ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠥᠷᠭᠡᠳᠬᠡᠭᠰᠡᠨ ᠬᠤᠷᠠᠯ ᠵᠢᠴᠢ ᠬᠤᠲᠠ ᠶᠢᠨ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠠᠷᠭᠠᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ 28 ᠳ᠋ᠤᠭᠠᠷ ᠤᠳᠠᠭᠠᠨ ᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/8/12
     8 ᠰᠠᠷ᠎ᠠ ᠶᠢᠨ 11 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠥᠷᠭᠡᠳᠬᠡᠭᠰᠡᠨ ᠬᠤᠷᠠᠯ ᠵᠢᠴᠢ ᠬᠤᠲᠠ ᠶᠢᠨ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠠᠷᠭᠠᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ 28 ᠳ᠋ᠤᠭᠠᠷ ᠤᠳᠠᠭᠠᠨ ᠤ ᠬᠤᠷᠠᠯ ᠬᠤᠷᠠᠯᠳᠤᠵᠤ᠂ ᠪᠥᠬᠦ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠠᠷᠠᠭᠠᠴᠢ ᠶᠢᠨ ᠠᠯᠬᠤᠮ ᠤᠨ ᠠᠵᠢᠯ ᠢᠶᠠᠨ ᠳᠣᠭᠢᠷᠠᠭᠤᠯᠤᠨ ᠪᠠᠶᠢᠷᠢᠯᠠᠭᠤᠯᠪᠠ᠃ ᠬᠤᠲᠠ ᠶᠢᠨ ᠨᠠᠮ ᠤᠨ ᠬᠤᠷᠢᠶᠠᠨ ᠤ ᠱᠦᠵᠢ ᠲᠠᠩ ᠢ ᠬᠤᠷᠠᠯ ᠡᠷᠭᠢᠯᠡᠪᠡ᠃      ᠬᠤᠷᠠᠯ ᠠᠴᠠ ᠴᠢᠬᠤᠯᠠᠴᠢᠯᠠᠭᠰᠠᠨ ᠨᠢ᠂ ᠰᠢ ᠶᠢᠨ ᠫᠢᠩ ᠶᠡᠷᠦᠩᠬᠡᠢ ᠱᠦᠵᠢ ᠶᠢᠨ ︽ᠬᠢᠵᠢᠭ ᠤᠨ ᠪᠠᠶᠢᠳᠠᠯ ᠢ ᠰᠡᠷᠭᠡᠶᠢᠯᠡᠬᠦ᠂ ᠠᠵᠤ ᠠᠬᠤᠢ ᠶᠢ ᠲᠤᠭᠳᠠᠪᠤᠷᠢᠵᠢᠭᠤᠯᠬᠤ᠂ ᠬᠥᠭᠵᠢᠯᠲᠡ ᠶᠢ ᠠᠮᠤᠷ ᠲᠦᠪᠰᠢᠨ ᠪᠠᠶᠢᠯᠭᠠᠬᠤ︾ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠤᠯᠤᠰ ᠤᠨ ᠶᠢᠰᠦᠳᠦᠭᠡᠷ ᠬᠡᠪᠯᠡᠯ ᠤᠨ ᠰᠡᠷᠭᠡᠶᠢᠯᠡᠨ ᠡᠵᠡᠮᠳᠡᠬᠦ ᠲᠥᠰᠦᠯ ᠢ ᠴᠢᠩᠭ᠎ᠠ ᠬᠡᠷᠡᠭᠵᠢᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠥᠪᠴᠢ ᠪᠠᠨ ᠦᠷᠭᠦᠯᠵᠢᠯᠡᠨ ᠴᠢᠩᠭᠠᠷᠠᠭᠤᠯᠵᠤ᠂ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠪᠥᠭᠡᠳ ᠲᠦᠷᠭᠡᠨ ᠢᠶᠠᠷ ᠪᠣᠳᠠᠲᠠᠢ ᠳᠤ ᠨᠠᠶᠢᠳᠠᠪᠤᠷᠢᠵᠢᠭᠤᠯᠬᠤ ᠬᠡᠷᠡᠭᠲᠡᠢ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠰᠢᠵᠢᠷ ᠠᠯᠳᠠᠨ ᠴᠣᠩᠬᠤᠨ ᠤ ᠬᠤᠭᠤᠴᠠᠭ᠎ᠠ ᠶᠢ ᠠᠮᠵᠢᠵᠤ᠂ ᠬᠠᠮᠤᠭ ᠤᠨ ᠲᠦᠷᠭᠡᠨ ᠬᠤᠷᠳᠤᠴᠠ ᠪᠠᠷ ᠡᠬᠢ ᠡᠭᠦᠰᠦᠯ ᠢ ᠨᠢ ᠨᠡᠬᠡᠮᠵᠢᠯᠡᠵᠦ᠂ ᠭᠢᠨᠵᠢ ᠶᠢ ᠨᠢ ᠲᠠᠰᠤᠯᠵᠤ᠂ ᠠᠶᠤᠯ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠬᠡᠷᠡᠭᠲᠡᠢ᠃ ᠣᠨᠣᠰᠢᠯᠠᠭᠰᠠᠨ ᠡᠪᠡᠳᠴᠢᠨ ᠤ ᠵᠢᠱᠢᠶ᠎ᠡ ᠶᠢ ᠠᠪᠤᠷᠠᠨ ᠵᠠᠰᠠᠬᠤ᠂ ᠲᠥᠪᠯᠡᠷᠡᠭᠦᠯᠦᠨ ᠲᠤᠰᠠᠭᠠᠷᠯᠠᠬᠤ᠂ ᠪᠢᠲᠡᠭᠦᠮᠵᠢᠯᠡᠨ ᠡᠵᠡᠮᠳᠡᠬᠦ ᠬᠠᠮᠢᠶᠠᠷᠤᠨ ᠡᠵᠡᠮᠳᠡᠬᠦ ᠵᠢᠵᠢᠭ ᠲᠣᠭᠤᠷᠢᠭ ᠤᠨ ᠰᠠᠭᠤᠭᠠᠯᠢ ᠠᠷᠠᠳ ᠤᠨ ᠰᠡᠳᠬᠢᠴᠡ ᠶᠢᠨ ᠵᠢᠯᠣᠭᠤᠳᠣᠯᠭ᠎ᠠ ᠵᠢᠴᠢ ᠠᠷᠤ ᠲᠠᠯ᠎ᠠ ᠶᠢᠨ ᠦᠢᠯᠡᠴᠢᠯᠡᠭᠡᠨ ᠤ ᠪᠠᠲᠤᠯᠠᠭ᠎ᠠ ᠵᠡᠷᠭᠡ ᠠᠵᠢᠯ ᠢᠶᠠᠨ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠭᠠᠳᠠᠭᠰᠢ ᠲᠠᠷᠬᠠᠬᠤ ᠪᠠ ᠡᠮᠨᠡᠯᠭᠡ ᠶᠢᠨ ᠬᠤᠷᠢᠶᠠᠨ ᠤ ᠲᠤᠲᠤᠷ᠎ᠠ ᠪᠠᠨ ᠬᠠᠯᠳᠠᠪᠤᠷᠢᠯᠠᠬᠤ ᠠᠶᠤᠯ ᠲᠦᠭᠰᠢᠭᠦᠷᠢ ᠶᠢ ᠴᠢᠩᠭ᠎ᠠ ᠰᠡᠷᠭᠡᠶᠢᠯᠡᠬᠦ ᠬᠡᠷᠡᠭᠲᠡᠶ᠃ ᠬᠤᠲᠠ ᠲᠣᠭᠤᠷᠢᠭ ᠬᠤᠶᠠᠷ ᠱᠠᠲᠤᠨ ᠤ ᠵᠢᠯᠣᠭᠤᠳᠬᠤ ᠭᠠᠵᠠᠷ ᠨᠢ ᠠᠵᠢᠯᠲᠠᠨ ᠤ ᠬᠦᠴᠦᠨ ᠤ ᠲᠣᠬᠢᠷᠠᠭᠤᠯᠤᠯᠲᠠ ᠪᠠᠨ ᠨᠢᠭᠡᠳᠦᠯᠲᠡᠶ ᠲᠥᠯᠥᠪᠯᠡᠵᠦ᠂ ᠵᠢᠵᠢᠭᠦᠷᠯᠡᠨ ᠰᠠᠬᠢᠬᠤ ᠪᠠᠨ ᠵᠦᠶ ᠵᠣᠬᠢᠰᠲᠠᠶ ᠳᠣᠭᠢᠷᠠᠭᠤᠯᠤᠨ᠂ ᠨᠢᠭᠡᠳᠦᠭᠡᠷ ᠹᠷᠣᠨᠲ ᠤᠨ ᠠᠵᠢᠯᠲᠠᠨ ᠤ ᠰᠠᠶᠢᠨ ᠰᠠᠶᠢᠬᠠᠨ ᠣᠶᠤᠨ ᠰᠠᠨᠠᠭᠠᠨ ᠤ ᠳᠦᠷᠰᠦ ᠪᠠᠶᠢᠳᠠᠯ ᠢᠶᠠᠷ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠣᠷᠣᠯᠴᠠᠬᠤ ᠶᠢ ᠦᠨᠡᠨᠬᠦ ᠪᠠᠲᠤᠯᠠᠬᠤ ᠬᠡᠷᠡᠭᠲᠡᠶ᠃ ᠰᠢᠯᠤᠭᠤᠳᠬᠠᠭᠰᠠᠨ ᠵᠢᠯᠣᠭᠤᠳᠬᠤ ᠰᠢᠰᠲ᠋ᠧᠮ ᠢᠶᠠᠨ ᠦᠷᠭᠦᠯᠵᠢᠯᠡᠨ ᠲᠡᠭᠦᠯᠳᠡᠷᠵᠢᠭᠦᠯᠵᠦ᠂ ᠳᠡᠭᠡᠷ᠎ᠡ ᠳᠣᠣᠷ᠎ᠠ ᠱᠠᠳᠤ ᠪᠠᠷ ᠢᠶᠠᠨ ᠬᠤᠯᠪᠣᠭᠠᠯᠠᠨ ᠬᠥᠳᠡᠯᠦᠯᠴᠡᠬᠦ᠂ ᠰᠢᠰᠲ᠋ᠧᠮ ᠬᠡᠰᠡᠭ ᠬᠠᠮᠵᠢᠯᠴᠠᠬᠤ ᠶᠢ ᠪᠠᠷᠢᠮᠲᠠᠯᠠᠵᠤ᠂ ᠲᠣᠣᠷᠵᠢᠯ ᠤᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠡᠯ᠎ᠡ ᠭᠤᠭᠴᠤᠭ᠎ᠠ ᠶᠢ ᠰᠢᠯᠤᠭᠤᠬᠠᠨ ᠵᠣᠯᠭᠠᠭᠤᠯᠵᠤ᠂ ᠡᠯ᠎ᠡ ᠴᠢᠭ ᠪᠠᠶᠢᠷᠢ ᠶᠢᠨ ᠡᠭᠦᠷᠭᠡ ᠬᠠᠷᠢᠭᠤᠴᠠᠯᠭ᠎ᠠ ᠪᠠᠨ ᠲᠣᠳᠣᠷᠬᠠᠢ ᠪᠣᠯᠭᠠᠬᠤ ᠶᠢ ᠪᠡᠶᠡᠯᠡᠭᠦᠯᠬᠦ ᠬᠡᠷᠡᠭᠲᠡᠢ᠃ ᠲᠤᠷᠰᠢᠯᠭ᠎ᠠ ᠰᠤᠷᠭᠠᠮᠵᠢ ᠪᠠᠨ ᠨᠠᠷᠢᠨ ᠬᠢᠨᠠᠮᠠᠭᠠᠶ ᠳ᠋ᠦᠩᠨᠡᠵᠦ᠂ ᠡᠯ᠎ᠡ ᠵᠦᠢᠯ ᠤᠨ ᠠᠷᠭᠠᠴᠠᠭᠠᠬᠤ ᠪᠡᠯᠡᠳᠬᠡᠯ ᠲᠥᠰᠦᠯ ᠢᠶᠠᠨ ᠲᠡᠭᠦᠯᠳᠡᠷᠵᠢᠭᠦᠯᠦᠨ᠂ ᠤᠬᠠᠭᠤᠯᠵᠤ ᠬᠥᠲᠥᠯᠥᠨ ᠵᠢᠯᠣᠭᠤᠳᠬᠤ ᠪᠠᠨ ᠴᠢᠩᠭᠠᠳᠬᠠᠵᠤ᠂ ᠠᠷᠭᠠᠴᠠᠭᠠᠨ ᠰᠢᠢᠳᠪᠦᠷᠢᠯᠡᠬᠦ ᠴᠢᠳᠠᠪᠤᠷᠢ ᠪᠠ ᠦᠷ᠎ᠡ ᠪᠦᠲᠦᠮᠵᠢ ᠪᠠᠨ ᠳᠡᠭᠡᠭᠰᠢᠯᠡᠭᠦᠯᠬᠦ ᠬᠡᠷᠡᠭᠲᠡᠶ ᠭᠡᠵᠡᠢ᠃      ᠬᠤᠷᠠᠯ ᠠᠴᠠ ᠪᠦᠬᠦ ᠬᠤᠳᠠ ᠶᠢᠨ ᠰᠠᠭᠤᠷᠢ ᠰᠤᠷᠭᠠᠨ ᠬᠥᠮᠦᠵᠢᠯ ᠵᠢᠴᠢ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠠᠵᠢᠯ᠂ ᠳᠤᠮᠳᠠᠳᠤ ᠪᠠᠭ᠎ᠠ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ ᠤᠨ ᠪᠠᠶᠢᠭᠤᠯᠤᠯᠲᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠤᠬ ᠲᠡᠮᠳᠡᠭ ᠲᠣᠳᠣᠷᠬᠠᠢ ᠪᠠᠷ ᠨᠠᠮ ᠤᠨ ᠰᠤᠷᠭᠠᠨ ᠬᠥᠮᠦᠵᠢᠯ ᠤᠨ ᠠᠵᠢᠯ ᠳᠠᠬᠢ ᠪᠦᠬᠦ ᠲᠠᠯ᠎ᠠ ᠶᠢᠨ ᠤᠳᠤᠷᠢᠳᠤᠯᠭ᠎ᠠ ᠶᠢ ᠴᠢᠩᠭᠠᠳᠬᠠᠵᠤ᠂ ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠶᠢ ᠰᠠᠶᠢᠲᠤᠷ ᠨᠠᠶᠢᠳᠠᠪᠤᠷᠢᠵᠢᠭᠤᠯᠵᠤ᠂ ᠶᠣᠰᠣ ᠰᠤᠷᠲᠠᠬᠤᠨ ᠢ ᠪᠤᠢ ᠪᠣᠯᠭᠠᠵᠤ ᠬᠥᠮᠦᠨ ᠢ ᠬᠥᠮᠦᠵᠢᠭᠦᠯᠬᠦ ᠦᠨᠳᠦᠰᠦᠨ ᠡᠭᠦᠷᠭᠡ ᠲᠠᠢ ᠨᠢᠭᠲᠠ ᠤᠶᠠᠯᠳᠤᠭᠤᠯᠵᠤ᠂ ᠰᠤᠷᠭᠠᠨ ᠬᠥᠮᠦᠵᠢᠯ ᠢ ᠬᠥᠮᠦᠨ ᠬᠥᠮᠦᠵᠢᠭᠦᠯᠬᠦ ᠮᠥᠨ ᠴᠢᠨᠠᠷ ᠲᠤ ᠪᠤᠴᠠᠭᠠᠬᠤ ᠪᠠᠷ ᠴᠢᠷᠮᠠᠶᠢᠬᠤ ᠬᠡᠷᠡᠭᠲᠡᠢ᠃ ᠰᠦᠭ ᠰᠦᠨᠡᠰᠦ ᠶᠢ ᠱᠤᠭᠤᠵᠤ ᠬᠥᠮᠦᠨ ᠢ ᠬᠥᠮᠦᠵᠢᠭᠦᠯᠬᠦ ᠲᠠᠢ ᠨᠢᠭᠲᠠ ᠤᠶᠠᠯᠳᠤᠭᠤᠯᠤᠨ᠂ ᠬᠡᠶᠢᠰᠪᠦᠷᠢ ᠠᠵᠢᠯ ᠢ ᠪᠣᠳᠠᠲᠠᠢ ᠪᠠᠷ ᠬᠢᠬᠦ ᠶᠢ ᠪᠠᠷᠢᠮᠲᠠᠯᠠᠵᠤ᠂ ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ ᠤᠨ ᠪᠠᠶᠢᠭᠤᠯᠤᠯᠲᠠ ᠶᠢ ᠪᠣᠳᠠᠲᠠᠢ ᠠᠳᠬᠤᠬᠤ ᠬᠡᠷᠡᠭᠲᠡᠢ᠃ ᠲᠣᠭᠲᠠᠭᠤᠨ ᠪᠥᠭᠡᠳ ᠡᠮᠬᠢ ᠵᠢᠷᠤᠮ ᠲᠠᠢ ᠪᠠᠶᠢᠬᠤ ᠱᠠᠭᠠᠷᠳᠠᠯᠭ᠎ᠠ ᠲᠠᠢ ᠨᠢᠭᠲᠠ ᠤᠶᠠᠯᠳᠤᠭᠤᠯᠤᠨ᠂ ᠰᠤᠷᠭᠠᠨ ᠬᠥᠮᠦᠵᠢᠯ ᠤᠨ ᠬᠦᠷᠢᠶᠡᠨ ᠤ ᠥᠭᠡᠷᠡᠴᠢᠯᠡᠯᠲᠡ ᠶᠢ ᠪᠣᠳᠠᠲᠠᠶᠢᠵᠢᠭᠤᠯᠤᠨ ᠨᠠᠷᠢᠯᠢᠭ ᠬᠢᠵᠦ᠂ ᠨᠠᠮᠤᠷ ᠤᠨ ᠤᠯᠠᠷᠢᠯ ᠤᠨ ᠰᠤᠷᠤᠯᠭ᠎ᠠ ᠡᠬᠢᠯᠡᠬᠦ ᠦᠶ᠎ᠡ ᠳᠤ ᠰᠤᠷᠭᠠᠭᠤᠯᠢ ᠳᠠᠭᠠᠨ ᠪᠤᠴᠠᠵᠤ ᠬᠢᠵᠢᠭ ᠰᠡᠷᠭᠡᠶᠢᠯᠡᠬᠦ ᠠᠵᠢᠯ ᠢᠶᠠᠨ ᠴᠢᠩᠭᠠᠳᠬᠠᠵᠤ᠂ ᠡᠯ᠎ᠡ ᠲᠥᠷᠥᠯ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠢᠶᠠᠨ ᠨᠠᠷᠢᠨ ᠨᠢᠮᠪᠠᠶ ᠰᠠᠶᠢᠲᠤᠷ ᠬᠢᠬᠦ ᠬᠡᠷᠡᠭᠲᠡᠶ ᠭᠡᠵᠦ ᠱᠠᠭᠠᠷᠳᠠᠪᠠ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号