ᠬᠤᠲᠠ ᠶᠢᠨ ᠵᠠᠰᠠᠭ ᠤᠨ ᠣᠷᠳᠣᠨ ᠤ 2022 ᠣᠨ ᠤ 25 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/8/18
     8 ᠰᠠᠷ᠎ᠠ ᠶᠢᠨ 17 ᠤ ᠡᠳᠦᠷ᠂ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠳᠠ ᠶᠢᠨ ᠳᠠᠷᠤᠭ᠎ᠠ ᠶᠠᠩ ᠶᠢᠨ ᠬᠤᠳᠠ ᠶᠢᠨ ᠵᠠᠰᠠᠭ ᠤᠨ ᠣᠷᠳᠣᠨ ᠤ 2022 ᠣᠨ ᠤ 25 ᠳ᠋ᠤᠭᠠᠷ ᠣᠳᠠᠭᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠲᠡᠷᠢᠭᠦᠯᠡᠭᠴᠢ ᠸᠠᠩ ᠯᠢ ᠰᠢᠶᠠ ᠶᠢᠨ ᠳᠠᠭᠠᠭᠤᠯᠤᠭᠰᠠᠨ ᠪᠦᠯᠬᠦᠮ ᠱᠠᠨᠰᠢ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ 1 — 7 ᠰᠠᠷ᠎ᠠ ᠶᠢᠨ ᠪᠦᠬᠦ ᠬᠤᠳᠠ ᠶᠢᠨ ᠠᠵᠤ ᠠᠬᠤᠢ ᠶᠢᠨ ᠠᠵᠢᠯᠯᠠᠭᠠᠨ ᠤ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠳᠠᠷᠠᠭᠠᠴᠢ ᠶᠢᠨ ᠠᠯᠬᠤᠮ ᠤᠨ ᠭᠤᠣᠯᠳᠠᠯᠭ᠎ᠠ ᠲᠠᠢ ᠠᠵᠢᠯ ᠢᠶᠠᠨ ᠲᠤᠬᠢᠷᠠᠭᠤᠯᠤᠨ ᠪᠠᠶᠢᠷᠢᠯᠠᠭᠤᠯᠪᠡ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠥᠪᠥᠷ ᠮᠣᠩᠭᠤᠯ ᠱᠠᠨᠰᠢ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭ᠎ᠠ ᠶᠢᠨ ᠠᠰᠢᠭᠲᠠᠶ ᠠᠵᠠ ᠲᠣᠬᠢᠶᠠᠯ ᠢ ᠡᠵᠡᠮᠳᠡᠵᠦ᠂ ᠠᠮᠢᠳᠤ ᠪᠣᠳᠠᠰ ᠤᠨ ᠵᠠᠳᠠᠷᠠᠵᠤ ᠪᠣᠯᠬᠤ ᠰᠦᠯᠢᠶᠣᠣ ᠂ ᠣᠷᠭᠠᠨᠢᠭ ᠴᠠᠬᠢᠭᠤᠷ᠂ ᠭᠡᠷᠡᠯ ᠴᠡᠨᠡᠭ᠂ ᠯᠢᠲ᠋ᠢ ᠴᠠᠬᠢᠯᠭᠠᠨ ᠴᠡᠨᠡᠭ ᠵᠡᠷᠭᠡ ᠭᠤᠣᠯᠳᠠᠯᠭ᠎ᠠ ᠲᠠᠢ ᠠᠵᠤ ᠦᠢᠯᠡᠰ ᠤᠨ ᠪᠦᠯᠦᠭᠵᠢᠯ ᠢ ᠪᠠᠶᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠬᠤᠳᠠᠯᠳᠣᠭᠠᠴᠢᠨ ᠢᠶᠠᠷ ᠬᠤᠳᠠᠯᠳᠣᠭᠠᠴᠢᠨ ᠤᠷᠢᠭᠤᠯᠬᠤ᠂ ᠠᠵᠤ ᠠᠬᠤᠶᠢᠯᠠᠯ ᠢᠶᠠᠷ ᠠᠵᠤ ᠠᠬᠤᠶᠢᠯᠠᠯ ᠤᠷᠢᠭᠤᠯᠬᠤ ᠪᠠᠨ ᠴᠢᠩᠭᠠᠳᠬᠠᠵᠤ᠂ ᠵᠠᠩᠭᠢᠯᠠᠭ᠎ᠠ ᠶᠢᠨ ᠭᠤᠭᠴᠤᠭ᠎ᠠ ᠶᠢᠨ ᠠᠵᠤ ᠠᠬᠤᠶᠢᠯᠠᠯ ᠪᠣᠯᠤᠨ ᠳᠡᠭᠡᠳᠦ ᠳᠤᠤᠷᠠᠳᠤ ᠤᠷᠤᠰᠬᠠᠯ ᠤᠨ ᠢᠵᠢ ᠪᠦᠷᠢᠳᠦᠭᠦᠯᠬᠦ ᠠᠵᠤ ᠠᠬᠤᠶᠢᠯᠠᠯ ᠢ ᠶᠡᠬᠡᠪᠡᠷ ᠣᠷᠣᠭᠤᠯᠤᠨ ᠠᠪᠴᠢᠷᠠᠬᠤ ᠶᠢᠨ ᠬᠠᠮᠲᠤ ᠨᠢᠭᠡ ᠪᠦᠯᠦᠭ ᠰᠣᠶᠣᠯ ᠵᠢᠭᠤᠯᠴᠢᠯᠠᠯ᠂ ᠤᠳᠤ ᠦᠶ᠎ᠡ ᠶᠢᠨ ᠲᠠᠷᠢᠶᠠᠯᠠᠩ ᠵᠡᠷᠭᠡ ᠬᠦᠷᠢᠶᠡᠨ ᠤ ᠲᠦᠷᠦᠯ ᠵᠦᠢᠯ ᠢ ᠢᠳᠡᠪᠬᠢᠲᠡᠢ ᠪᠠᠷ ᠣᠷᠣᠭᠤᠯᠤᠨ ᠠᠪᠴᠢᠷᠠᠵᠤ᠂ ᠬᠤᠳᠠᠯᠳᠣᠭᠠᠴᠢᠨ ᠤᠷᠢᠵᠤ ᠪᠡᠯᠡ ᠣᠷᠣᠭᠤᠯᠬᠤ ᠪᠣᠳᠠᠲᠤ ᠦᠷ᠎ᠡ ᠪᠦᠲᠦᠮᠵᠢ ᠪᠠᠷ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠬᠤ ᠪᠠ ᠬᠤᠳᠠ ᠶᠢᠨ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠬᠤ ᠬᠡᠷᠡᠭᠳᠡᠢ ᠬᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠲᠦᠷᠦ ᠶᠢᠨ ᠶᠠᠪᠤᠳᠠᠯ ᠤᠨ ᠬᠤᠷᠢᠶᠠᠨ ᠤ ᠠᠵᠤ ᠠᠬᠤᠢ ᠶᠢ ᠲᠣᠭᠲᠠᠪᠤᠷᠢᠵᠢᠭᠤᠯᠬᠤ ᠬᠠᠮ ᠲᠦᠷᠤ ᠶᠢᠨ ᠪᠤᠳᠤᠯᠭ᠎ᠠ ᠠᠷᠭ᠎ᠠ ᠬᠡᠮᠵᠢᠶ᠎ᠡ ᠪᠣᠯᠤᠨ ᠥᠪᠡᠷᠲᠡᠭᠡᠨ ᠵᠠᠰᠠᠬᠤ ᠣᠷᠣᠨ ᠤ ᠢᠵᠢ ᠪᠦᠷᠢᠳᠦᠭᠰᠡᠨ ᠠᠷᠭ᠎ᠠ ᠬᠡᠮᠵᠢᠶ᠎ᠡ ᠶᠢ ᠡᠷᠡᠰ ᠲᠤᠤᠱᠯᠠᠭᠤᠯᠵᠤ᠂ ᠮᠠᠨ ᠤ ᠬᠤᠳᠠ ᠶᠢᠨ ᠠᠵᠤ ᠠᠬᠤᠢ ᠶᠢ ᠲᠣᠭᠲᠠᠪᠤᠷᠢᠵᠢᠭᠤᠯᠬᠤ ᠪᠣᠳᠠᠲᠠᠢ ᠠᠷᠭ᠎ᠠ ᠬᠡᠮᠵᠢᠶ᠎ᠡ ᠶᠢᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠭᠠᠶᠢᠯᠢ ᠶᠢ ᠬᠥᠩᠭᠡᠯᠡᠵᠦ ᠰᠦᠢᠳᠬᠡᠯ ᠢ ᠪᠠᠭᠤᠷᠠᠭᠤᠯᠬᠤ᠂ ᠦᠯᠡᠬᠦᠳᠡᠭᠰᠡᠨ ᠭᠠᠶᠢᠯᠢ ᠶᠢ ᠪᠤᠴᠠᠭᠠᠬᠤ ᠵᠡᠷᠭᠡ ᠠᠵᠤ ᠠᠬᠤᠶᠢᠯᠠᠯ ᠳᠤ ᠠᠰᠢᠭ ᠬᠦᠷᠲᠡᠭᠡᠬᠦ ᠲᠦᠷᠤ ᠶᠢᠨ ᠪᠤᠳᠤᠯᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠤᠯᠬᠤ ᠶᠢ ᠯᠠᠪᠳᠠᠭᠤᠨ ᠪᠠᠲᠤᠲᠠᠢ ᠠᠬᠢᠭᠤᠯᠵᠤ᠂ ᠪᠦᠬᠦ ᠬᠦᠴᠦᠨ ᠢᠶᠠᠷ ᠢᠶᠠᠨ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠲᠣᠭᠲᠠᠪᠤᠷᠢᠵᠢᠭᠤᠯᠵᠤ᠂ ᠠᠵᠤ ᠠᠬᠤᠢ ᠶᠢᠨ ᠠᠵᠢᠯᠯᠠᠭᠠᠨ ᠢ ᠲᠣᠭᠲᠠᠪᠤᠷᠢᠵᠢᠭᠤᠯᠬᠤ ᠬᠡᠷᠡᠭᠲᠡᠢ᠃ ᠬᠤᠳᠠ ᠶᠢᠨ ᠰᠠᠶᠢᠨ ᠰᠠᠶᠢᠬᠠᠨ ᠠᠮᠢᠳᠤᠷᠠᠯ ᠤᠨ ᠨᠠᠶᠢᠷ᠂ ᠠᠭᠠᠷ ᠤᠨ ᠠᠶᠠᠯᠠᠯ ᠤᠨ ᠦᠪᠡᠳᠡᠭᠰᠢ ᠨᠠᠶᠢᠷ ᠵᠡᠷᠭᠡ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ ᠨᠠᠢᠮᠠᠨ ᠰᠠᠷ᠎ᠠ ᠶᠢᠨ ᠠᠷᠪᠠᠨ ᠲᠠᠪᠤᠨ ᠤ ᠪᠠᠶᠠᠷ᠂ ᠤᠯᠤᠰ ᠤᠨ ᠪᠠᠶᠠᠷ ᠵᠡᠷᠭᠡ ᠴᠢᠬᠤᠯᠠ ᠵᠠᠩᠭᠢᠯᠠᠭ᠎ᠠ ᠶᠢᠨ ᠴᠢᠭ ᠢ ᠴᠢᠩᠭ᠎ᠠ ᠠᠩᠬᠠᠷᠴᠤ᠂ ᠬᠡᠷᠡᠭᠯᠡᠭᠡᠨ ᠤ ᠲᠡᠮᠳᠡᠭᠲᠦ ᠲᠠᠷᠬᠠᠭᠠᠬᠤ ᠠᠵᠢᠯ ᠢᠶᠠᠨ ᠨᠠᠷᠢᠨ ᠨᠢᠮᠪᠠᠢ ᠵᠣᠬᠢᠶᠠᠨ ᠪᠠᠶᠢᠭᠤᠯᠵᠤ᠂ ᠤᠯᠠᠨ ᠬᠡᠯᠪᠡᠷᠢ ᠶᠢᠨ ᠬᠡᠷᠡᠭᠯᠡᠭᠡ ᠶᠢ ᠠᠬᠢᠭᠤᠯᠬᠤ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ ᠬᠡᠷᠡᠭᠯᠡᠭᠡᠨ ᠤ ᠳᠠᠯᠳᠠ ᠬᠦᠴᠦᠨ ᠢᠶᠠᠨ ᠲᠦᠷᠭᠡᠨ ᠪᠠᠳᠠᠷᠠᠭᠤᠯᠬᠤ ᠬᠡᠷᠡᠭᠲᠡᠢ ᠭᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠥᠪᠡᠷᠲᠡᠭᠡᠨ ᠵᠠᠰᠠᠬᠤ ᠣᠷᠣᠨ ᠤ ᠬᠦᠴᠢᠷᠳᠡᠯᠲᠡᠶ ᠣᠯᠠᠨ ᠲᠦᠮᠡᠨ ᠢ ᠠᠪᠤᠷᠠᠨ ᠲᠤᠰᠠᠯᠠᠬᠤ ᠨᠥᠬᠦᠪᠥᠷᠢ ᠶᠢᠨ ᠪᠡᠯᠡ ᠮᠥᠩᠭᠦ ᠶᠢ ᠬᠢᠨᠠᠨ ᠪᠣᠳᠣᠵᠤ ᠢᠯᠡᠷᠡᠭᠦᠯᠦᠭᠰᠡᠨ ᠠᠰᠠᠭᠤᠳᠠᠯ ᠢ ᠲᠤᠰᠬᠠᠶ ᠵᠠᠰᠠᠬᠤ ᠵᠢᠴᠢ ᠬᠤᠯᠪᠤᠭᠳᠠᠯ ᠪᠦᠬᠦᠢ ᠬᠦᠷᠢᠶᠡᠨ ᠤ ᠶᠡᠷᠦᠩᠬᠡᠶᠢᠯᠡᠭᠰᠡᠨ ᠴᠡᠭᠴᠡᠯᠡᠨ ᠵᠠᠰᠠᠬᠤ ᠠᠵᠢᠯ ᠤᠨ ᠲᠧᠯᠸᠢᠰ ᠣᠳᠠᠰᠣᠳᠣ ᠬᠤᠷᠠᠯ ᠤᠨ ᠵᠣᠷᠢᠭ ᠰᠠᠨᠠᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠬᠦᠴᠢᠷᠳᠡᠯ ᠲᠠᠢ ᠬᠠᠮᠲᠤᠯᠢᠭ ᠢ ᠠᠪᠤᠷᠠᠨ ᠲᠤᠰᠠᠯᠠᠬᠤ ᠨᠥᠬᠦᠪᠥᠷᠢ ᠶᠢᠨ ᠪᠡᠯᠡ ᠮᠥᠩᠭᠦ ᠶᠢᠨ ᠬᠠᠮᠢᠶᠠᠷᠤᠯᠲᠠ ᠬᠡᠷᠡᠭᠯᠡᠯᠲᠡ᠂ ᠣᠨᠴᠠ ᠬᠦᠴᠢᠷᠳᠡᠯ ᠲᠠᠢ ᠬᠥᠮᠦᠰ ᠢ ᠠᠰᠠᠷᠠᠨ ᠲᠡᠵᠢᠭᠡᠬᠦ ᠦᠢᠯᠡᠴᠢᠯᠡᠭᠡᠨ ᠤ ᠪᠠᠶᠢᠭᠤᠯᠤᠮᠵᠢ ᠪᠠ ᠬᠡᠦᠬᠡᠳ ᠤᠨ ᠠᠰᠠᠷᠠᠮᠵᠢ ᠶᠢᠨ ᠪᠠᠶᠢᠭᠤᠯᠤᠮᠵᠢ ᠶᠢᠨ ᠬᠠᠮᠢᠶᠠᠷᠤᠯᠲᠠ ᠵᠡᠷᠭᠡ ᠠᠵᠢᠯ ᠢᠶᠠᠨ ᠰᠠᠶᠢᠲᠤᠷ ᠬᠢᠵᠦ᠂ ᠬᠦᠴᠢᠷᠳᠡᠯ ᠲᠠᠢ ᠤᠯᠠᠨ ᠲᠦᠮᠡᠨ ᠤ ᠦᠨᠳᠦᠰᠦᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠷᠢᠮᠵᠢᠶ᠎ᠠ ᠶᠢ ᠡᠷᠡᠰ ᠪᠠᠲᠤ ᠪᠠᠲᠤᠯᠠᠬᠤ ᠬᠡᠷᠡᠭᠳᠡᠢ ᠭᠡᠵᠡᠢ᠃      ᠬᠤᠷᠠᠯ ᠠᠴᠠ ᠪᠠᠰᠠ ︽2021 ᠣᠨ ᠤ ᠬᠤᠳᠠ ᠶᠢᠨ ᠲᠤᠰ ᠱᠠᠲᠤᠨ ᠤ ᠲᠥᠰᠦᠪ ᠢ ᠭᠦᠢᠴᠡᠳᠬᠡᠭᠰᠡᠨ ᠪᠠ ᠪᠤᠰᠤᠳ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢ ᠬᠢᠨᠠᠨ ᠪᠤᠳᠤᠭᠰᠠᠨ ᠦᠷ᠎ᠡ ᠳ᠋ᠦᠩ ᠤᠨ ᠮᠡᠳᠡᠭᠦᠯᠦᠯᠲᠡ︾ ︽2022 ᠣᠨ ᠤ ᠳᠡᠭᠡᠷ᠎ᠡ ᠬᠠᠭᠠᠰ ᠵᠢᠯ ᠤᠨ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ ᠭᠦᠢᠴᠡᠳᠬᠡᠭᠰᠡᠨ ᠪᠠᠶᠢᠳᠠᠯ ᠤᠨ ᠮᠡᠳᠡᠭᠦᠯᠦᠯᠲᠡ︾ ︽ᠦᠬᠠᠢ ᠬᠤᠳᠠ ᠶᠢᠨ ᠦᠨᠡᠨ ᠶᠣᠰᠣᠨ ᠤ ᠲᠥᠯᠥᠭᠡ ᠡᠷᠡᠯᠬᠡᠭᠯᠡᠨ ᠲᠡᠮᠡᠴᠡᠭᠰᠡᠨ ᠬᠥᠮᠦᠰ ᠢ ᠱᠠᠩᠨᠠᠨ ᠬᠥᠬᠢᠭᠦᠯᠬᠦ ᠪᠠ ᠪᠠᠲᠤᠯᠠᠬᠤ ᠶᠢ ᠬᠡᠷᠡᠭᠵᠢᠭᠦᠯᠬᠦ ᠠᠷᠭ᠎ᠠ︾ ᠵᠡᠷᠭᠡ ᠪᠢᠴᠢᠭ ᠮᠠᠲ᠋ᠧᠷᠢᠶᠠᠯ ᠵᠢᠴᠢ ᠪᠤᠰᠤᠳ ᠵᠦᠢᠯᠡᠰ ᠢ ᠰᠤᠳᠤᠯᠵᠠᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号