ᠲᠦᠷᠦ ᠶᠢᠨ ᠶᠠᠪᠤᠳᠠᠯ ᠤᠨ ᠬᠤᠷᠢᠶᠠᠨ ᠤ ᠶᠢᠰᠦᠳᠦᠭᠡᠷ ᠣᠳᠠᠭᠠᠨ ᠤ ᠶᠡᠭᠡ ᠰᠢᠮᠳᠠᠭᠤᠯᠤᠨ ᠪᠠᠶᠢᠴᠠᠭᠠᠯᠲᠠ ᠶᠢ ᠤᠭᠲᠤᠬᠤ ᠠᠵᠢᠯ ᠢ ᠠᠬᠢᠭᠤᠯᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/8/11
     8 ᠰᠠᠷ᠎ᠠ ᠶᠢᠨ 9 ᠤ ᠡᠳᠦᠷ᠂ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠳᠠ ᠶᠢᠨ ᠳᠠᠷᠤᠭ᠎ᠠ ᠶᠠᠩ ᠶᠢᠨ ᠲᠦᠷᠦ ᠶᠢᠨ ᠶᠠᠪᠤᠳᠠᠯ ᠤᠨ ᠬᠤᠷᠢᠶᠠᠨ ᠤ ᠶᠢᠰᠦᠳᠦᠭᠡᠷ ᠣᠳᠠᠭᠠᠨ ᠤ ᠶᠡᠭᠡ ᠰᠢᠮᠳᠠᠭᠤᠯᠤᠨ ᠪᠠᠶᠢᠴᠠᠭᠠᠯᠲᠠ ᠶᠢ ᠤᠭᠲᠤᠬᠤ ᠠᠵᠢᠯ ᠢ ᠠᠬᠢᠭᠤᠯᠬᠤ ᠬᠤᠷᠠᠯ ᠢ ᠡᠷᠬᠢᠯᠡᠨ ᠬᠤᠷᠠᠯᠳᠤᠭᠤᠯᠵᠤ᠂ ᠲᠦᠷᠦ ᠶᠢᠨ ᠶᠠᠪᠤᠳᠠᠯ ᠤᠨ ᠬᠤᠷᠢᠶᠠᠨ ᠤ ᠶᠢᠰᠦᠳᠦᠭᠡᠷ ᠣᠳᠠᠭᠠᠨ ᠤ ᠶᠡᠭᠡ ᠰᠢᠮᠳᠠᠭᠤᠯᠤᠨ ᠪᠠᠶᠢᠴᠠᠭᠠᠯᠲᠠ ᠶᠢ ᠤᠭᠲᠤᠬᠤ ᠠᠵᠢᠯ ᠢ ᠲᠠᠬᠢᠨ ᠰᠤᠳᠤᠯᠵᠤ᠂ ᠲᠠᠬᠢᠨ ᠪᠠᠶᠢᠷᠢᠯᠠᠭᠤᠯᠪᠠ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠭᠧᠩ ᠬᠠᠶ ᠵᠢᠶᠦ᠋ᠨ᠂ ᠬᠤᠲᠠ ᠶᠢᠨ ᠳᠡᠳ᠋ ᠳᠠᠷᠤᠭ᠎ᠠ ᠴᠢᠶᠣᠤ ᠢᠦᠶ᠂ ᠸᠠᠩ ᠵᠢᠶ ᠫᠢᠩ ᠬᠤᠷᠠᠯ ᠳᠤ ᠣᠷᠣᠯᠴᠠᠪᠠ᠃      ᠬᠤᠷᠠᠯ ᠠᠴᠠ 2022 ᠣᠨ ᠤ ᠲᠥᠷᠥ ᠶᠢᠨ ᠶᠠᠪᠤᠳᠠᠯ ᠤᠨ ᠬᠤᠷᠢᠶᠠᠨ ᠤ ︽ᠢᠨᠲ᠋ᠧᠷ ᠰᠦᠯᠵᠢᠶ᠎ᠡ + ᠰᠢᠮᠳᠠᠭᠤᠯᠤᠨ ᠪᠠᠶᠢᠴᠠᠭᠠᠯᠲᠠ︾ ᠶᠢᠨ ᠲᠠᠪᠴᠠᠩ ᠤᠨ ᠰᠢᠯᠵᠢᠭᠦᠯᠦᠨ ᠰᠢᠢᠳᠪᠦᠷᠢᠯᠡᠭᠦᠯᠬᠦ ᠠᠰᠠᠭᠤᠳᠠᠯ ᠤᠨ ᠰᠦᠪᠡᠭᠴᠢ ᠶᠢᠨ ᠬᠤᠯᠪᠣᠭᠳᠠᠯ ᠪᠥᠬᠦᠶ ᠪᠠᠶᠢᠳᠠᠯ ᠢ ᠵᠠᠷᠯᠠᠨ ᠮᠡᠳᠡᠭᠳᠡᠵᠦ᠂ ᠬᠤᠲᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠲᠥᠪ ᠤᠨ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤᠨ ᠳᠠᠬᠢ ᠬᠤᠳᠠᠯᠳᠤᠭ᠎ᠠ ᠡᠵᠡᠩᠨᠡᠬᠦ ᠣᠷᠴᠢᠨ ᠲᠤᠭᠤᠷᠢᠨ ᠤ ᠲᠤᠬᠠᠶ ᠵᠠᠭᠠᠯᠳᠤᠯᠭ᠎ᠠ ᠶᠢᠨ ᠠᠰᠠᠭᠤᠳᠠᠯ ᠤᠨ ᠬᠤᠯᠪᠣᠭᠳᠠᠯ ᠪᠥᠬᠦᠶ ᠪᠠᠶᠢᠳᠠᠯ ᠪᠠ ᠡᠯ᠎ᠡ ᠲᠣᠭᠤᠷᠢᠭ᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠲᠥᠷᠥ ᠶᠢᠨ ᠶᠠᠪᠤᠳᠠᠯ ᠤᠨ ᠬᠤᠷᠢᠶᠠᠨ ᠤ ᠶᠢᠰᠦᠳᠦᠭᠡᠷ ᠤᠳᠠᠭᠠᠨ ᠤ ᠶᠡᠭᠡ ᠰᠢᠮᠳᠠᠭᠤᠯᠤᠨ ᠪᠠᠶᠢᠴᠠᠭᠠᠯᠲᠠ ᠪᠠ ᠪᠠᠶᠢᠴᠠᠭᠠᠯᠲᠠ ᠶᠢ ᠤᠭᠲᠤᠬᠤ ᠠᠵᠢᠯ ᠤᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠪᠠ᠃      ᠶᠠᠩ ᠶᠢᠨ ᠵᠢᠭᠠᠵᠤ ᠭᠠᠷᠭᠠᠭᠰᠠᠨ ᠨᠢ᠂ ᠲᠥᠷᠥ ᠶᠢᠨ ᠶᠠᠪᠤᠳᠠᠯ ᠤᠨ ᠬᠤᠷᠢᠶᠠᠨ ᠤ ᠶᠡᠭᠡ ᠰᠢᠮᠳᠠᠭᠤᠯᠤᠨ ᠪᠠᠶᠢᠴᠠᠭᠠᠯᠲᠠ ᠪᠣᠯ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠪᠥᠬᠦ ᠲᠠᠯ᠎ᠠ ᠪᠠᠷ ᠰᠢᠯᠭᠠᠨ ᠦᠵᠡᠬᠦ ᠪᠠ ᠬᠦᠴᠦᠲᠡᠶ ᠵᠢᠯᠣᠭᠤᠳᠣᠯᠭ᠎ᠠ ᠮᠥᠨ᠃ ᠡᠯ᠎ᠡ ᠲᠣᠭᠤᠷᠢᠭ᠂ ᠡᠯ᠎ᠡ ᠰᠠᠯᠠᠭ᠎ᠠ ᠮᠥᠴᠢᠷ ᠤᠨ ᠬᠢᠨ ᠦᠵᠡᠯ ᠰᠠᠨᠠᠭ᠎ᠠ ᠪᠠᠨ ᠤᠯᠠᠮ ᠨᠢᠭᠡ ᠠᠯᠬᠤᠮ ᠨᠢᠭᠡᠳᠬᠡᠵᠦ᠂ ᠲᠠᠨᠢᠯᠲᠠ ᠪᠠᠨ ᠳᠡᠭᠡᠭᠰᠢᠯᠡᠭᠦᠯᠦᠨ᠂ ᠲᠥᠷᠥ ᠶᠢᠨ ᠶᠠᠪᠤᠳᠠᠯ ᠤᠨ ᠬᠤᠷᠢᠶᠠᠨ ᠤ ᠶᠡᠭᠡ ᠰᠢᠮᠳᠠᠭᠤᠯᠤᠨ ᠪᠠᠶᠢᠴᠠᠭᠠᠯᠲᠠ ᠶᠢ ᠤᠭᠲᠤᠬᠤ ᠶᠢ ᠣᠳᠣᠬᠠᠨ ᠤ ᠨᠢᠭᠡ ᠵᠦᠢᠯ ᠤᠨ ᠴᠢᠬᠤᠯᠠ ᠤᠯᠤᠰ ᠲᠥᠷᠥ ᠶᠢᠨ ᠡᠭᠦᠷᠭᠡ ᠪᠣᠯᠭᠠᠵᠤ᠂ ᠬᠠᠷᠢᠭᠤᠴᠠᠯᠭ᠎ᠠ ᠪᠠᠨ ᠱᠠᠲᠤ ᠱᠠᠲᠤ ᠪᠠᠷ ᠪᠣᠳᠠᠲᠠᠶᠢᠵᠢᠭᠤᠯᠤᠨ᠂ ᠠᠵᠢᠯ ᠤᠨ ᠠᠷᠭ᠎ᠠ ᠬᠡᠮᠵᠢᠶ᠎ᠡ ᠪᠠᠨ ᠨᠠᠷᠢᠯᠢᠬᠵᠢᠭᠤᠯᠵᠤ᠂ ᠡᠯ᠎ᠡ ᠵᠦᠢᠯ ᠤᠨ ᠪᠠᠶᠢᠴᠠᠭᠠᠯᠳᠠ ᠶᠢᠨ ᠪᠡᠯᠡᠳᠬᠡᠯ ᠠᠵᠢᠯ ᠢᠶᠠᠨ ᠨᠠᠷᠢᠨ ᠨᠢᠮᠪᠠᠶ᠂ ᠪᠣᠳᠠᠲᠠᠶ ᠪᠠᠷ ᠬᠢᠵᠦ᠂ ᠮᠠᠨ ᠤ ᠬᠤᠲᠠ ᠶᠢᠨ ᠲᠥᠷᠥ ᠶᠢᠨ ᠶᠠᠪᠤᠳᠠᠯ ᠤᠨ ᠬᠤᠷᠢᠶᠠᠨ ᠤ ᠶᠡᠭᠡ ᠰᠢᠮᠳᠠᠭᠤᠯᠤᠨ ᠪᠠᠶᠢᠴᠠᠭᠠᠯᠲᠠ ᠶᠢᠨ ᠰᠢᠯᠭᠠᠯᠲᠠ ᠶᠢ ᠤᠷᠤᠭᠰᠢᠲᠠᠶ ᠥᠩᠭᠡᠷᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ ᠭᠡᠵᠡᠢ᠃      ᠶᠠᠩ ᠶᠢᠨ ᠴᠢᠬᠤᠯᠠᠴᠢᠯᠠᠭᠰᠠᠨ ᠨᠢ᠂ ᠡᠯ᠎ᠡ ᠲᠣᠭᠤᠷᠢᠭ᠂ ᠡᠯ᠎ᠡ ᠰᠠᠯᠠᠭ᠎ᠠ ᠮᠥᠴᠢᠷ ᠤᠨ ᠬᠢᠨ ᠳᠡᠭᠡᠳᠦ ᠲᠠᠯ᠎ᠠ ᠠᠴᠠ ᠪᠣᠳᠣᠯᠬᠢᠯᠠᠨ᠂ ᠲᠥᠷᠥ ᠶᠢᠨ ᠶᠠᠪᠤᠳᠠᠯ ᠤᠨ ᠬᠤᠷᠢᠶᠠᠨ ᠤ ᠶᠡᠭᠡ ᠰᠢᠮᠳᠠᠭᠤᠯᠤᠨ ᠪᠠᠶᠢᠴᠠᠭᠠᠯᠲᠠ ᠶᠢᠨ ᠰᠢᠯᠭᠠᠨ ᠦᠵᠡᠬᠦ ᠰᠢᠯᠭᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠦᠨᠡᠨ ᠠᠴᠠ ᠵᠥᠪ ᠢ ᠡᠷᠢᠵᠦ ᠠᠵᠢᠯ ᠢᠶᠠᠨ ᠬᠠᠷᠢᠭᠤ ᠮᠡᠳᠡᠭᠦᠯᠵᠦ᠂ ᠠᠰᠠᠭᠤᠳᠠᠯ ᠢ ᠪᠤᠰᠤᠳᠴᠢ ᠪᠠᠷ ᠦᠨᠡᠨ ᠪᠣᠳᠠᠲᠠᠶ ᠪᠠᠷ ᠲᠤᠰᠬᠠᠵᠤ᠂ ᠮᠠᠨ ᠤ ᠬᠤᠲᠠ ᠶᠢᠨ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠤᠭᠰᠠᠨ ᠪᠣᠳᠠᠲᠠᠶ ᠪᠠᠶᠢᠳᠠᠯ ᠪᠠ ᠠᠵᠢᠯ ᠤᠨ ᠦᠷ᠎ᠡ ᠪᠦᠲᠦᠮᠵᠢ ᠪᠠᠨ ᠬᠦᠢᠴᠡᠳ ᠢᠯᠡᠷᠡᠭᠦᠯᠬᠦ ᠬᠡᠷᠡᠭᠲᠡᠶ᠃ ᠪᠣᠳᠠᠲᠠᠢ ᠠᠴᠠ ᠬᠦᠴᠦᠯᠡᠵᠦ᠂ 9 ᠲᠠᠯ᠎ᠠ ᠶᠢᠨ ᠰᠢᠮᠳᠠᠭᠤᠯᠤᠨ ᠪᠠᠶᠢᠴᠠᠭᠠᠬᠤ ᠭᠤᠣᠯᠳᠠᠯᠭ᠎ᠠ ᠲᠠᠢ ᠬᠠᠷᠢᠴᠠᠭᠤᠯᠵᠤ᠂ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢᠶᠠᠨ ᠱᠠᠯᠠᠪᠳᠠᠨ ᠡᠮᠬᠢᠯᠡᠵᠦ᠂ ᠠᠰᠠᠭᠤᠳᠠᠯ ᠤᠨ ᠰᠦᠪᠡᠭᠴᠢ ᠶᠢ ᠪᠣᠳᠠᠲᠠᠢ ᠠᠳᠬᠤᠨ ᠪᠠᠶᠢᠴᠠᠭᠠᠨ ᠴᠡᠭᠴᠡᠯᠡᠵᠦ᠂ ᠰᠢᠮᠳᠠᠭᠤᠯᠤᠨ ᠪᠠᠶᠢᠴᠠᠭᠠᠬᠤ ᠬᠤᠭᠤᠴᠠᠭᠠᠨ ᠳᠠᠬᠢ ᠤᠯᠠᠨ ᠲᠦᠮᠡᠨ ᠤ ᠠᠵᠢᠯ ᠢ ᠰᠠᠶᠢᠲᠤᠷ ᠠᠳᠬᠤᠵᠤ᠂ ᠡᠯ᠎ᠡ ᠵᠦᠢᠯ ᠤᠨ ᠠᠵᠢᠯ ᠢᠶᠠᠨ ᠦᠨᠡᠨᠬᠦ ᠨᠠᠷᠢᠯᠢᠭ ᠬᠢᠵᠦ᠂ ᠪᠣᠳᠠᠲᠠᠢ ᠳᠤ ᠨᠠᠶᠢᠳᠠᠪᠤᠷᠢᠵᠢᠭᠤᠯᠬᠤ ᠬᠡᠷᠡᠭᠲᠡᠢ᠃ ᠨᠠᠷᠢᠨ ᠲᠠᠯ᠎ᠠ ᠠᠴᠠ ᠭᠠᠷᠳᠠᠵᠤ᠂ ᠵᠠᠩᠭᠢᠯᠠᠭ᠎ᠠ ᠶᠢᠨ ᠬᠥᠮᠦᠨ᠂ ᠵᠠᠩᠭᠢᠯᠠᠭ᠎ᠠ ᠶᠢᠨ ᠶᠠᠪᠤᠳᠠᠯ᠂ ᠵᠠᠩᠭᠢᠯᠠᠭ᠎ᠠ ᠶᠢᠨ ᠭᠠᠵᠠᠷ ᠢ ᠴᠢᠩᠭ᠎ᠠ ᠠᠩᠬᠠᠷᠴᠤ᠂ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠰᠢᠮᠳᠠᠭᠤᠯᠤᠨ ᠰᠢᠢᠳᠪᠦᠷᠢᠯᠡᠭᠦᠯᠵᠦ᠂ ᠪᠠᠲᠤᠯᠠᠭ᠎ᠠ ᠪᠠᠨ ᠪᠣᠳᠠᠲᠠᠶᠢᠵᠢᠭᠤᠯᠵᠤ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠤᠨ ᠠᠵᠢᠯ ᠢ ᠥᠷᠨᠢᠭᠦᠯᠬᠦ ᠳᠤ ᠢᠳᠡᠪᠬᠢᠲᠡᠶ ᠬᠠᠮᠵᠢᠯᠴᠠᠨ᠂ ᠰᠢᠮᠳᠠᠭᠤᠯᠤᠨ ᠪᠠᠶᠢᠴᠠᠭᠠᠬᠤ ᠠᠵᠢᠯ ᠤᠨ ᠤᠷᠤᠭᠰᠢᠲᠠᠶ ᠶᠠᠪᠤᠭᠳᠠᠬᠤ ᠶᠢ ᠦᠨᠡᠨᠬᠦ ᠪᠠᠲᠤᠯᠠᠵᠤ᠂ ᠠᠯᠳᠠᠭ᠎ᠠ ᠪᠤᠷᠤᠭᠤ ᠭᠠᠷᠭᠠᠬᠤ ᠥᠬᠡᠶ ᠪᠠᠶᠢᠬᠤ ᠬᠡᠷᠡᠭᠲᠡᠶ ᠭᠡᠵᠡᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号