠤᠢ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠠᠵᠢᠯ ᠳᠤ ᠪᠠᠶᠢᠴᠠᠭᠠᠨ ᠰᠣᠳᠣᠯᠣᠯᠳᠠ ᠬᠢᠪᠡ᠃ ᠬᠤᠲᠠ ᠶᠢᠨ ᠤᠳᠤᠷᠢᠳᠤᠯᠭ᠎ᠠ ᠯᠢ ᠴᠦᠨ ᠰᠢᠶᠤᠤ᠂ ᠸᠠᠩ ᠵᠢᠶ ᠫᠢᠩ ᠬᠠᠮᠲᠤ ᠪᠠᠷ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃      ᠲᠠᠩ ᠢ ᠨᠡᠷ ᠤᠷᠢᠳ ᠬᠤᠵᠢᠳ ᠬᠤᠸᠠ ᠶᠢᠨ ᠨᠡᠭᠦᠷᠡᠰᠦᠨ ᠠᠭᠤᠷᠬᠠᠢ ᠶᠢᠨ ᠬᠤᠶᠠᠳᠤᠭᠠᠷ ᠠᠭᠤᠷᠬᠠᠢ᠂ ᠵᠢᠶᠠᠨ ᠠᠨ ᠨᠡᠭᠦᠷᠡᠰᠦᠨ ᠠᠭᠤᠷᠬᠠᠢ᠂ ᠦᠬᠠᠢ ᠶᠢᠨ ᠡᠨᠧᠷᠭᠢ ᠶᠢᠨ ᠺᠣᠮᠫᠠᠨᠢ ᠶᠢᠨ ᠤᠳᠠ ᠲᠣᠭᠤᠷᠢᠭ ᠤᠨ 100MW ᠬᠡᠷᠡᠯ ᠴᠡᠨᠡᠭ ᠤᠨ ᠲᠦᠷᠦᠯ ᠵᠦᠢᠯ ᠵᠡᠷᠭᠡ ᠭᠠᠵᠠᠷ ᠲᠤ ᠬᠦᠷᠴᠦ᠂ ᠠᠭᠤᠷᠬᠠᠢ ᠶᠢᠨ ᠣᠷᠣᠨ ᠤ ᠣᠷᠴᠢᠨ ᠲᠣᠭᠤᠷᠢᠨ ᠤ ᠵᠠᠰᠠᠯᠲᠠ᠂ ᠵᠠᠮ ᠤᠨ ᠵᠠᠰᠠᠯᠲᠠ ᠵᠢᠴᠢ ᠠᠭᠤᠷᠬᠠᠢ ᠶᠢᠨ ᠠᠮᠢ ᠠᠬᠤᠢ ᠶᠢᠨ ᠰᠡᠷᠭᠦᠭᠡᠯᠲᠡ ᠪᠣᠯᠤᠨ ᠠᠰᠢᠭᠯᠠᠯᠲᠠ᠂ ᠨᠡᠭᠦᠷᠡᠰᠦᠨ ᠠᠭᠤᠷᠬᠠᠢ ᠶᠢᠨ ᠠᠭᠤᠷᠬᠠᠢ ᠶᠢᠨ ᠡᠷᠬᠡ ᠶᠢᠨ ᠨᠢᠭᠡᠳᠦᠯᠲᠡ ᠶᠢᠨ ᠠᠬᠢᠴᠠ ᠶᠢᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠪᠡ᠃      ᠲᠠᠩ ᠢ ᠬᠡᠯᠡᠭᠰᠡᠨ ᠨᠢ᠂ ᠠᠭᠤᠷᠬᠠᠢ ᠶᠢᠨ ᠡᠷᠬᠡ ᠶᠢ ᠨᠢᠭᠡᠳᠭᠡᠬᠦ ᠶᠢ ᠠᠬᠢᠭᠤᠯᠬᠤ ᠪᠣᠯ ᠮᠠᠨ ᠤ ᠬᠤᠳᠠ ᠶᠢᠨ ᠠᠮᠢ ᠠᠬᠤᠢ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠴᠢᠬᠤᠯᠠ ᠠᠷᠭ᠎ᠠ ᠬᠡᠮᠵᠢᠶ᠎ᠡ ᠪᠣᠯᠤᠨ᠎ᠠ᠂ ᠠᠷᠠᠳ ᠤᠯᠠᠨ ᠤ ᠠᠮᠢ ᠠᠬᠤᠢ ᠶᠢᠨ ᠪᠤᠶᠠᠨ ᠬᠡᠰᠢᠭ ᠲᠠᠢ ᠬᠤᠯᠪᠣᠭᠳᠠᠵᠤ᠂ ᠭᠠᠵᠠᠷ ᠣᠷᠣᠨ ᠤ ᠠᠯᠤᠰ ᠬᠡᠳᠤ ᠶᠢᠨ ᠬᠥᠭᠵᠢᠯᠲᠡ ᠲᠠᠢ ᠬᠤᠯᠪᠣᠭᠳᠠᠨ᠎ᠠ᠂ ᠡᠷᠬᠡᠪᠰᠢ ᠣᠪᠣᠷ ᠤᠨ ᠲᠠᠯ᠎ᠠ ᠪᠠᠷ ᠬᠡᠳᠦᠢ ᠡᠷᠡᠰ ᠰᠢᠭᠤᠷᠬᠠᠢ᠂ ᠠᠵᠢᠯᠯᠠᠭ᠎ᠠ ᠶᠢᠨ ᠲᠠᠯ᠎ᠠ ᠪᠠᠷ ᠬᠡᠳᠦᠢ ᠲᠦᠷᠭᠡᠨ᠂ ᠠᠷᠭ᠎ᠠ ᠬᠡᠮᠵᠢᠶ᠎ᠡ ᠶᠢᠨ ᠲᠠᠯ᠎ᠠ ᠪᠠᠷ ᠲᠠᠬᠢᠨ ᠬᠦᠴᠦᠯᠡᠵᠦ᠂ ᠠᠭᠤᠷᠬᠠᠢ ᠶᠢᠨ ᠡᠷᠬᠡ ᠶᠢ ᠨᠢᠭᠡᠳᠭᠡᠬᠦ ᠠᠵᠢᠯ ᠢ ᠪᠣᠳᠠᠲᠠᠢ ᠳᠤ ᠨᠠᠶᠢᠳᠠᠪᠤᠷᠢᠵᠢᠭᠤᠯᠵᠤ᠂ ᠪᠣᠳᠠᠲᠠᠢ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ᠃ ᠠᠯᠤᠰ ᠬᠡᠲᠦ ᠶᠢᠨ ᠬᠥᠭᠵᠢᠯᠲᠡ ᠶᠢᠨ ᠬᠠᠷᠠᠴᠠ ᠲᠠᠢ ᠪᠠᠶᠢᠵᠦ᠂ ᠲᠡᠭᠡᠲᠤ ᠳᠠᠪᠬᠤᠷᠭ᠎ᠠ ᠶᠢᠨ ᠵᠢᠷᠤᠭ ᠲᠥᠯᠥᠪᠯᠡᠭᠡ ᠪᠠᠨ ᠴᠢᠩᠭᠠᠳᠬᠠᠨ᠂ ᠰᠢᠰᠲ᠋ᠧᠮ ᠲᠠᠢ ᠪᠠᠷ ᠲᠥᠯᠥᠪᠯᠡᠬᠦ ᠪᠠᠨ ᠰᠠᠶᠢᠲᠤᠷ ᠬᠢᠵᠦ᠂ ᠨᠢᠭᠡᠳᠭᠡᠬᠦ ᠪᠠᠷᠢᠮᠵᠢᠶ᠎ᠠ  ᠪᠠᠨ ᠪᠥᠬᠦ ᠲᠠᠯ᠎ᠠ ᠪᠠᠷ ᠳᠡᠭᠡᠭᠰᠢᠯᠡᠭᠦᠯᠦᠨ᠂ ᠤᠶᠤᠨᠲᠤ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠲᠠᠢ ᠤᠶᠠᠯᠳᠤᠭᠤᠯᠵᠤ᠂ ᠨᠡᠭᠡᠭᠡᠨ ᠮᠠᠯᠲᠠᠬᠤ ᠤᠷᠠᠯᠠᠯ᠂ ᠲᠡᠭᠡᠭᠡᠪᠦᠷᠢ ᠶᠢᠨ ᠠᠷᠭ᠎ᠠ ᠮᠠᠶ᠋ᠢᠭ᠂ ᠪᠠᠷᠠᠭᠠᠨ ᠤ ᠬᠦᠢᠯᠭᠡᠭᠡᠨ ᠤ ᠬᠦᠷᠢᠶᠡᠯᠡᠩ ᠲᠣᠭᠤᠷᠢᠭ ᠤᠨ ᠲᠣᠬᠢᠷᠠᠭᠤᠯᠤᠯᠲᠠ ᠵᠢᠴᠢ ᠨᠡᠭᠦᠷᠡᠰᠦ ᠮᠠᠯᠲᠠᠬᠤ ᠤᠬᠢᠶᠠᠬᠤ ᠰᠣᠩᠭᠤᠨ ᠲᠣᠬᠢᠷᠠᠭᠤᠯᠬᠤ ᠶᠢ ᠡᠭᠴᠡ ᠪᠠᠷ ᠡᠮᠬᠢᠯᠡᠨ ᠨᠡᠶᠢᠯᠡᠭᠦᠯᠵᠦ ᠨᠢᠭᠡ ᠴᠤᠭᠴᠠᠵᠢᠭᠤᠯᠬᠤ ᠵᠡᠷᠭᠡ ᠶᠢ ᠨᠢᠭᠡᠳᠦᠯᠲᠡᠶ ᠲᠥᠯᠥᠪᠯᠡᠨ ᠪᠣᠳᠣᠯᠬᠢᠯᠠᠵᠤ᠂ ᠠᠭᠤᠷᠬᠠᠶ ᠶᠢᠨ ᠡᠷᠬᠡ ᠶᠢ ᠨᠢᠭᠡᠳᠭᠡᠭᠰᠡᠨ ᠪᠣᠳᠠᠲᠤ ᠦᠷ᠎ᠡ ᠪᠦᠲᠦᠮᠵᠢ ᠪᠠᠷ ᠠᠭᠤᠷᠬᠠᠶ ᠶᠢᠨ ᠣᠷᠣᠨ ᠤ ᠪᠦᠬᠦᠯᠢ ᠴᠣᠭᠴᠠ ᠶᠢᠨ ᠳᠦᠷᠢ ᠲᠥᠷᠬᠦ ᠪᠠᠨ ᠳᠡᠭᠡᠭᠰᠢᠯᠡᠭᠦᠯᠵᠦ᠂ ᠬᠥᠭᠵᠢᠯᠲᠡ ᠶᠢᠨ ᠶᠠᠰᠤ ᠴᠢᠨᠠᠷ ᠢᠶᠠᠨ ᠳᠡᠭᠡᠭᠰᠢᠯᠡᠭᠦᠯᠦᠨ ᠦᠷ᠎ᠡ ᠠᠰᠢᠭ ᠢᠶᠠᠨ ᠨᠡᠮᠡᠭᠳᠡᠭᠦᠯᠬᠦ ᠶᠢ ᠳᠠᠶᠢᠴᠢᠯᠠᠬᠤ ᠬᠡᠷᠡᠭᠲᠡᠶ᠃ ᠠᠭᠤᠷᠬᠠᠶ ᠶᠢᠨ ᠣᠷᠣᠨ ᠤ ᠵᠠᠮ ᠱᠤᠭᠤᠮ ᠤᠨ ᠣᠷᠴᠢᠨ ᠲᠣᠭᠤᠷᠢᠨ ᠤ ᠵᠠᠰᠠᠯᠲᠠ ᠶᠢ ᠯᠠᠪᠳᠠᠭᠤᠨ ᠪᠠᠲᠤᠲᠠᠶ ᠠᠬᠢᠭᠤᠯᠵᠤ᠂ ᠡᠳᠦᠷ ᠲᠤᠲᠤᠮ ᠤᠨ ᠬᠠᠮᠢᠶᠠᠷᠤᠯᠲᠠ ᠬᠠᠮᠠᠭᠠᠯᠠᠯᠲᠠ ᠪᠠᠨ ᠰᠠᠶᠢᠲᠤᠷ ᠠᠳᠬᠤᠵᠤ᠂ ᠲᠣᠭᠤᠰᠣ ᠰᠢᠷᠣᠶ ᠶᠢᠨ ᠪᠣᠬᠢᠷᠲᠤᠯ ᠢ ᠪᠠᠭᠠᠰᠬᠠᠨ᠂ ᠵᠠᠮ ᠨᠡᠪᠲᠡᠷᠡᠯᠭᠡ ᠶᠢᠨ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠶ᠃ ᠮᠠᠨ ᠤ ᠬᠤᠲᠠ ᠶᠢᠨ ᠰᠢᠨ᠎ᠡ ᠡᠨᠧᠷᠭᠢ ᠶᠢᠨ ᠪᠥᠬᠦ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢᠨ ᠲᠣᠭᠤᠷᠢᠨ ᠳᠤ᠂ ᠬᠡᠷᠡᠯ ᠴᠡᠨᠡᠭ ᠢᠶᠠᠷ ᠴᠠᠬᠢᠯᠭᠠᠨ ᠭᠠᠷᠭᠠᠬᠤ ᠪᠠ ᠠᠭᠤᠷᠬᠠᠶ ᠶᠢᠨ ᠣᠷᠣᠨ ᠤ ᠠᠮᠢ ᠠᠬᠤᠶ ᠶᠢᠨ ᠰᠡᠷᠭᠦᠭᠡᠯᠲᠡ ᠶᠢ ᠣᠷᠭᠠᠨᠢᠭ ᠢᠶᠠᠷ ᠤᠶᠠᠯᠳᠤᠭᠤᠯᠬᠤ ᠶᠢ ᠢᠳᠡᠪᠬᠢᠲᠡᠶ ᠠᠬᠢᠭᠤᠯᠵᠤ᠂ ᠨᠡᠭᠦᠷᠡᠰᠦᠨ ᠠᠭᠤᠷᠬᠠᠶ ᠶᠢᠨ ᠮᠠᠯᠲᠠᠵᠤ ᠬᠥᠨᠳᠡᠶᠢᠷᠡᠭᠦᠯᠦᠭᠰᠡᠨ ᠣᠷᠣᠨ᠂ ᠳᠣᠷᠣᠭᠰᠢ ᠰᠠᠭᠤᠭᠰᠠᠨ ᠣᠷᠣᠨ ᠪᠠ ᠠᠭᠤᠷᠬᠠᠶ ᠶᠢᠨ ᠣᠷᠣᠨ ᠤ ᠰᠢᠷᠣᠶ ᠭᠠᠳᠠᠭᠰᠢᠯᠠᠭᠤᠯᠬᠤ ᠲᠠᠯᠠᠪᠠᠶ ᠵᠡᠷᠭᠡ ᠣᠷᠣᠨ ᠵᠠᠶ ᠶᠢᠨ ᠡᠬᠢ ᠪᠠᠶᠠᠯᠢᠭ ᠢ ᠰᠠᠶᠢᠲᠤᠷ ᠠᠰᠢᠭᠯᠠᠵᠤ᠂ ᠠᠵᠤ ᠠᠬᠤᠶ ᠶᠢᠨ ᠦᠷ᠎ᠡ ᠠᠰᠢᠭ ᠪᠠ ᠠᠮᠢ ᠠᠬᠤᠶ ᠶᠢᠨ ᠦᠷ᠎ᠡ ᠠᠰᠢᠭ ᠤᠨ ᠬᠤᠤᠰ ᠠᠮᠵᠢᠯᠲᠠ ᠶᠢ ᠴᠢᠷᠮᠠᠶᠢᠨ ᠪᠡᠶᠡᠯᠡᠭᠦᠯᠬᠦ ᠬᠡᠷᠡᠭᠲᠡᠶ ᠭᠡᠵᠡᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号