ᠬᠤᠲᠠ ᠶᠢᠨ ᠵᠠᠰᠠᠭ ᠤᠨ ᠣᠷᠳᠣᠨ ᠲᠤᠰᠬᠠᠶ ᠰᠡᠳᠦᠪᠲᠦ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/8/11
     8 ᠰᠠᠷ᠎ᠠ ᠶᠢᠨ 10 ᠤ ᠡᠳᠦᠷ᠂ ᠬᠤᠲᠠ ᠶᠢᠨ ᠵᠠᠰᠠᠭ ᠤᠨ ᠣᠷᠳᠣᠨ ᠲᠤᠰᠬᠠᠶ ᠰᠡᠳᠦᠪᠲᠦ ᠬᠤᠷᠠᠯ ᠬᠤᠷᠠᠯᠳᠤᠭᠤᠯᠵᠤ᠂ ︽ᠣᠯᠠᠨ ᠲᠦᠮᠡᠨ ᠤ ᠠᠮᠤᠷ ᠲᠦᠪᠰᠢᠨ ᠬᠠᠯᠠᠭᠤᠨ ᠳᠤᠯᠠᠭᠠᠨ ᠢᠶᠠᠷ ᠡᠪᠦᠯᠵᠢᠬᠦ ᠶᠢ ᠪᠠᠲᠤᠯᠠᠬᠤ︾ ᠠᠵᠢᠯ ᠢ ᠰᠤᠳᠤᠯᠪᠠ᠃ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠳᠠ ᠶᠢᠨ ᠳᠠᠷᠤᠭ᠎ᠠ ᠶᠠᠩ ᠶᠢᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠪᠠᠶᠢᠩᠭᠤ ᠶᠢᠨ ᠳᠡᠳ᠋ ᠳᠠᠷᠤᠭ᠎ᠠ ᠵᠢᠶᠠ ᠴᠢᠩ ᠳ᠋ᠦᠩ ᠬᠤᠷᠠᠯ ᠳᠤ ᠣᠷᠣᠯᠴᠠᠵᠠᠶ᠃      ᠬᠤᠷᠠᠯ ᠳᠡᠭᠡᠷ᠎ᠡ᠂ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠡᠨᠧᠷᠭᠢ ᠶᠢᠨ ᠲᠣᠪᠴᠢᠶ᠎ᠠ᠂ ᠬᠤᠲᠠ ᠶᠢᠨ ᠵᠠᠰᠠᠭ ᠵᠠᠭᠢᠷᠭᠠᠨ ᠤ ᠶᠡᠷᠦᠩᠬᠡᠶᠢᠯᠡᠨ ᠬᠠᠤᠯᠢ ᠬᠡᠷᠡᠭᠵᠢᠭᠦᠯᠬᠦ ᠲᠣᠪᠴᠢᠶ᠎ᠠ ︽ᠣᠯᠠᠨ ᠲᠦᠮᠡᠨ ᠤ ᠠᠮᠤᠷ ᠲᠦᠪᠰᠢᠨ ᠬᠠᠯᠠᠭᠤᠨ ᠳᠤᠯᠠᠭᠠᠨ ᠢᠶᠠᠷ ᠡᠪᠦᠯᠵᠢᠬᠦ ᠶᠢ ᠪᠠᠲᠤᠯᠠᠬᠤ︾ ᠠᠵᠢᠯ ᠤᠨ ᠪᠡᠯᠡᠳᠬᠡᠯ ᠤᠨ ᠪᠠᠶᠢᠳᠠᠯ ᠢᠶᠠᠨ ᠬᠠᠷᠢᠭᠤ ᠮᠡᠳᠡᠭᠦᠯᠵᠦ᠂ ᠡᠯ᠎ᠡ ᠲᠣᠭᠤᠷᠢᠭ ᠤᠨ ᠬᠢᠨ ᠣᠪᠣᠷ ᠢᠶᠠᠨ ᠢᠯᠡᠳᠬᠡᠬᠦ ᠶᠠᠷᠢᠶ᠎ᠠ ᠲᠠᠯᠪᠢᠪᠠ᠃      ᠶᠠᠩ ᠶᠢᠨ ᠬᠡᠯᠡᠭᠰᠡᠨ ᠨᠢ᠂ ᠡᠪᠦᠯ ᠤᠨ ᠤᠯᠠᠷᠢᠯ ᠤᠨ ᠳᠤᠯᠠᠭᠠᠯᠠᠭ᠎ᠠ ᠨᠢ ᠠᠷᠠᠳ ᠤᠯᠠᠨ ᠤ ᠲᠤᠰ ᠪᠡᠶ᠎ᠡ ᠶᠢᠨ ᠠᠰᠢᠭ ᠲᠤᠰᠠ ᠲᠠᠢ ᠬᠤᠯᠪᠣᠭᠳᠠᠵᠤ᠂ ᠴᠢᠬᠤᠯᠠ ᠠᠷᠠᠳ ᠤᠨ ᠠᠮᠢᠳᠤᠷᠠᠯ ᠤᠨ ᠢᠨᠵᠧᠨᠧᠷᠢᠩ ᠪᠠ ᠠᠷᠠᠳ ᠤᠨ ᠰᠡᠳᠬᠢᠯ ᠤᠨ ᠢᠨᠵᠧᠨᠧᠷᠢᠩ ᠪᠣᠯᠤᠨ᠎ᠠ᠃ ᠡᠯ᠎ᠡ ᠲᠣᠭᠤᠷᠢᠭ᠂ ᠡᠯ᠎ᠡ ᠰᠠᠯᠠᠭ᠎ᠠ ᠮᠥᠴᠢᠷ ᠤᠨ ᠬᠢᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠳᠠ ᠶᠢᠨ ᠨᠠᠮ ᠤᠨ ᠬᠤᠷᠢᠶᠠᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠠᠷᠠᠳ ᠲᠦᠮᠡᠨ ᠢᠶᠠᠷ ᠭᠤᠣᠯ ᠪᠣᠯᠭᠠᠭᠰᠠᠨ ᠬᠥᠭᠵᠢᠯᠲᠡ ᠶᠢᠨ ᠦᠵᠡᠯ ᠰᠠᠨᠠᠭ᠎ᠠ ᠶᠢ ᠦᠢᠯᠡᠳᠦᠯᠭᠡᠵᠢᠭᠦᠯᠵᠦ᠂ ᠠᠵᠢᠯ ᠤᠨ ᠬᠠᠷᠢᠭᠤᠴᠠᠯᠭᠠᠲᠤ ᠰᠡᠳᠬᠢᠯᠭᠡ᠂ ᠲᠤᠯᠭᠠᠮ᠎ᠠ ᠰᠡᠳᠬᠢᠯᠭᠡ ᠪᠠᠨ ᠴᠢᠨᠠᠭᠰᠢᠳᠠ ᠴᠢᠩᠭᠠᠳᠬᠠᠵᠤ᠂ ᠨᠢᠭᠲᠠ ᠬᠠᠮᠵᠢᠯᠴᠠᠵᠤ᠂ ᠵᠣᠬᠢᠴᠠᠭᠤᠯᠤᠨ ᠬᠥᠳᠡᠯᠦᠯᠴᠡᠵᠦ᠂ ᠠᠷᠭ᠎ᠠ ᠬᠡᠮᠵᠢᠶ᠎ᠡ ᠪᠠᠨ ᠲᠡᠬᠦᠯᠳᠡᠷᠵᠢᠬᠦᠯᠵᠦ᠂ ᠥᠨᠳᠥᠷ ᠪᠠᠷᠢᠮᠵᠢᠶ᠎ᠠ ᠴᠢᠨᠠᠷ ᠰᠠᠶᠢᠲᠠᠢ ᠪᠠᠷ ᠡᠪᠦᠯ ᠤᠨ ᠤᠯᠠᠷᠢᠯ ᠤᠨ ᠳᠤᠯᠠᠭᠠᠯᠠᠭ᠎ᠠ ᠶᠢᠨ ᠠᠵᠢᠯ  ᠢᠶᠠᠨ ᠰᠠᠶᠢᠲᠤᠷ ᠬᠢᠬᠦ ᠬᠡᠷᠡᠭᠲᠡᠢ᠃ ᠠᠵᠢᠯ ᠤᠨ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠬᠤᠲᠠ ᠶᠢᠨ ᠶᠠᠪᠤᠳᠠᠯ ᠤᠨ ᠢᠯᠴᠢ ᠬᠠᠩᠭᠠᠬᠤ ᠬᠤᠭᠤᠯᠠᠶ ᠲᠣᠤᠷ ᠢ ᠰᠢᠨᠡᠳᠬᠡᠨ ᠥᠭᠡᠷᠡᠴᠢᠯᠡᠬᠦ ᠡᠷᠴᠢᠮ ᠢᠶᠠᠨ ᠴᠢᠩᠭᠠᠷᠠᠭᠤᠯᠤᠨ᠂ ᠬᠠᠭᠤᠴᠢᠨ ᠵᠢᠵᠢᠭ ᠲᠣᠭᠤᠷᠢᠭ᠂ ᠠᠷᠢᠭᠤᠨ ᠴᠡᠪᠡᠷ ᠳᠤᠯᠠᠭᠠᠯᠠᠭ᠎ᠠ ᠶᠢᠨ ᠥᠭᠡᠷᠡᠴᠢᠯᠡᠯᠲᠡ ᠶᠢᠨ ᠠᠬᠢᠴᠠ ᠪᠠᠨ ᠲᠦᠷᠭᠡᠳᠬᠡᠵᠦ᠂ ᠢᠯᠴᠢ ᠬᠠᠩᠭᠠᠬᠤ ᠶᠠᠰᠤ ᠴᠢᠨᠠᠷ ᠢᠶᠠᠨ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠶ᠃ ᠠᠮᠤᠷ ᠲᠦᠪᠰᠢᠨ ᠤ ᠤᠬᠠᠮᠰᠠᠷ ᠢᠶᠠᠨ ᠴᠢᠩᠭᠠᠳᠬᠠᠵᠤ᠂ ᠬᠤᠷᠢᠭ᠎ᠠ ᠱᠤᠭᠤᠮ ᠤᠨ ᠰᠡᠳᠬᠢᠬᠦᠢ ᠶᠢ ᠪᠠᠲᠤ ᠪᠤᠢ ᠪᠣᠯᠭᠠᠵᠤ᠂ ︽ᠡᠪᠦᠯ ᠡᠪᠳᠡᠷᠡᠭᠰᠡᠨ ᠢ ᠵᠤᠨ ᠵᠠᠰᠠᠬᠤ︾ ᠱᠠᠭᠠᠷᠳᠠᠯᠭ᠎ᠠ ᠶᠣᠰᠣᠭᠠᠷ᠂ ᠢᠯᠴᠢ ᠬᠠᠩᠭᠠᠬᠤ ᠲᠥᠬᠦᠭᠡᠷᠦᠮᠵᠢ ᠶᠢ ᠰᠡᠯᠪᠢᠨ ᠵᠠᠰᠠᠵᠤ ᠬᠠᠮᠠᠭᠠᠯᠠᠬᠤ ᠵᠡᠷᠭᠡ ᠠᠵᠢᠯ ᠢᠶᠠᠨ ᠯᠠᠪᠳᠠᠭᠤᠨ ᠪᠠᠲᠤᠲᠠᠢ ᠰᠠᠶᠢᠲᠤᠷ ᠬᠢᠵᠦ᠂ ᠠᠮᠤᠷ ᠲᠦᠪᠰᠢᠨ ᠤ ᠭᠡᠮ ᠰᠣᠭᠤᠭ ᠢ ᠴᠠᠭ ᠲᠤᠬᠠᠢ ᠳᠤᠨᠢ ᠪᠠᠶᠢᠴᠠᠭᠠᠨ ᠠᠷᠢᠯᠭᠠᠵᠤ᠂ ᠡᠯ᠎ᠡ ᠵᠦᠢᠯ ᠤᠨ ᠪᠠᠴᠢᠮ ᠪᠠᠶᠢᠳᠠᠯ ᠢ ᠠᠷᠭᠠᠴᠠᠭᠠᠬᠤ ᠲᠥᠰᠦᠯ ᠢᠶᠠᠨ ᠪᠠᠶᠢᠭᠤᠯᠤᠨ ᠲᠡᠭᠦᠯᠳᠡᠷᠵᠢᠭᠦᠯᠵᠦ᠂ ᠢᠯᠴᠢ ᠬᠠᠩᠭᠠᠬᠤ ᠶᠢ ᠪᠠᠲᠤᠯᠠᠬᠤ ᠦᠢᠯᠡᠴᠢᠯᠡᠭᠡ ᠪᠠᠨ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠤᠯᠠᠨ ᠲᠦᠮᠡᠨ ᠤ ᠠᠮᠤᠷ ᠲᠦᠪᠰᠢᠨ ᠬᠠᠯᠠᠭᠤᠨ ᠳᠤᠯᠠᠭᠠᠨ ᠢᠶᠠᠷ ᠡᠪᠦᠯᠵᠢᠬᠦ ᠶᠢ ᠪᠠᠲᠤᠯᠠᠬᠤ ᠬᠡᠷᠡᠭᠲᠡᠢ ᠭᠡᠵᠡᠢ᠃  
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号