ᠪᠦᠬᠦ ᠬᠤᠲᠠ ᠶᠢᠨ ᠵᠠᠳᠠᠷᠠᠵᠤ ᠪᠣᠯᠬᠤ ᠰᠦᠯᠢᠶᠣᠣ ᠶᠢᠨ ᠠᠵᠤ ᠦᠢᠯᠡᠰ ᠤᠨ ᠬᠥᠭᠵᠢᠯᠲᠡ ᠶᠢᠨ ᠲᠤᠰᠬᠠᠢ ᠰᠡᠳᠦᠪᠲᠦ ᠶᠠᠷᠢᠯᠴᠠᠬᠤ ᠬᠤᠷᠠᠯ ᠬᠤᠷᠠᠯᠳᠣᠪᠠ
ᠨᠡᠶᠢᠲᠡᠯᠡᠭᠰᠡᠨ ᠴᠠᠭ᠄
2022/8/12
     8 ᠰᠠᠷ᠎ᠠ ᠶᠢᠨ 11 ᠤ ᠡᠳᠦᠷ᠂ ᠪᠦᠬᠦ ᠬᠤᠳᠠ ᠶᠢᠨ ᠵᠠᠳᠠᠷᠠᠵᠤ ᠪᠣᠯᠬᠤ ᠰᠦᠯᠢᠶᠣᠣ ᠶᠢᠨ ᠠᠵᠤ ᠦᠢᠯᠡᠰ ᠤᠨ ᠬᠥᠭᠵᠢᠯᠲᠡ ᠶᠢᠨ ᠲᠤᠰᠬᠠᠢ ᠰᠡᠳᠦᠪᠲᠦ ᠶᠠᠷᠢᠯᠴᠠᠬᠤ ᠬᠤᠷᠠᠯ ᠬᠤᠷᠠᠯᠳᠤᠪᠠ᠃ ᠬᠤᠲᠠ ᠶᠢᠨ ᠨᠠᠮ ᠤᠨ ᠬᠤᠷᠢᠶᠠᠨ ᠤ ᠱᠦᠵᠢ ᠲᠠᠩ ᠢ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ ᠂ ᠬᠤᠲᠠ ᠶᠢᠨ ᠳᠠᠷᠤᠭ᠎ᠠ ᠶᠠᠩ ᠶᠢᠨ᠂ ᠬᠤᠲᠠ ᠶᠢᠨ ᠤᠳᠤᠷᠢᠳᠤᠯᠭ᠎ᠠ ᠵᠢᠶᠠ ᠴᠢᠩ ᠳ᠋ᠦᠩ᠂ ᠯᠢ ᠴᠦᠨ ᠰᠢᠶᠤᠤ᠂ ᠬᠤᠤ ᠰᠢ ᠬᠤᠩ᠂ ᠴᠢᠶᠣᠤ ᠢᠦᠶ ᠬᠤᠷᠠᠯ ᠳᠤ ᠣᠷᠣᠯᠴᠠᠵᠠᠶ᠃ ᠬᠤᠲᠠ ᠶᠢᠨ ᠳᠡᠳ᠋ ᠳᠠᠷᠤᠭ᠎ᠠ ᠸᠠᠩ ᠵᠢᠶ ᠫᠢᠩ ᠬᠤᠷᠠᠯ ᠡᠷᠭᠢᠯᠡᠪᠡ᠃      ᠬᠤᠷᠠᠯ ᠠᠴᠠ ᠦᠬᠠᠶ ᠬᠤᠲᠠ ᠶᠢᠨ ᠵᠠᠳᠠᠷᠠᠵᠤ ᠪᠣᠯᠬᠤ ᠰᠦᠯᠢᠶᠣᠣ ᠶᠢᠨ ᠠᠵᠤ ᠦᠢᠯᠡᠰ ᠤᠨ ᠬᠤᠯᠪᠣᠭ᠎ᠠ ᠪᠠᠶᠢᠭᠤᠯᠬᠤ ᠪᠡᠯᠡᠳᠬᠡᠯ ᠠᠵᠢᠯ ᠤᠨ ᠪᠠᠶᠢᠳᠠᠯ ᠤᠨ ᠮᠡᠳᠡᠬᠦᠯᠦᠯᠳᠡ ᠶᠢ ᠰᠣᠨᠣᠰᠴᠤ᠂ ᠳ᠋ᠦᠩ ᠶᠤᠸᠠᠨ ᠰᠢᠨᠵᠢᠯᠡᠬᠦ ᠤᠬᠠᠭᠠᠨ ᠮᠡᠷᠭᠡᠵᠢᠯ᠂ ᠵᠢᠶᠦ᠋ᠨ ᠵᠧᠩ ᠬᠢᠮᠢ ᠶᠢᠨ ᠠᠵᠤ ᠦᠢᠯᠡᠳᠪᠦᠷᠢ᠂ ᠬᠤᠸᠠ ᠾᠧᠩ ᠡᠨᠧᠷᠭᠢ᠂ ᠰᠠᠨ ᠸᠧᠢ ᠰᠢᠨ᠎ᠡ ᠮᠠᠲ᠋ᠧᠷᠢᠶᠠᠯ᠂ ᠭᠤᠸᠠᠩ ᠶᠢᠨ ᠰᠢᠨ᠎ᠡ ᠮᠠᠲ᠋ᠧᠷᠢᠶᠠᠯ ᠵᠡᠷᠭᠡ 5 ᠠᠵᠤ ᠠᠬᠤᠶᠢᠯᠠᠯ ᠤᠨ ᠬᠠᠷᠢᠭᠤᠴᠠᠯᠭᠠᠲᠠᠨ ᠵᠠᠳᠠᠷᠠᠵᠤ ᠪᠣᠯᠬᠤ ᠰᠦᠯᠢᠶᠣᠣ ᠶᠢᠨ ᠠᠵᠤ ᠦᠢᠯᠡᠰ ᠤᠨ ᠬᠥᠭᠵᠢᠯᠲᠡ ᠪᠣᠯᠤᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠪᠠᠶᠢᠳᠠᠯ ᠤᠨ ᠲᠣᠭᠤᠷᠢᠨ ᠳᠤ ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠵᠤ᠂ ᠬᠤᠳᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠣᠯᠤᠨ ᠨᠡᠶᠢᠭᠡᠮ ᠤᠨ ᠪᠠᠲᠤᠯᠠᠭ᠎ᠠ ᠶᠢᠨ ᠲᠤᠪᠴᠢᠶ᠎ᠠ ᠪᠣᠯᠤᠨ ᠦᠬᠠᠢ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠬᠢᠨ ᠭᠤᠣᠯᠳᠠᠯᠭ᠎ᠠ ᠲᠠᠢ ᠠᠵᠢᠯ ᠤᠨ ᠲᠤᠬᠠᠢ ᠬᠤᠯᠪᠣᠭᠳᠠᠯ ᠪᠦᠬᠦᠢ ᠪᠠᠶᠢᠳᠠᠯ ᠢᠶᠠᠨ ᠬᠠᠷᠢᠭᠤ ᠮᠡᠳᠡᠭᠦᠯᠪᠡ᠃      ᠲᠠᠩ ᠢ ᠬᠡᠯᠡᠭᠰᠡᠨ ᠨᠢ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠪᠥᠬᠦ ᠤᠯᠤᠰ ᠲᠤ ᠨᠥᠯᠥᠭᠡᠯᠡᠬᠦ ᠬᠦᠴᠦᠨ ᠲᠠᠢ᠂ ᠥᠷᠢᠰᠦᠯᠳᠦᠬᠦ ᠬᠦᠴᠦᠨ ᠲᠠᠢ ᠵᠠᠳᠠᠷᠠᠵᠤ ᠪᠣᠯᠬᠤ ᠰᠦᠯᠢᠶᠣᠣ ᠶᠢᠨ ᠠᠵᠤ ᠦᠢᠯᠡᠰ ᠤᠨ ᠰᠠᠭᠤᠷᠢᠨ ᠭᠠᠵᠠᠷ ᠢ ᠪᠠᠶᠢᠭᠤᠯᠬᠤ ᠶᠢ ᠭᠠᠵᠠᠷ ᠣᠷᠣᠨ ᠤ ᠬᠡᠯᠪᠡᠷᠢ ᠪᠠᠨ ᠬᠤᠪᠢᠷᠠᠭᠤᠯᠤᠨ ᠬᠦᠭᠵᠢᠬᠦᠯᠬᠦ ᠶᠢ ᠳᠥᠯᠭᠢᠨ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠭᠠᠬᠤ ᠪᠠᠷ ᠬᠦᠴᠦᠯᠡᠨ ᠴᠢᠷᠮᠠᠶᠢᠨ᠎ᠠ᠃ ᠮᠠᠨ ᠤ ᠬᠤᠲᠠ ᠡᠬᠢ ᠪᠠᠶᠠᠯᠢᠭ᠂ ᠥᠪᠡᠷ ᠤᠨ ᠥᠷᠲᠡᠭ᠂ ᠣᠷᠣᠨ ᠪᠠᠶᠢᠷᠢ ᠪᠠ ᠠᠵᠤ ᠦᠢᠯᠡᠰ ᠵᠡᠷᠭᠡ ᠣᠯᠠᠨ ᠲᠠᠯ᠎ᠠ ᠶᠢᠨ ᠳᠠᠪᠠᠭᠤᠯᠢᠭ ᠲᠠᠢ᠂ ᠵᠠᠳᠠᠷᠠᠵᠤ ᠪᠣᠯᠬᠤ ᠰᠦᠯᠢᠶᠣᠣ ᠶᠢᠨ ᠠᠵᠤ ᠦᠢᠯᠡᠰ ᠤᠨ ᠬᠥᠭᠵᠢᠯᠲᠡ ᠶᠢᠨ ᠬᠠᠨᠳᠤᠰᠢ ᠶᠢ ᠠᠬᠢᠭᠤᠯᠬᠤ ᠰᠠᠭᠤᠷᠢ ᠲᠠᠢ ᠪᠥᠭᠡᠳ ᠨᠥᠬᠦᠴᠡᠯ ᠲᠠᠢ ᠶᠤᠮ᠃ ᠠᠵᠤ ᠠᠬᠤᠶᠢᠯᠠᠯᠲᠠᠳ ᠬᠥᠭᠵᠢᠯᠲᠡ ᠶᠢᠨ ᠢᠲᠡᠭᠡᠯ ᠵᠣᠷᠢᠭ ᠢᠶᠠᠨ ᠪᠠᠲᠤᠳᠬᠠᠵᠤ᠂ ᠴᠢᠷᠮᠠᠶᠢᠨ ᠲᠡᠮᠡᠴᠡᠬᠦ ᠪᠠᠷ ᠰᠢᠨ᠎ᠡ ᠠᠵᠠ ᠲᠣᠬᠢᠶᠠᠯ ᠢ ᠣᠯᠵᠤ᠂ ᠪᠦᠬᠦ ᠤᠯᠤᠰ ᠤᠨ ᠠᠵᠤ ᠦᠢᠯᠡᠰ ᠤᠨ ᠬᠥᠭᠵᠢᠯᠲᠡ ᠶᠢᠨ ᠪᠠᠶᠢᠷᠢᠰᠢᠯ ᠳᠤ ᠨᠡᠩ ᠠᠰᠢᠭᠲᠠᠢ ᠣᠷᠣᠨ ᠪᠠᠶᠢᠷᠢ ᠪᠣᠯᠤᠨ ᠨᠡᠩ ᠶᠡᠭᠡ ᠵᠠᠬ᠎ᠠ ᠳᠡᠯᠭᠡᠭᠦᠷ ᠤᠨ ᠬᠤᠪᠢ ᠶᠢ ᠡᠵᠡᠯᠡᠬᠦ ᠪᠠᠷ ᠴᠢᠷᠮᠠᠶᠢᠬᠤ ᠶᠢ ᠬᠦᠰᠡᠵᠦ ᠪᠠᠶᠢᠨ᠎ᠠ᠃ ᠬᠤᠷᠳᠤᠴᠠ  ᠪᠠᠨ ᠲᠠᠬᠢᠨ ᠲᠦᠷᠭᠡᠳᠬᠡᠵᠦ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ᠂ ᠦᠢᠯᠡᠳᠬᠦᠨ ᠤ ᠰᠤᠳᠤᠯᠤᠨ ᠨᠡᠭᠡᠭᠡᠯᠳᠡ ᠪᠠ ᠵᠠᠬ᠎ᠠ ᠳᠡᠯᠭᠡᠭᠦᠷ ᠤᠨ ᠵᠣᠯᠭᠠᠯᠴᠠᠭ᠎ᠠ ᠪᠠᠨ ᠲᠦᠷᠭᠡᠨ ᠠᠬᠢᠭᠤᠯᠵᠤ᠂ ᠤᠷᠠᠨ ᠲᠠᠷᠬᠠᠯᠠᠯ ᠤᠨ ᠲᠤᠨᠤᠭ ᠲᠥᠬᠦᠭᠡᠷᠦᠮᠵᠢ ᠶᠢᠨ ᠲᠦᠪᠰᠢᠨ ᠢᠶᠠᠨ ᠲᠠᠰᠤᠷᠠᠯᠳᠠ ᠦᠭᠡᠢ ᠳᠡᠭᠡᠭᠰᠢᠯᠡᠭᠦᠯᠵᠦ᠂ ᠠᠵᠢᠯ ᠲᠦᠷᠦᠯ ᠤᠨ ᠲᠠᠭᠠᠭᠤᠯᠤᠬᠴᠢ ᠪᠣᠯᠬᠤ ᠪᠠᠷ ᠴᠢᠷᠮᠠᠶᠢᠬᠤ ᠬᠡᠷᠡᠭᠲᠡᠢ᠃ ᠰᠢᠨ᠎ᠡ ᠬᠠᠮᠲᠤᠷᠠᠯ ᠤᠨ ᠬᠦᠴᠦᠨ ᠢ ᠡᠷᠢᠯᠬᠢᠯᠡᠵᠦ᠂ ᠮᠠᠨ ᠤ ᠬᠤᠳᠠ ᠶᠢᠨ ᠵᠠᠳᠠᠷᠠᠵᠤ ᠪᠣᠯᠬᠤ ᠰᠦᠯᠢᠶᠣᠣ ᠶᠢᠨ ᠠᠵᠤ ᠦᠢᠯᠡᠰ ᠤᠨ ᠬᠤᠯᠪᠣᠭᠠᠨ ᠤ ᠲᠠᠪᠴᠠᠩ ᠳᠤ ᠲᠦᠰᠢᠭᠯᠡᠨ᠂ ᠡᠬᠢ ᠪᠠᠶᠠᠯᠢᠭ  ᠢᠶᠠᠨ ᠤᠯᠠᠮ ᠴᠢᠨᠠᠭᠰᠢᠳᠠ ᠨᠡᠶᠢᠳᠬᠡᠵᠦ᠂ ᠳᠠᠪᠠᠭᠤᠯᠢᠭ ᠢᠶᠠᠨ ᠬᠠᠷᠢᠯᠴᠠᠨ ᠨᠥᠬᠦᠪᠥᠷᠢᠯᠡᠵᠦ᠂ ᠬᠠᠮᠲᠤ ᠪᠠᠷ ᠬᠥᠭᠵᠢᠭᠦᠯᠵᠦ᠂ ᠣᠷᠣᠨ ᠪᠦᠰᠡ ᠶᠢᠨ ᠣᠨᠴᠠᠯᠢᠭ ᠲᠠᠢ ᠳᠠᠪᠠᠭᠤᠯᠢᠭ ᠠᠵᠤ ᠦᠢᠯᠡᠰ ᠤᠨ ᠪᠦᠯᠦᠭᠵᠢᠯ ᠢ ᠬᠦᠴᠦᠯᠡᠨ ᠪᠠᠶᠢᠭᠤᠯᠬᠤ ᠬᠡᠷᠡᠭᠲᠡᠢ᠃ ᠰᠢᠨ᠎ᠡ ᠵᠠᠮ ᠢ ᠨᠡᠭᠡᠭᠡᠵᠦ᠂ ᠵᠠᠰᠠᠭ ᠠᠵᠤ ᠠᠬᠤᠶᠢᠯᠠᠯ ᠬᠠᠷᠢᠯᠴᠠᠨ ᠬᠥᠳᠡᠯᠦᠯᠴᠡᠬᠦ᠂ ᠠᠵᠤ ᠠᠬᠤᠶᠢᠯᠠᠯ ᠠᠵᠤ ᠠᠬᠤᠶᠢᠯᠠᠯ ᠬᠤᠯᠪᠣᠭᠠᠯᠠᠬᠤ᠂ ᠰᠤᠷᠭᠠᠭᠤᠯᠢ ᠠᠵᠤ ᠠᠬᠤᠶᠢᠯᠠᠯ ᠬᠠᠮᠲᠤᠷᠠᠯᠴᠠᠬᠤ ᠰᠢᠨ᠎ᠡ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠴᠢᠳᠠᠪᠤᠷᠢᠲᠠᠨ᠂ ᠡᠬᠢ ᠪᠠᠶᠠᠯᠢᠭ᠂ ᠮᠡᠷᠭᠡᠵᠢᠯ ᠪᠠ ᠵᠠᠬ᠎ᠠ ᠳᠡᠯᠭᠡᠭᠦᠷ ᠤᠨ ᠬᠠᠮᠲᠤ ᠪᠠᠷ ᠡᠳ᠋ᠯᠡᠬᠦ ᠬᠠᠮᠲᠤᠷᠠᠯᠴᠠᠭ᠎ᠠ ᠶᠢ ᠪᠡᠶᠡᠯᠡᠭᠦᠯᠬᠦ ᠵᠡᠷᠭᠡ ᠲᠠᠯ᠎ᠠ ᠪᠠᠷ ᠦᠨᠡᠨ ᠪᠣᠳᠠᠲᠠᠢ ᠠᠯᠬᠤᠮ ᠢ ᠠᠯᠬᠤᠬᠤ ᠬᠡᠷᠡᠭᠲᠡᠢ᠃ ᠰᠢᠨ᠎ᠡ ᠠᠵᠤ ᠦᠢᠯᠡᠰ ᠢ ᠲᠥᠯᠥᠪᠵᠢᠭᠦᠯᠵᠦ᠂ ᠵᠠᠬ᠎ᠠ ᠳᠡᠯᠭᠡᠭᠦᠷ ᠤᠨ ᠡᠮᠦᠨ᠎ᠡ ᠵᠠᠬ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠤ ᠦᠢᠯᠡᠰ ᠤᠨ ᠬᠥᠭᠵᠢᠯᠲᠡ ᠶᠢᠨ ᠰᠢᠨ᠎ᠡ ᠴᠢᠭᠯᠡᠯ ᠰᠢᠨ᠎ᠡ ᠠᠷᠭ᠎ᠠ ᠵᠠᠮ ᠢ ᠢᠳᠡᠪᠬᠢᠲᠡᠢ ᠰᠦᠪᠡᠭᠴᠢᠯᠡᠵᠦ᠂ ᠠᠵᠤ ᠦᠢᠯᠡᠰ ᠤᠨ ᠬᠡᠯᠬᠢᠶ᠎ᠡ ᠶᠢᠨ ᠳᠤᠤᠷᠠᠳᠤ ᠤᠷᠤᠰᠬᠠᠯ ᠲᠡᠰᠢ ᠥᠷᠭᠡᠵᠢᠬᠦ ᠶᠢ ᠠᠬᠢᠭᠤᠯᠵᠤ᠂ ᠦᠷᠳᠡᠭ ᠤᠨ ᠬᠡᠯᠬᠢᠶ᠎ᠡ ᠶᠢᠨ ᠳᠤᠮᠳᠠ ᠳᠡᠭᠡᠳᠦ ᠲᠦᠪᠰᠢᠨ ᠲᠡᠰᠢ ᠲᠡᠭᠡᠭᠰᠢᠯᠡᠬᠦᠯᠬᠦ ᠶᠢ ᠠᠬᠢᠭᠤᠯᠬᠤ ᠬᠡᠷᠡᠭᠲᠡᠢ᠃ ᠰᠢᠨ᠎ᠡ ᠪᠠᠲᠤᠯᠠᠭ᠎ᠠ ᠶᠢ ᠪᠤᠢ ᠪᠣᠯᠭᠠᠵᠤ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠰᠠᠨᠠᠭᠠᠴᠢᠯᠠᠭ᠎ᠠ ᠠᠴᠠ ᠪᠠᠨ ᠤᠷᠢᠳᠴᠢᠯᠠᠨ ᠦᠢᠯᠡᠴᠢᠯᠡᠵᠦ᠂ ᠠᠵᠤ ᠠᠬᠤᠶᠢᠯᠠᠯ ᠳᠤ ᠦᠢᠯᠡᠴᠢᠯᠡᠬᠦ᠂ ᠴᠢᠳᠠᠪᠤᠷᠢᠲᠠᠨ ᠢ ᠲᠠᠳᠠᠨ ᠠᠪᠴᠢᠷᠠᠬᠤ ᠦᠨᠡᠨ ᠪᠤᠳᠠᠳᠠᠢ ᠠᠷᠭ᠎ᠠ ᠬᠡᠮᠵᠢᠶ᠎ᠡ ᠠᠪᠴᠦ᠂ ᠠᠵᠤ ᠠᠬᠤᠶᠢᠯᠠᠯ ᠤᠨ ᠬᠥᠭᠵᠢᠯᠲᠡ ᠪᠣᠯᠤᠨ ᠮᠠᠨ ᠤ ᠬᠤᠳᠠ ᠶᠢᠨ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠰᠠᠭᠤᠷᠢᠨ ᠭᠠᠵᠠᠷ ᠤᠨ ᠪᠦᠳᠦᠬᠡᠨ ᠪᠠᠶᠢᠭᠤᠯᠤᠯᠲᠠ ᠶᠢᠨ ᠬᠤᠷᠳᠤᠴᠠ ᠪᠠᠨ ᠲᠦᠷᠭᠡᠳᠬᠡᠵᠦ ᠦᠷ᠎ᠡ ᠠᠰᠢᠭ ᠢᠶᠠᠨ ᠨᠡᠮᠡᠭᠳᠡᠭᠦᠯᠬᠦ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ ᠭᠡᠵᠡᠢ᠃  
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号