ᠲᠠᠩ ᠢ ᠬᠠᠶᠢᠨᠠᠨ ᠲᠣᠭᠤᠷᠢᠭ ᠲᠤ ᠬᠠᠲᠤᠨ ᠭᠤᠣᠯ ᠢ ᠲᠣᠭᠤᠷᠢᠨ ᠪᠠᠶᠢᠴᠠᠭᠠᠬᠤ ᠠᠵᠢᠯ ᠥᠷᠨᠢᠭᠦᠯᠪᠡ
ᠨᠡᠶᠢᠲᠡᠯᠡᠭᠰᠡᠨ ᠴᠠᠭ᠄
2022/8/19
     8 ᠰᠠᠷ᠎ᠠ ᠶᠢᠨ 17 ᠤ ᠡᠳᠦᠷ᠂ ᠬᠤᠳᠠ ᠶᠢᠨ ᠨᠠᠮ ᠤᠨ ᠬᠤᠷᠢᠶᠠᠨ ᠤ ᠱᠦᠵᠢ᠂ ᠬᠤᠳᠠ ᠶᠢᠨ ᠶᠡᠷᠦᠩᠬᠡᠢ ᠭᠤᠣᠯ ᠤᠨ ᠳᠠᠷᠤᠭ᠎ᠠ ᠲᠠᠩ ᠢ ᠬᠠᠶᠢᠨᠠᠨ ᠲᠣᠭᠤᠷᠢᠭ ᠲᠤ ᠭᠦᠨᠵᠡᠭᠡᠶᠢᠷᠡᠨ ᠬᠠᠲᠤᠨ ᠭᠤᠣᠯ ᠢ ᠲᠣᠭᠤᠷᠢᠨ ᠪᠠᠶᠢᠴᠠᠭᠠᠬᠤ ᠠᠵᠢᠯ ᠥᠷᠨᠢᠭᠦᠯᠪᠡ᠃ ᠬᠤᠲᠠ ᠶᠢᠨ ᠤᠳᠤᠷᠢᠳᠤᠯᠭ᠎ᠠ ᠯᠢ ᠴᠦᠨ ᠰᠢᠶᠤᠤ᠂ ᠸᠠᠩ ᠵᠢᠶ ᠫᠢᠩ ᠲᠣᠭᠤᠷᠢᠨ ᠪᠠᠶᠢᠴᠠᠭᠠᠬᠤ ᠳᠤ ᠣᠷᠣᠯᠴᠠᠪᠡ᠃      ᠲᠠᠩ ᠢ ᠨᠡᠷ ᠤᠷᠢᠳ ᠬᠤᠵᠢᠳ ᠬᠠᠲᠤᠨ ᠭᠤᠣᠯ ᠤᠨ ᠬᠤᠶᠠᠳᠤᠭᠠᠷ ᠬᠤᠭᠤᠴᠠᠭᠠᠨ ᠤ ᠦᠶᠡᠷ ᠢ ᠰᠡᠷᠭᠡᠶᠢᠯᠡᠬᠦ ᠢᠨᠵᠧᠨᠧᠷᠢᠩ ᠪᠣᠯᠤᠨ ᠪᠠᠶᠠᠨᠲᠤᠬᠤᠢ ᠶᠢᠨ ᠡᠩ ᠤᠨ ᠪᠤᠰᠤ ᠣᠰᠣ ᠶᠢ ᠡᠬᠢ ᠪᠠᠶᠠᠯᠢᠭᠵᠢᠭᠤᠯᠤᠨ ᠠᠰᠢᠭᠯᠠᠬᠤ ᠲᠦᠷᠦᠯ ᠵᠦᠢᠯ ᠤᠨ ᠲᠤᠬᠠᠢ ᠶᠢᠨ ᠲᠠᠯᠠᠪᠠᠢ ᠳᠤ ᠬᠦᠷᠴᠦ᠂ ᠬᠠᠲᠤᠨ ᠭᠤᠣᠯ ᠤᠨ ᠦᠬᠠᠢ ᠶᠢᠨ ᠬᠡᠰᠡᠭ ᠤᠨ ᠡᠷᠭᠢ ᠶᠢᠨ ᠱᠤᠭᠤᠮ ᠤᠨ ᠰᠡᠷᠭᠡᠶᠢᠯᠡᠨ ᠵᠠᠰᠠᠬᠤ ᠠᠵᠢᠯ ᠵᠢᠴᠢ ᠡᠩ ᠤᠨ ᠪᠤᠰᠤ ᠣᠰᠣ ᠶᠢ ᠡᠬᠢ ᠪᠠᠶᠠᠯᠢᠭᠵᠢᠭᠤᠯᠤᠨ ᠠᠰᠢᠭᠯᠠᠬᠤ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠰᠣᠳᠣᠯᠪᠠ᠃      ᠲᠠᠩ ᠢ ᠬᠡᠯᠡᠭᠰᠡᠨ ᠨᠢ᠂ ᠭᠤᠣᠯ ᠮᠦᠷᠡᠨ ᠤ ᠳᠠᠷᠤᠭ᠎ᠠ ᠶᠢᠨ ᠳᠦᠷᠢᠮ ᠢ ᠪᠦᠬᠦ ᠲᠠᠯ᠎ᠠ ᠪᠠᠷ ᠬᠡᠷᠡᠭᠵᠢᠭᠦᠯᠵᠦ᠂ ᠭᠤᠣᠯ ᠮᠥᠷᠡᠨ ᠨᠠᠭᠤᠷ ᠴᠥᠭᠦᠷᠥᠮ ᠤᠨ ᠬᠠᠮᠢᠶᠠᠷᠤᠯᠲᠠ ᠬᠠᠮᠠᠭᠠᠯᠠᠯᠲᠠ ᠶᠢ ᠴᠢᠩᠭᠠᠳᠬᠠᠬᠤ ᠪᠣᠯ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠪᠣᠯᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠦᠬᠦ ᠲᠠᠯ᠎ᠠ ᠠᠴᠠ ᠭᠠᠷᠭᠠᠭᠰᠠᠨ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠪᠣᠯᠤᠨ᠎ᠠ᠃ ᠦᠬᠠᠶ ᠪᠣᠯ ᠬᠠᠲᠤᠨ ᠭᠤᠤᠯ ᠤᠨ ᠥᠪᠥᠷ ᠮᠣᠩᠭᠤᠯ ᠳᠤ ᠣᠷᠣᠬᠤ ᠠᠩᠬᠠᠨ ᠤ ᠥᠷᠲᠡᠭᠡ ᠮᠥᠨ᠂ ᠬᠠᠲᠤᠨ ᠭᠤᠤᠯ ᠤᠨ ᠰᠠᠪᠠ ᠭᠠᠵᠠᠷ ᠤᠨ ᠦᠬᠠᠶ ᠶᠢᠨ ᠬᠡᠰᠡᠭ ᠤᠨ ᠠᠮᠢ ᠠᠬᠤᠶ ᠶᠢᠨ ᠣᠷᠴᠢᠨ ᠲᠣᠭᠤᠷᠢᠨ ᠢ ᠰᠠᠶᠢᠲᠤᠷ ᠬᠠᠮᠠᠭᠠᠯᠠᠬᠤ ᠪᠣᠯ ᠪᠢᠳᠡᠨ ᠤ ᠵᠠᠶᠢᠯᠠᠭᠤᠯᠵᠤ ᠪᠣᠯᠤᠰᠢ ᠥᠬᠡᠶ ᠤᠯᠤᠰ ᠲᠥᠷᠥ ᠶᠢᠨ ᠬᠠᠷᠢᠭᠤᠴᠠᠯᠭ᠎ᠠ ᠮᠥᠨ᠃ ᠡᠯ᠎ᠡ ᠱᠠᠲᠤᠨ ᠤ ᠭᠤᠣᠯ ᠮᠥᠷᠡᠨ ︵ᠨᠠᠭᠤᠷ︶ ᠤ ᠳᠠᠷᠤᠭ᠎ᠠ ᠨᠠᠷ ᠭᠤᠣᠯ ᠮᠥᠷᠡᠨ ᠤ ᠳᠠᠷᠤᠭ᠎ᠠ ᠶᠢᠨ ᠲᠦᠷᠢᠮ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠭᠤᠣᠯ ᠮᠥᠷᠡᠨ ᠨᠠᠭᠤᠷ ᠴᠥᠭᠦᠷᠥᠮ ᠢ ᠲᠣᠭᠤᠷᠢᠨ ᠪᠠᠶᠢᠴᠠᠭᠠᠬᠤ ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠵᠦ᠂ ᠭᠤᠣᠯ ᠮᠥᠷᠡᠨ ᠨᠠᠭᠤᠷ ᠴᠥᠭᠦᠷᠥᠮ ᠤᠨ ᠬᠠᠮᠢᠶᠠᠷᠤᠯᠲᠠ ᠪᠠ ᠬᠠᠮᠠᠭᠠᠯᠠᠯᠲᠠ ᠳᠤᠮᠳᠠ ᠣᠷᠣᠰᠢᠵᠤ ᠪᠠᠶᠢᠭ᠎ᠠ ᠠᠰᠠᠭᠤᠳᠠᠯ ᠢᠶᠠᠨ ᠴᠠᠭ ᠲᠤᠬᠠᠢ ᠳᠤᠨᠢ ᠢᠯᠡᠷᠡᠭᠦᠯᠦᠨ ᠰᠢᠢᠳᠪᠦᠷᠢᠯᠡᠵᠦ᠂ ᠭᠤᠣᠯ ᠮᠥᠷᠡᠨ ᠨᠠᠭᠤᠷ ᠴᠥᠭᠦᠷᠥᠮ ᠤᠨ ᠵᠠᠰᠠᠯᠲᠠ ᠶᠢᠨ ᠴᠢᠳᠠᠪᠤᠷᠢ ᠶᠢᠨ ᠵᠠᠰᠠᠯᠲᠠ ᠶᠢᠨ ᠰᠢᠰᠲ᠋ᠧᠮ ᠤᠨ ᠣᠳᠣᠬᠢᠴᠢᠯᠠᠯᠲᠠ ᠶᠢᠨ ᠲᠦᠪᠰᠢᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠭᠤᠣᠯ ᠮᠥᠷᠡᠨ ᠨᠠᠭᠤᠷ ᠴᠥᠭᠦᠷᠥᠮ ᠤᠨ ᠣᠷᠴᠢᠨ ᠲᠣᠭᠤᠷᠢᠨ ᠤ ᠦᠷᠭᠦᠯᠵᠢᠯᠡᠨ ᠰᠠᠶᠢᠵᠢᠷᠠᠬᠤ ᠶᠢ ᠠᠬᠢᠭᠤᠯᠬᠤ ᠬᠡᠷᠡᠭᠲᠡᠢ᠃ ᠳᠡᠭᠡᠳᠦ ᠳᠤᠤᠷᠠᠳᠤ ᠤᠷᠤᠰᠬᠠᠯ᠂ ᠵᠡᠭᠦᠨ ᠪᠠᠷᠠᠭᠤᠨ ᠡᠷᠭᠢ ᠶᠢ ᠬᠠᠮᠵᠢᠯᠴᠠᠨ ᠵᠠᠰᠠᠬᠤ ᠡᠷᠴᠢᠮ ᠢᠶᠠᠨ ᠴᠢᠩᠭᠠᠷᠠᠭᠤᠯᠵᠤ᠂ ᠬᠠᠲᠤᠨ ᠭᠤᠣᠯ ᠤᠨ ᠦᠬᠠᠢ ᠶᠢᠨ ᠬᠡᠰᠡᠭ ᠤᠨ ᠡᠷᠭᠢ ᠶᠢᠨ ᠱᠤᠭᠤᠮ ᠤᠨ ᠬᠠᠮᠠᠭᠠᠯᠠᠯᠲᠠ ᠶᠢᠨ ᠢᠨᠵᠧᠨᠧᠷᠢᠩ ᠤᠨ ᠲᠥᠯᠥᠪᠵᠢᠭᠦᠯᠭᠡ ᠪᠦᠲᠦᠭᠡᠨ ᠪᠠᠶᠢᠭᠤᠯᠤᠯᠲᠠ ᠶᠢᠨ ᠠᠵᠢᠯ ᠢᠶᠠᠨ ᠦᠨᠡᠨᠬᠦ ᠰᠠᠶᠢᠲᠤᠷ ᠬᠢᠵᠦ᠂ ︽ᠳᠦᠷᠪᠡᠨ ᠰᠠᠶᠢᠨᠲᠠᠢ ᠬᠥᠳᠡᠭᠡ ᠲᠣᠰᠬᠤᠨ ᠤ ᠵᠠᠮ︾ ᠲᠠᠢ ᠤᠶᠠᠯᠳᠤᠭᠤᠯᠤᠨ ᠬᠠᠲᠤᠨ ᠭᠤᠣᠯ ᠳᠠᠭᠠᠤ ᠶᠢᠨ ᠵᠠᠰᠠᠮᠠᠯ ᠵᠠᠮ ᠢ ᠲᠥᠯᠥᠪᠵᠢᠭᠦᠯᠵᠦ ᠪᠦᠲᠦᠭᠡᠨ ᠪᠠᠶᠢᠭᠤᠯᠵᠤ᠂ ᠡᠷᠭᠢ ᠶᠢᠨ ᠱᠤᠭᠤᠮ ᠢ ᠶᠡᠷᠦᠩᠬᠡᠶᠢᠯᠡᠨ ᠵᠠᠰᠠᠬᠤ ᠪᠠᠨ ᠴᠢᠩᠭᠠᠳᠬᠠᠵᠤ᠂ ᠤᠰᠤ ᠲᠤᠩᠭᠠᠯᠠᠭ᠂ ᠭᠤᠣᠯ ᠰᠢᠯᠤᠭᠤᠨ᠂ ᠡᠷᠭᠢ ᠨᠤᠭᠤᠭᠠᠨ᠂ ᠦᠵᠡᠮᠵᠢ ᠰᠠᠶᠢᠬᠠᠨ ᠪᠠᠶᠢᠬᠤ ᠶᠢ ᠦᠨᠡᠨᠬᠦ ᠪᠡᠶᠡᠯᠡᠭᠦᠯᠬᠦ ᠬᠡᠷᠡᠭᠲᠡᠢ᠃ ᠪᠠᠶᠢᠭᠠᠯᠢ ᠶᠢᠨ ᠨᠥᠬᠦᠴᠡᠯ ᠢ ᠭᠦᠢᠴᠡᠳ ᠠᠰᠢᠭᠯᠠᠨ᠂ ᠤᠰᠤᠨ ᠠᠰᠢᠭᠯᠠᠯᠲᠠ ᠶᠢᠨ ᠪᠡᠯᠡᠳᠬᠡᠮᠵᠢ ᠪᠠᠨ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠦᠨ ᠪᠥᠳᠥᠭᠡᠨ ᠪᠠᠶᠢᠭᠤᠯᠵᠤ᠂ ᠠᠵᠢᠯᠯᠠᠭᠠᠨ ᠤ ᠰᠢᠰᠲ᠋ᠧᠮᠵᠢ ᠲᠣᠭᠲᠠᠴᠠ ᠪᠠᠨ ᠲᠣᠳᠣᠷᠬᠠᠶᠢᠯᠠᠨ᠂ ᠡᠩ ᠤᠨ ᠪᠤᠰᠤ ᠤᠰᠤᠨ ᠤ ᠡᠬᠢ ᠪᠠᠶᠠᠯᠢᠭ ᠢ ᠭᠦᠢᠴᠡᠳ ᠠᠭᠤᠳᠠᠯᠬᠤ ᠪᠠ ᠰᠠᠶᠢᠲᠤᠷ ᠠᠰᠢᠭᠯᠠᠵᠤ᠂ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠦᠢᠯᠡᠳᠪᠦᠷᠢᠯᠡᠯ ᠠᠮᠢᠳᠤᠷᠠᠯ ᠪᠣᠯᠤᠨ ᠠᠮᠢ ᠠᠬᠤᠶ ᠶᠢᠨ ᠬᠡᠷᠡᠭᠯᠡᠬᠦ ᠤᠰᠤᠨ ᠤ ᠬᠡᠷᠡᠭᠴᠡᠭᠡ ᠶᠢ ᠲᠠᠰᠤᠷᠠᠯᠳᠠ ᠥᠭᠡᠢ ᠬᠠᠩᠭᠠᠬᠤ ᠬᠡᠷᠡᠭᠲᠡᠶ ᠭᠡᠵᠡᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号