ᠶᠠᠩ ᠶᠢᠨ ᠬᠠᠳᠤᠨ ᠭᠤᠣᠯ ᠤᠨ ᠬᠦᠪᠡᠭᠡ ᠳᠠᠭᠠᠤ ᠶᠢᠨ ᠪᠢᠨ ᠾᠧ ᠶᠢᠨ ᠣᠷᠣᠨ ᠪᠦᠰᠡ ᠶᠢᠨ ᠠᠮᠢ ᠠᠬᠤᠢ ᠶᠢᠨ ᠪᠦᠳᠦᠬᠡᠨ ᠪᠠᠶᠢᠭᠤᠯᠤᠯᠲᠠ ᠶᠢᠨ ᠲᠦᠷᠦᠯ ᠵᠦᠢᠯ ᠤᠨ ᠪᠦᠳᠦᠬᠡᠨ ᠪᠠᠶᠢᠭᠤᠯᠤᠯᠲᠠ ᠶᠢ ᠬᠢᠨᠠᠨ ᠵᠢᠯᠣᠭᠤᠳᠴᠤ ᠪᠠᠶᠢᠴᠠᠭᠠᠪᠠ
ᠨᠡᠶᠢᠲᠡᠯᠡᠭᠰᠡᠨ ᠴᠠᠭ᠄
2022/8/19
     8 ᠰᠠᠷ᠎ᠠ ᠶᠢᠨ 18 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠶᠠᠩ ᠶᠢᠨ ᠪᠢᠨ ᠾᠧ ᠶᠢᠨ ᠬᠤᠶᠠᠳᠤᠭᠠᠷ ᠬᠤᠭᠤᠴᠠᠭᠠᠨ ᠳᠤ ᠭᠦᠨᠵᠡᠭᠡᠶᠢᠷᠡᠨ ᠬᠠᠲᠤᠨ ᠭᠤᠤᠯ ᠤᠨ ᠡᠷᠭᠢ ᠳᠠᠭᠠᠤ ᠶᠢᠨ ᠪᠢᠨ ᠾᠧ ᠲᠤᠭᠤᠷᠢᠭ ᠤᠨ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠠᠬᠢᠴᠠ ᠶᠢᠨ ᠪᠠᠶᠢᠳᠠᠯ ᠢ ᠬᠢᠨᠠᠨ ᠵᠢᠯᠣᠭᠤᠳᠴᠤ ᠪᠠᠶᠢᠴᠠᠭᠠᠪᠠ᠃ ᠬᠤᠳᠠ ᠶᠢᠨ ᠳᠡᠳ᠋ ᠳᠠᠷᠤᠭ᠎ᠠ ᠭᠦᠸᠧ ᠢ ᠵᠢᠶᠧ ᠬᠢᠨᠠᠨ ᠵᠢᠯᠤᠭᠤᠳᠴᠤ ᠪᠠᠶᠢᠴᠠᠭᠠᠬᠤ ᠳᠤ ᠣᠷᠣᠯᠴᠠᠪᠠ᠃      ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠲᠤᠬᠠᠢ ᠶᠢᠨ ᠲᠠᠯᠠᠪᠠᠢ ᠳᠤ᠂ ᠶᠠᠩ ᠶᠢᠨ ᠶᠠᠪᠤᠬᠤ ᠶᠢᠨ ᠳᠠᠭᠠᠤ ᠦᠵᠡᠵᠦ᠂ ᠲᠦᠷᠦᠯ ᠵᠦᠢᠯ ᠤᠨ ᠲᠥᠯᠥᠪᠵᠢᠭᠦᠯᠭᠡ ᠶᠢᠨ ᠵᠢᠷᠤᠭ ᠲᠥᠯᠥᠪᠯᠡᠭᠡ᠂ ᠪᠦᠳᠦᠭᠡᠨ ᠪᠠᠶᠢᠭᠤᠯᠤᠯᠲᠠ ᠶᠢᠨ ᠠᠬᠢᠴᠠ ᠵᠡᠷᠭᠡ ᠪᠠᠶᠢᠳᠠᠯ ᠢ ᠨᠢ ᠨᠠᠷᠢᠨ ᠣᠶᠢᠯᠠᠭᠠᠪᠠ᠃      ᠶᠠᠩ ᠶᠢᠨ ᠬᠡᠯᠡᠭᠰᠡᠨ ᠨᠢ᠂ ᠬᠠᠲᠤᠨ ᠭᠤᠤᠯ ᠤᠨ ᠡᠷᠭᠢ ᠳᠠᠭᠠᠤ ᠶᠢᠨ ᠪᠢᠨ ᠾᠧ ᠶᠢᠨ ᠣᠷᠣᠨ ᠪᠦᠰᠡ ᠶᠢᠨ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠤᠲᠠ ᠶᠢᠨ ᠳᠦᠷᠰᠦ ᠪᠠᠶᠢᠳᠠᠯ ᠢ ᠰᠠᠶᠢᠵᠢᠷᠠᠭᠤᠯᠬᠤ᠂ ᠪᠢᠨ ᠾᠧ ᠶᠢᠨ ᠬᠤᠶᠠᠳᠤᠭᠠᠷ ᠬᠤᠭᠤᠴᠠᠭᠠᠨ ᠤ ᠣᠷᠣᠰᠢᠨ ᠰᠠᠭᠤᠬᠤ ᠳᠤ ᠲᠣᠬᠢᠷᠠᠮᠵᠢᠲᠠᠶ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠳᠤ ᠦᠵᠡᠭᠦᠯᠬᠦ ᠴᠢᠬᠤᠯᠠ ᠠᠴᠢ ᠬᠤᠯᠪᠣᠭᠳᠠᠯ ᠢ ᠭᠦᠨᠵᠡᠭᠡᠶ ᠲᠠᠨᠢᠬᠤ ᠬᠡᠷᠡᠭᠲᠡᠶ᠃ ᠠᠮᠢ ᠠᠬᠤᠶ ᠶᠢ ᠤᠷᠢᠳᠠᠪᠡᠷ ᠪᠤᠲᠤᠯᠭᠢᠯᠠᠬᠤ᠂ ᠪᠣᠬᠢᠷᠲᠤᠯ ᠥᠬᠡᠶ ᠬᠥᠭᠵᠢᠯᠲᠡ ᠶᠢᠨ ᠤᠳᠤᠷᠢᠳᠤᠮᠵᠢ ᠶᠢ ᠳᠣᠪᠤᠶᠢᠯᠭᠠᠵᠤ᠂ ᠠᠷᠠᠳ ᠲᠤ ᠲᠥᠬᠦᠮ ᠦᠵᠡᠭᠦᠯᠬᠦ ᠴᠢᠨᠠᠷ᠂ ᠴᠢᠳᠠᠮᠵᠢᠳᠤ ᠴᠢᠨᠠᠷ ᠢ ᠬᠦᠢᠴᠡᠳ ᠪᠣᠳᠣᠯᠬᠢᠯᠠᠨ᠂ ᠠᠮᠢ ᠠᠬᠤᠶ ᠶᠢᠨ ᠵᠤᠭ᠎ᠠ ᠴᠡᠩᠭᠡᠯ ᠰᠡᠯᠡᠭᠦᠴᠡᠯ ᠤᠨ ᠣᠷᠣᠨ᠂ ᠡᠯᠡᠰᠦᠨ ᠲᠠᠩ ᠤᠨ ᠴᠠᠭ ᠤᠨ ᠥᠩᠭᠡᠲᠦ ᠬᠥᠳᠡᠯᠭᠡᠭᠡᠨ ᠤ ᠣᠷᠣᠨ ᠵᠡᠷᠭᠡ ᠴᠢᠳᠠᠮᠵᠢᠳᠤ ᠣᠷᠣᠨ ᠢ ᠡᠷᠬᠢᠨ ᠲᠣᠭᠤᠷᠢᠨ ᠤ ᠣᠷᠴᠢᠨ ᠲᠣᠭᠤᠷᠢᠨ ᠯᠤᠭ᠎ᠠ ᠵᠣᠯᠭᠠᠭᠤᠯᠤᠨ ᠲᠥᠬᠦᠷᠵᠢᠭᠦᠯᠬᠦ ᠶᠢ ᠰᠠᠶᠢᠲᠤᠷ ᠬᠢᠵᠦ᠂ ᠥᠷᠭᠡᠨ ᠣᠯᠠᠨ ᠬᠤᠲᠠ ᠶᠢᠨ ᠠᠷᠠᠳ ᠲᠤ ᠨᠢᠭᠡᠨ ᠶᠠᠰᠤ ᠴᠢᠨᠠᠷ ᠲᠠᠢ ᠠᠮᠢ ᠠᠬᠤᠶ ᠶᠢᠨ ᠰᠡᠯᠡᠭᠦᠴᠡᠯ ᠤᠨ ᠣᠷᠣᠨ ᠵᠠᠶ ᠶᠢ ᠪᠣᠶ ᠪᠣᠯᠭᠠᠵᠤ ᠦᠭᠬᠦ ᠬᠡᠷᠡᠭᠳᠡᠢ᠃ ᠰᠣᠶᠣᠯ ᠤᠨ ᠠᠭᠤᠯᠬᠤᠨ ᠢ ᠠᠭᠤᠳᠠᠯᠵᠤ᠂ ᠰᠣᠶᠣᠯ ᠤᠨ ᠣᠨᠴᠠᠯᠢᠭ ᠢ ᠢᠯᠡᠷᠡᠭᠦᠯᠵᠦ᠂ ᠠᠮᠢ ᠠᠬᠤᠢ ᠶᠢᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠲᠠᠢ ᠣᠷᠭᠠᠨᠢᠭ ᠢᠶᠠᠷ ᠤᠶᠠᠯᠳᠤᠭᠤᠯᠵᠤ᠂ ᠵᠢᠷᠤᠭ ᠲᠥᠯᠥᠪᠯᠡᠭᠡ ᠶᠢᠨ ᠲᠥᠰᠦᠯ ᠢᠶᠠᠨ ᠤᠯᠠᠮ ᠴᠢᠨᠠᠭᠰᠢᠳᠠ ᠰᠢᠯᠢᠳᠡᠭᠵᠢᠭᠦᠯᠵᠦ᠂ ᠰᠢᠨᠵᠢᠯᠡᠬᠦ ᠤᠬᠠᠭᠠᠨᠴᠢ ᠪᠠᠷ ᠵᠦᠢ ᠵᠣᠬᠢᠰᠲᠠᠢ ᠪᠠᠶᠢᠷᠢᠰᠢᠭᠤᠯᠵᠤ᠂ ᠤᠳᠤ ᠦᠶ᠎ᠡ ᠶᠢᠨ᠂ ᠴᠠᠭ ᠤᠨ ᠦᠡᠭᠭᠡ᠂ ᠰᠡᠯᠡᠭᠦᠴᠡᠯ ᠵᠡᠷᠭᠡ ᠡᠯᠧᠮᠧᠨ᠋ᠲ ᠲᠤ ᠠᠭᠤᠰᠤᠯᠴᠠᠭᠤᠯᠵᠤ᠂ ᠬᠤᠳᠠ ᠶᠢᠨ ᠠᠮᠢᠵᠢᠷᠠᠯ ᠤᠨ ᠬᠦᠴᠦᠨ᠂ ᠰᠢᠳᠢᠲᠤ ᠬᠦᠴᠦᠨ᠂ ᠲᠠᠲᠠᠬᠤ ᠬᠦᠴᠦᠨ ᠢ ᠭᠦᠢᠴᠡᠳ ᠢᠯᠡᠷᠡᠭᠦᠯᠬᠦ ᠬᠡᠷᠡᠭᠲᠡᠢ ᠭᠡᠵᠡᠢ᠃  
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号