ᠮᠠᠨ ᠤ ᠬᠤᠲᠠ ᠶᠢᠨ ᠰᠢᠨᠵᠢᠯᠡᠨ ᠪᠠᠶᠢᠴᠠᠭᠠᠬᠤ ᠪᠦᠯᠬᠦᠮ ᠠᠯᠠᠱᠠ ᠠᠶᠢᠮᠠᠭ ᠲᠤ ᠬᠦᠷᠴᠦ ᠡᠨᠧᠷᠭᠢ ᠶᠢᠨ ᠬᠦᠷᠢᠶᠡᠨ ᠤ ᠬᠠᠮᠲᠤᠷᠠᠯᠴᠠᠭᠠᠨ ᠤ ᠶᠠᠪᠤᠳᠠᠯ ᠢ ᠵᠣᠯᠭᠠᠭᠤᠯᠤᠨ ᠰᠢᠨᠵᠢᠯᠡᠨ ᠪᠠᠶᠢᠴᠠᠭᠠᠪᠠ
ᠨᠡᠶᠢᠲᠡᠯᠡᠭᠰᠡᠨ ᠴᠠᠭ᠄
2022/8/12
     8 ᠰᠠᠷ᠎ᠠ ᠶᠢᠨ 10 ᠤ ᠡᠳᠦᠷ ᠤᠨ ᠦᠳᠡ ᠶᠢᠨ ᠬᠤᠶᠢᠨ᠎ᠠ᠂ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠳᠠ ᠶᠢᠨ ᠳᠠᠷᠤᠭ᠎ᠠ ᠶᠠᠩ ᠶᠢᠨ ᠪᠦᠯᠬᠦᠮ ᠳᠠᠭᠠᠭᠤᠯᠤᠨ ᠠᠯᠠᠱᠠ ᠠᠶᠢᠮᠠᠭ ᠲᠤ ᠬᠦᠷᠴᠦ᠂ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠯᠢ ᠵᠦᠩ ᠽᠧᠩ ᠲᠠᠢ ᠡᠨᠧᠷᠭᠢ ᠶᠢᠨ ᠬᠦᠷᠢᠶᠡᠨ ᠤ ᠬᠠᠮᠲᠤᠷᠠᠯᠴᠠᠭᠠᠨ ᠤ ᠶᠠᠪᠤᠳᠠᠯ ᠤᠨ ᠲᠤᠬᠠᠢ ᠵᠣᠯᠭᠠᠭᠤᠯᠵᠤ᠂ ᠬᠤᠶᠠᠷ ᠲᠠᠯ᠎ᠠ ᠪᠠᠷ ᠢᠶᠠᠨ ᠬᠠᠮᠲᠤᠷᠠᠯᠴᠠᠭᠠᠨ ᠤ ᠪᠦᠳᠦᠭᠦᠪᠴᠢ ᠵᠥᠪᠯᠡᠯᠴᠡᠭᠡᠷ ᠲᠤᠬᠢᠷᠠᠯᠴᠠᠪᠠ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠪᠠᠶᠢᠩᠭᠤ ᠶᠢᠨ ᠳᠡᠳ᠋ ᠳᠠᠷᠤᠭ᠎ᠠ ᠵᠢᠶᠠ ᠴᠢᠩ ᠳ᠋ᠦᠩ᠂ ᠬᠤᠲᠠ ᠶᠢᠨ ᠳᠡᠳ᠋ ᠳᠠᠷᠤᠭ᠎ᠠ ᠴᠢᠶᠣᠤ ᠢᠦᠶ᠂ ᠠᠯᠠᠱᠠ ᠠᠶᠢᠮᠠᠭ ᠤᠨ ᠳᠡᠳ᠋ ᠳᠠᠷᠤᠭ᠎ᠠ ᠺᠦᠩ ᠳ᠋ᠧ ᠬᠦᠶ ᠪᠠᠷ᠎ᠠ ᠪᠣᠯᠵᠣ ᠰᠢᠨᠵᠢᠯᠡᠨ ᠪᠠᠶᠢᠴᠠᠭᠠᠵᠤ ᠶᠠᠷᠢᠯᠴᠠᠬᠤ ᠬᠤᠷᠠᠯ  ᠳᠤ ᠣᠷᠣᠯᠴᠠᠪᠠ᠃      ᠶᠠᠩ ᠶᠢᠨ ᠨᠡᠷ ᠤᠷᠢᠳ ᠬᠤᠵᠢᠳ ᠥᠪᠥᠷ ᠮᠣᠩᠭᠤᠯ ᠤᠨ ᠯᠢᠩ ᠱᠧᠩ ᠲᠠᠷᠢᠮᠠᠯ ᠤᠨ ᠰᠢᠨᠵᠢᠯᠡᠬᠦ ᠤᠬᠠᠭᠠᠨ ᠮᠡᠷᠭᠡᠵᠢᠯ᠂ ᠬᠤ᠋ ᠮᠧᠩ ᠡᠨᠧᠷᠭᠢ ᠶᠢᠨ ᠠᠵᠤ ᠦᠢᠯᠡᠰ᠂ ᠥᠪᠥᠷ ᠮᠣᠩᠭᠤᠯ ᠤᠨ ᠵᠦᠩ ᠱᠧᠩ ᠰᠢᠨᠵᠢᠯᠡᠬᠦ ᠤᠬᠠᠭᠠᠨ ᠮᠡᠷᠭᠡᠵᠢᠯ᠂ ᠲᠤᠮᠳᠠᠲᠤ ᠣᠯᠣᠰ ᠤᠨ ᠲᠠᠪᠤᠰᠣᠨ ᠤ ᠦᠢᠯᠡᠰ ᠤᠨ ᠥᠪᠥᠷ ᠮᠣᠩᠭᠤᠯ ᠤᠨ ᠬᠢᠮᠢ ᠶᠢᠨ ᠠᠵᠤ ᠦᠢᠯᠡᠳᠪᠦᠷᠢ ᠶᠢᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠵᠡᠷᠭᠡ ᠭᠠᠵᠠᠷ ᠢᠶᠠᠷ ᠰᠢᠨᠵᠢᠯᠡᠨ ᠪᠠᠶᠢᠴᠠᠭᠠᠵᠤ᠂ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ᠂ ᠠᠵᠤ ᠦᠢᠯᠡᠰ ᠤᠨ ᠬᠥᠭᠵᠢᠯᠲᠡ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠡᠭᠦᠳᠦᠯᠲᠡ᠂ ᠵᠠᠬ᠎ᠠ ᠳᠡᠯᠭᠡᠭᠦᠷ ᠤᠨ ᠠᠯᠤᠰ ᠢᠷᠡᠭᠡᠳᠦᠢ ᠵᠡᠷᠭᠡ ᠪᠠᠶᠢᠳᠠᠯ ᠢ ᠨᠢ ᠨᠠᠷᠢᠨ ᠣᠶᠢᠯᠠᠭᠠᠪᠠ᠃      ᠲᠠᠷᠠᠭ᠎ᠠ ᠨᠢ᠂ ᠬᠤᠶᠠᠷ ᠲᠠᠯ᠎ᠠ ᠪᠠᠷ ᠢᠶᠠᠨ ᠶᠠᠷᠢᠯᠴᠠᠬᠤ ᠬᠤᠷᠠᠯ ᠬᠤᠷᠠᠯᠳᠤᠭᠤᠯᠵᠤ᠂ ᠡᠨᠧᠷᠭᠢ ᠶᠢᠨ ᠬᠠᠮᠲᠤᠷᠠᠯᠴᠠᠭᠠᠨ ᠤ ᠰᠠᠭᠤᠷᠢ᠂ ᠭᠤᠣᠯᠳᠠᠯᠭ᠎ᠠ᠂ ᠴᠢᠭᠯᠡᠯ᠂ ᠠᠷᠭ᠎ᠠ ᠬᠡᠮᠵᠢᠶ᠎ᠡ ᠵᠡᠷᠭᠡ ᠶᠢᠨ ᠲᠣᠭᠤᠷᠢᠨ ᠳᠤ ᠰᠠᠨᠠᠯ ᠢᠶᠠᠨ ᠭᠦᠨᠵᠡᠭᠡᠢ ᠰᠣᠯᠢᠯᠴᠠᠪᠠ᠃ ᠶᠠᠩ ᠶᠢᠨ ᠬᠡᠯᠡᠭᠰᠡᠨ ᠨᠢ᠂ ᠦᠬᠠᠶ ᠬᠤᠲᠠ ᠪᠣᠯᠤᠨ ᠠᠯᠠᠱᠠ ᠠᠶᠢᠮᠠᠭ ᠪᠣᠯ ᠡᠯᠡᠰᠦ ᠤᠰᠤ ᠵᠠᠯᠭᠠᠯᠳᠤᠭᠰᠠᠨ᠂ ᠭᠠᠵᠠᠷ ᠨᠤᠲᠤᠭ ᠣᠶᠢᠷᠠᠯᠴᠠᠭ᠎ᠠ᠂ ᠬᠥᠮᠦᠨ ᠤ ᠬᠠᠷᠢᠴᠠᠭ᠎ᠠ ᠳᠣᠲᠣᠨᠣ ᠨᠥᠬᠦᠷᠰᠡᠭ ᠬᠥᠷᠰᠢ ᠪᠤᠯᠬᠤ ᠮᠥᠨ᠂ ᠬᠤᠶᠠᠷ ᠭᠠᠵᠠᠷ ᠤᠨ ᠠᠵᠤ ᠦᠢᠯᠡᠰ ᠤᠨ ᠬᠠᠷᠢᠯᠴᠠᠭ᠎ᠠ ᠨᠢᠭᠲᠠ᠂ ᠠᠷᠠᠳ ᠤᠨ ᠬᠤᠭᠤᠷᠣᠨᠳᠣᠬᠢ ᠶᠠᠪᠤᠯᠴᠠᠭ᠎ᠠ ᠲᠤᠳᠤᠨᠤ ᠪᠠᠶᠢᠵᠤ᠂ ᠣᠶᠢᠷ᠎ᠠ ᠶᠢᠨ ᠵᠢᠯ ᠤᠳ ᠲᠤ ᠠᠯᠢ ᠣᠯᠠᠨ ᠬᠦᠷᠢᠶᠡᠨ ᠳᠤ ᠥᠷᠭᠡᠨ ᠳᠡᠯᠭᠡᠷ ᠪᠥᠭᠡᠳ ᠭᠦᠨ ᠭᠦᠨᠵᠡᠭᠡᠶ ᠬᠠᠮᠲᠤᠷᠠᠯᠴᠠᠭ᠎ᠠ ᠦᠷᠨᠢᠬᠦᠯᠵᠦ᠂ ᠢᠳᠡᠪᠬᠢᠲᠡᠶ ᠦᠷ᠎ᠡ ᠪᠦᠲᠦᠮᠵᠢ ᠣᠯᠤᠭᠰᠠᠨ ᠪᠠᠶᠢᠨ᠎ᠠ᠃ ᠠᠯᠠᠱᠠ ᠠᠶᠢᠮᠠᠭ ᠤᠨ ᠭᠠᠵᠠᠷ ᠰᠢᠷᠣᠢ᠂ ᠰᠠᠯᠬᠢ᠂ ᠭᠡᠷᠡᠯ ᠤᠨ ᠡᠬᠢ ᠪᠠᠶᠠᠯᠢᠭ ᠤᠨ ᠳᠠᠪᠠᠭᠤᠯᠢᠭ ᠲᠤᠪᠤᠶᠢᠮ᠎ᠠ ᠪᠠᠶᠢᠵᠤ᠂ ᠦᠬᠠᠢ ᠶᠢᠨ ᠴᠠᠬᠢᠯᠭᠠᠨ ᠬᠦᠴᠦᠨ ᠤ ᠳᠠᠭᠠᠭᠠᠴᠠ ᠶᠢᠨ ᠨᠡᠮᠡᠭᠳᠡᠯ ᠤᠨ ᠣᠷᠣᠨ ᠵᠠᠢ ᠶᠡᠭᠡ᠂ ᠪᠠᠭᠲᠠᠭᠠᠮᠵᠢ ᠶᠢᠨ ᠣᠷᠣᠨ ᠵᠠᠢ ᠶᠡᠭᠡ᠂ ᠬᠤᠶᠠᠷ ᠲᠠᠯ᠎ᠠ ᠪᠠᠷ ᠢᠶᠠᠨ ᠰᠢᠨ᠎ᠡ ᠡᠨᠧᠷᠭᠢ ᠶᠢᠨ ᠲᠦᠷᠦᠯ ᠵᠦᠢᠯ ᠢ ᠬᠠᠮᠲᠤᠷᠠᠨ ᠪᠦᠳᠦᠭᠡᠨ ᠪᠠᠶᠢᠭᠤᠯᠪᠠᠯ ᠳᠠᠪᠠᠭᠤᠯᠢᠭ ᠢᠶᠠᠨ ᠬᠠᠷᠢᠯᠴᠠᠨ ᠨᠥᠬᠦᠪᠥᠷᠢᠯᠡᠵᠦ᠂ ᠬᠠᠷᠢᠯᠴᠠᠨ ᠠᠰᠢᠭᠲᠠᠢ ᠬᠠᠮᠲᠤᠪᠠᠷ ᠠᠰᠢᠭ ᠬᠦᠷᠳᠡᠵᠤ ᠴᠢᠳᠠᠨ᠎ᠠ᠃ ᠬᠤᠶᠠᠷ ᠲᠠᠯ᠎ᠠ ᠪᠠᠷ ᠢᠶᠠᠨ ᠥᠪᠡᠷᠲᠡᠭᠡᠨ ᠵᠠᠰᠠᠬᠤ ᠣᠷᠣᠨ ᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ︽ᠰᠠᠯᠭᠢ ᠭᠡᠷᠡᠯ ᠴᠡᠨᠡᠭ ᠤᠰᠤᠲᠥ᠋ᠷᠥᠭᠴᠢ︾ ᠳᠥᠷᠪᠡᠨ ᠶᠡᠭᠡ ᠮᠢᠩᠭᠠᠨ ᠳ᠋ᠦᠩᠰᠢᠭᠤᠷ ᠲᠥᠭᠦᠷᠢᠭ ᠤᠨ ᠦᠢᠯᠡᠳᠬᠦᠨ ᠤ ᠥᠷᠲᠡᠭ ᠤᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠭᠠᠷ ᠭᠠᠷ ᠢᠶᠠᠨ ᠬᠤᠯᠪᠣᠨ ᠮᠥᠷᠥ ᠵᠡᠷᠭᠡᠴᠡᠨ ᠤᠷᠤᠭᠰᠢᠯᠠᠵᠤ᠂ ᠬᠠᠮᠲᠤ ᠶᠢᠨ ᠴᠢᠭᠯᠡᠯ ᠢᠶᠠᠷ ᠤᠷᠤᠭᠰᠢᠯᠠᠨ᠂ ᠵᠣᠬᠢᠴᠠᠭᠤᠯᠤᠨ ᠬᠤᠯᠪᠣᠭᠠᠯᠠᠨ ᠬᠥᠳᠡᠯᠦᠯᠴᠡᠵᠦ᠂ ᠬᠠᠮᠲᠤᠷᠠᠯ ᠤᠨ ᠬᠦᠴᠦᠨ ᠢᠶᠠᠨ ᠨᠢᠭᠲᠠᠷᠠᠭᠤᠯᠵᠤ᠂ ᠠᠯᠠᠱᠠ ᠠᠶᠢᠮᠠᠭ ᠲᠤ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ ᠭᠡᠷᠡᠯ ᠸᠣᠯᠲ ᠤᠨ ᠰᠠᠭᠤᠷᠢᠨ ᠭᠠᠵᠠᠷ ᠢ ᠢᠵᠢ ᠪᠦᠷᠢᠳᠦᠭᠦᠯᠦᠨ ᠪᠠᠶᠢᠭᠤᠯᠵᠤ᠂ ᠦᠬᠠᠢ ᠬᠤᠳᠠ ᠳᠤ ᠰᠢᠩᠭᠡᠭᠡᠨ ᠠᠪᠬᠤ ᠶᠢ ᠪᠡᠶᠡᠯᠡᠭᠦᠯᠵᠦ᠂ ᠰᠢᠨ᠎ᠡ ᠡᠨᠧᠷᠭᠢ ᠶᠢᠨ ᠲᠦᠷᠦᠯ ᠵᠦᠢᠯ ᠢᠶᠠᠷ ᠤᠳᠤ ᠦᠶ᠎ᠡ ᠶᠢᠨ ᠲᠤᠨᠤᠭ ᠲᠥᠬᠦᠭᠡᠷᠦᠮᠵᠢ ᠦᠢᠯᠡᠳᠬᠦ᠂ ᠰᠢᠨ᠎ᠡ ᠮᠠᠲ᠋ᠧᠷᠢᠶᠠᠯ ᠵᠡᠷᠭᠡ ᠬᠤᠯᠪᠣᠭᠳᠠᠯ ᠪᠦᠬᠦᠢ ᠠᠵᠤ ᠦᠢᠯᠡᠰ ᠢ ᠳᠠᠶᠢᠴᠢᠯᠠᠨ ᠳᠠᠳᠠᠨ ᠠᠪᠴᠢᠷᠠᠵᠤ᠂ ᠨᠥᠯᠥᠭᠡᠯᠡᠬᠦ ᠬᠦᠴᠦᠨ ᠲᠠᠢ ᠰᠢᠨ᠎ᠡ ᠡᠨᠧᠷᠭᠢ ᠶᠢᠨ ᠪᠠᠶᠢᠯᠳᠤᠬᠤ ᠪᠤᠳᠤᠯᠭ᠎ᠠ ᠶᠢᠨ ᠬᠠᠮᠲᠤᠷᠠᠯᠴᠠᠭᠠᠨ ᠤ ᠣᠷᠣᠨ ᠢ ᠪᠠᠶᠢᠭᠤᠯᠵᠤ᠂ ᠬᠤᠶᠠᠷ ᠭᠠᠵᠠᠷ ᠤᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠵᠦ᠂ ᠰᠢᠨ᠎ᠡ ᠬᠥᠳᠡᠯᠭᠡᠬᠦ ᠬᠦᠴᠦᠨ ᠨᠡᠮᠡᠷᠢᠯᠡᠨ᠎ᠡ ᠭᠡᠵᠡᠢ᠃      ᠯᠢ ᠵᠥᠩ ᠽᠧᠩ ᠢᠯᠡᠷᠭᠡᠶᠢᠯᠡᠭᠰᠡᠨ ᠨᠢ᠂ ᠠᠯᠠᠱᠠ ᠠᠶᠢᠮᠠᠭ ᠪᠣᠯᠤᠨ ᠦᠬᠠᠶ ᠬᠤᠲᠠ ᠪᠣᠯ ᠠᠬ᠎ᠠ ᠳᠡᠭᠦᠤ ᠠᠶᠢᠮᠠᠭ ᠬᠤᠳᠠ᠂ ᠳᠣᠲᠣᠨᠣ ᠬᠠᠨᠢᠲᠠᠨ ᠮᠥᠨ᠂ ᠬᠤᠶᠠᠷ ᠲᠠᠯ᠎ᠠ ᠶᠢᠨ ᠬᠠᠮᠲᠤᠷᠠᠯᠴᠠᠭ᠎ᠠ ᠳᠤ ᠰᠠᠭᠤᠷᠢ ᠲᠠᠢ᠂ ᠣᠷᠣᠨ ᠵᠠᠶ ᠲᠠᠢ᠂ ᠠᠯᠤᠰ ᠢᠷᠡᠭᠡᠳᠦᠶ ᠲᠠᠢ ᠶᠤᠮ᠃ ᠦᠬᠠᠢ ᠬᠤᠳᠠ ᠯᠤᠭ᠎ᠠ ᠳᠤᠷᠠᠲᠠᠶ᠎ᠠ ᠠᠵᠠ ᠲᠣᠬᠢᠶᠠᠯ ᠢ ᠬᠠᠮᠲᠤᠪᠠᠷ ᠡᠳ᠋ᠯᠡᠵᠦ᠂ ᠭᠦᠨᠵᠡᠭᠡᠢ ᠬᠠᠮᠲᠤᠷᠠᠯᠴᠠᠵᠤ᠂ ᠬᠠᠷᠢᠯᠴᠠᠨ ᠲᠤᠯᠭᠠᠭᠤᠷᠢᠯᠠᠵᠤ᠂ ᠡᠨᠧᠷᠭᠢ ᠶᠢᠨ ᠬᠦᠷᠢᠶᠡᠨ ᠤ ᠪᠦᠬᠦ ᠲᠠᠯ᠎ᠠ ᠶᠢᠨ ᠪᠠᠶᠢᠯᠳᠤᠬᠤ ᠪᠤᠳᠤᠯᠭ᠎ᠠ ᠶᠢᠨ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠪᠠᠷ ᠭᠠᠷᠳᠠᠴᠠ ᠪᠣᠯᠭᠠᠵᠤ᠂ ᠨᠢᠭᠡ ᠪᠦᠯᠦᠭ ᠪᠡᠯᠭᠡ ᠳᠡᠮᠳᠡᠭ ᠤᠨ ᠴᠢᠨᠠᠷᠲᠠᠢ ᠲᠦᠷᠦᠯ ᠵᠦᠢᠯ ᠢ ᠨᠠᠶᠢᠳᠠᠪᠤᠷᠢᠵᠢᠭᠤᠯᠬᠤ ᠶᠢ ᠲᠦᠷᠭᠡᠨ ᠠᠬᠢᠭᠤᠯᠵᠤ᠂ ᠨᠡᠩ ᠤᠯᠠᠨ ᠬᠠᠮᠲᠤᠷᠠᠯᠴᠠᠭᠠᠨ ᠤ ᠬᠦᠷᠢᠶ᠎ᠡ ᠪᠠᠨ ᠦᠷᠭᠦᠯᠵᠢᠯᠡᠨ ᠥᠷᠭᠡᠳᠬᠡᠵᠦ᠂ ᠠᠵᠤ ᠦᠢᠯᠡᠰ ᠤᠨ ᠣᠷᠣᠨ ᠪᠦᠰᠡ ᠠᠯᠤᠰᠯᠠᠭᠰᠠᠨ ᠬᠤᠯᠪᠣᠯᠳᠤᠨ ᠬᠥᠳᠡᠯᠦᠯᠴᠡᠬᠦ ᠶᠢ ᠭᠦᠨᠵᠡᠭᠡᠶᠢᠷᠡᠭᠦᠯᠵᠦ᠂ ᠥᠪᠥᠷ ᠮᠣᠩᠭᠤᠯ ᠤᠨ ᠪᠠᠷᠠᠭᠤᠨ ᠬᠡᠰᠡᠭ ᠤᠨ ᠥᠨᠳᠥᠷ ᠡᠨᠧᠷᠭᠢᠲᠦ ᠳᠣᠣᠷ᠎ᠠ ᠭᠠᠳᠠᠭᠰᠢᠯᠠᠭᠤᠯᠤᠯᠲᠠ ᠶᠢᠨ ᠠᠵᠤ ᠦᠢᠯᠡᠰ ᠲᠥᠪᠯᠡᠷᠡᠭᠰᠡᠨ ᠣᠷᠣᠨ ᠢ ᠬᠦᠴᠦᠯᠡᠨ ᠬᠠᠮᠲᠤᠪᠠᠷ ᠪᠦᠳᠦᠭᠡᠨ ᠪᠠᠶᠢᠭᠤᠯᠵᠤ᠂ ᠣᠷᠣᠨ ᠪᠦᠰᠡ ᠶᠢᠨ ᠠᠵᠤ ᠠᠬᠤᠢ ᠶᠢᠨ ᠪᠣᠬᠢᠷᠲᠤᠯ ᠦᠭᠡᠢ ᠪᠠᠷ ᠬᠡᠯᠪᠡᠷᠢ ᠪᠠᠨ ᠬᠤᠪᠢᠷᠠᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ ᠭᠡᠵᠡᠢ᠃      ᠶᠠᠷᠢᠯᠴᠠᠬᠤ ᠬᠤᠷᠠᠯ ᠤᠨ ᠲᠠᠷᠠᠭ᠎ᠠ᠂ ᠬᠤᠶᠠᠷ ᠲᠠᠯ᠎ᠠ ᠶᠢᠨ ᠲᠥᠯᠥᠭᠡᠯᠡᠭᠴᠢ ︽ᠦᠬᠠᠢ ᠬᠤᠳᠠ ᠶᠢᠨ ᠠᠷᠠᠳ ᠤᠨ ᠵᠠᠰᠠᠭ ᠤᠨ ᠣᠷᠳᠣᠨ   ᠠᠯᠠᠱᠠ ᠠᠶᠢᠮᠠᠭ ᠤᠨ ᠵᠠᠬᠢᠷᠭ᠎ᠠ ᠶᠢᠨ ᠡᠨᠧᠷᠭᠢ ᠶᠢᠨ ᠬᠦᠷᠢᠶᠡᠨ ᠤ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠲᠤᠬᠠᠢ ᠪᠦᠳᠦᠭᠦᠪᠴᠢ ᠵᠥᠪᠯᠡᠯᠴᠡᠭᠡᠷ︾ ᠲᠤ ᠭᠠᠷ ᠤᠨ ᠦᠰᠦᠭ ᠵᠢᠷᠤᠪᠠ᠃   
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号