| | | | | ᠦᠬᠠᠶ ᠬᠤᠲᠠ ᠶᠢᠨ ᠠᠷᠠᠳ ᠤᠨ ᠵᠠᠰᠠᠭ ᠤᠨ ᠣᠷᠳᠣᠨ ᠣᠶᠢᠷ᠎ᠠ ᠶᠢᠨ ᠬᠤᠭᠤᠴᠠᠭᠠᠨ ᠳᠤ ᠨᠢᠭᠡ ᠪᠦᠯᠦᠭ | ᠤᠳᠤᠷᠢᠳᠬᠤ ᠺᠠᠳ᠋ᠷᠴᠣᠳ ᠢ ᠲᠤᠮᠢᠯᠠᠨ ᠪᠠᠭᠤᠯᠭᠠᠪᠠ | ᠲᠤᠰᠢᠶᠠᠯ ᠳᠤ ᠲᠣᠮᠢᠯᠠᠬᠤ ᠨᠢ᠄ | ᠲᠢᠶᠠᠨ ᠶᠦᠨ ᠰᠢᠨ ᠬᠤᠲᠠ ᠶᠢᠨ ᠠᠮᠢ ᠠᠬᠤᠶ ᠶᠢᠨ ᠣᠷᠴᠢᠨ ᠲᠤᠭᠤᠷᠢᠨ ᠤ ᠲᠣᠪᠴᠢᠶᠠᠨ ᠤ ᠳᠡᠳ᠋ | ᠳᠠᠷᠤᠭ᠎ᠠ ᠪᠠᠷ ᠲᠣᠮᠢᠯᠠᠪᠠ︔ | ︵ᠦᠬᠠᠢ ᠠᠯᠪᠠᠨ ᠵᠠᠰᠠᠭ ᠲᠤᠮᠢᠯᠠᠬᠤ ︹ 2022 ︺2 ᠳ᠋ᠣᠭᠠᠷ ᠲᠣᠭᠠᠲᠤ ᠪᠢᠴᠢᠭ ᠮᠠᠲ᠋ᠧᠷᠢᠶᠠᠯ ᠢ | ᠦᠨᠳᠦᠰᠦᠯᠡᠪᠡ︶ | | | | ᠦᠬᠠᠶ ᠵᠠᠰᠠᠭ ᠠᠯᠪᠠᠨ ᠲᠠᠷᠬᠠᠭᠠᠭᠰᠠᠨ ︹ 2022 ︺ 14 ᠳ᠋ᠣᠭᠡᠷ ᠲᠣᠭᠠᠲᠤ | ︽ᠦᠬᠠᠶ ᠬᠤᠲᠠ ᠶᠢᠨ ︿ᠢᠳᠡᠰᠢᠨ ᠨᠣᠭᠤᠭ᠎ᠠ﹀ ᠶᠢᠨ ᠢᠨᠵᠧᠨᠧᠷᠢᠩ ᠢ ᠠᠬᠢᠭᠤᠯᠬᠤ ᠲᠤᠬᠠᠶ ᠬᠡᠷᠡᠭᠵᠢᠭᠦᠯᠬᠦ | ᠲᠥᠰᠦᠯ︾ ᠢ ᠳᠠᠷᠤᠮᠠᠯᠯᠠᠨ ᠶᠠᠪᠤᠭᠤᠯᠬᠤ ᠲᠤᠬᠠᠶ ᠦᠬᠠᠶ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ | ᠬᠡᠷ ᠤᠨ ᠮᠡᠳᠡᠭᠳᠡᠯ | ᠡᠯ᠎ᠡ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠳᠠ ᠶᠢᠨ ᠵᠠᠰᠠᠭ ᠤᠨ ᠣᠷᠳᠣᠨ ᠤ ᠡᠯ᠎ᠡ | ᠰᠠᠯᠠᠭ᠎ᠠ ᠮᠥᠴᠢᠷ᠂ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠳᠤ᠄ | ︽ᠦᠬᠠᠶ ᠬᠤᠲᠠ ᠶᠢᠨ ︿ᠢᠳᠡᠰᠢᠨ ᠨᠣᠭᠤᠭ᠎ᠠ﹀ ᠶᠢᠨ ᠢᠨᠵᠧᠨᠧᠷᠢᠩ ᠢ ᠠᠬᠢᠭᠤᠯᠬᠤ ᠲᠤᠬᠠᠶ ᠬᠡᠷᠡᠭᠵᠢᠭᠦᠯᠬᠦ | ᠲᠥᠰᠦᠯ︾ ᠢ ᠬᠤᠲᠠ ᠶᠢᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠲᠠᠨᠠᠷ ᠲᠤ ᠳᠠᠷᠤᠮᠠᠯᠯᠠᠨ | ᠶᠠᠪᠤᠭᠤᠯᠤᠯ᠎ᠠ᠂ ᠪᠣᠳᠠᠲᠠᠶ ᠲᠠᠢ ᠪᠠᠨ ᠤᠶᠠᠯᠳᠤᠭᠤᠯᠤᠨ᠂ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠲᠤᠭᠠᠶ᠃ | 2022 ᠣᠨ ᠤ 5 ᠰᠠᠷ᠎ᠠ ᠶᠢᠨ 25 ᠤ ᠡᠳᠦᠷ | ︵ᠲᠣᠰ ᠮᠠᠲ᠋ᠧᠷᠢᠶᠠᠯ ᠢ ᠢᠯᠡ ᠪᠠᠷ ᠨᠡᠶᠢᠲᠡᠯᠡᠨ᠎ᠡ︶ | | ᠦᠬᠠᠶ ᠬᠤᠲᠠ ᠶᠢᠨ ︽ᠢᠳᠡᠰᠢᠨ ᠨᠣᠭᠤᠭ᠎ᠠ︾ ᠶᠢᠨ ᠢᠨᠵᠧᠨᠧᠷᠢᠩ ᠢ ᠠᠬᠢᠭᠤᠯᠬᠤ ᠲᠤᠬᠠᠢ ᠬᠡᠷᠡᠭᠵᠢᠭᠦᠯᠬᠦ | ᠲᠥᠰᠦᠯ | | ︽ᠢᠳᠡᠰᠢᠨ ᠨᠤᠭᠤᠭ᠎ᠠ︾ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠤᠯᠠᠮ ᠨᠢᠭᠡ ᠠᠯᠬᠤᠮ | ᠴᠢᠩᠭᠠᠳᠬᠠᠵᠤ᠂ ︽ᠢᠳᠡᠰᠢᠨ ᠨᠣᠭᠤᠭ᠎ᠠ︾ ᠶᠢᠨ ᠪᠦᠲᠦᠭᠡᠭᠳᠡᠬᠦᠨ ᠤ ᠬᠠᠩᠭᠠᠯᠭ᠎ᠠ ᠶᠢᠨ ᠴᠢᠳᠠᠪᠤᠷᠢ ᠶᠢ ᠦᠨᠡᠨᠬᠦ | ᠪᠠᠲᠤᠯᠠᠵᠤ᠂ ᠰᠠᠭᠤᠭᠠᠯᠢ ᠠᠷᠠᠳ ᠤᠨ ᠬᠡᠷᠡᠭᠯᠡᠭᠡᠨ ᠤ ᠳᠡᠰ ᠳᠡᠪᠰᠢᠬᠦ ᠬᠡᠷᠡᠭᠴᠡᠭᠡ ᠶᠢ ᠬᠠᠩᠭᠠᠬᠤ ᠶᠢᠨ ᠲᠦᠯᠦᠭᠡ᠂ ︽ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠵᠤ ᠲᠠᠷᠢᠶᠠᠯᠠᠩ ᠬᠥᠳᠡᠭᠡ | ᠲᠣᠰᠬᠤᠨ ᠤ ᠣᠳᠣᠬᠢᠴᠢᠯᠠᠯᠲᠠ ᠶᠢ ᠲᠦᠷᠭᠡᠳᠬᠡᠬᠦ ᠲᠤᠬᠠᠢ ᠨᠠᠮ ᠤᠨ ᠲᠥᠪ ᠬᠤᠷᠢᠶ᠎ᠠ ᠲᠦᠷᠦ ᠶᠢᠨ ᠶᠠᠪᠤᠳᠠᠯ ᠤᠨ | ᠬᠤᠷᠢᠶᠠᠨ ᠤ ᠰᠠᠨᠠᠯ︾ ︵ᠲᠥᠪ ᠲᠠᠷᠬᠠᠭᠠᠭᠰᠠᠨ ︹ 2021 ︺ 1 ᠳ᠋ᠣᠭᠡᠷ ᠲᠣᠭᠠᠲᠤ︶ ︽︿ᠢᠳᠡᠰᠢᠨ | ᠨᠣᠭᠤᠭ᠎ᠠ﹀ ᠶᠢ ᠬᠤᠲᠠ ᠶᠢᠨ ᠳᠠᠷᠤᠭ᠎ᠠ ᠬᠠᠷᠢᠭᠤᠴᠠᠬᠤ ᠲᠦᠷᠢᠮ ᠢ ᠰᠢᠯᠭᠠᠨ ᠬᠢᠨᠠᠬᠤ ᠠᠷᠭ᠎ᠠ ᠶᠢ ᠳᠠᠷᠤᠮᠠᠯᠯᠠᠨ | ᠶᠠᠪᠤᠭᠤᠯᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠮᠡᠳᠡᠭᠳᠡᠯ︾ ︵ᠲᠥᠷᠥ ᠠᠯᠪᠠᠨ | ᠲᠠᠷᠬᠠᠭᠠᠭᠰᠠᠨ ︹ 2017 ︺ 1 ᠳ᠋ᠣᠭᠡᠷ ᠲᠣᠭᠠᠲᠤ︶ ᠪᠠ ︽︿ᠢᠳᠡᠰᠢᠨ ᠨᠣᠭᠤᠭ᠎ᠠ﹀ ᠶᠢ ᠬᠤᠲᠠ ᠶᠢᠨ | ᠳᠠᠷᠤᠭ᠎ᠠ ᠬᠠᠷᠢᠭᠤᠴᠠᠬᠤ ᠲᠦᠷᠢᠮ ᠢ ᠰᠢᠯᠭᠠᠨ ᠬᠢᠨᠠᠬᠤ ᠠᠷᠭ᠎ᠠ ᠶᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ | ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ ︹ 2021 ︺ 59 ᠳ᠋ᠣᠭᠡᠷ ᠲᠣᠭᠠᠲᠤ︶ ᠤᠨ ᠵᠣᠷᠢᠭ | ᠰᠠᠨᠠᠭ᠎ᠠ ᠶᠢ ᠦᠨᠳᠦᠰᠦᠯᠡᠵᠦ᠂ ᠮᠠᠨ ᠤ ᠬᠤᠲᠠ ᠶᠢᠨ ᠪᠣᠳᠠᠲᠠᠶ ᠲᠠᠢ ᠪᠠᠨ ᠤᠶᠠᠯᠳᠤᠭᠤᠯᠤᠨ᠂ ᠲᠣᠰ ᠲᠥᠰᠦᠯ ᠢ | ᠲᠣᠭᠲᠠᠭᠠᠪᠠ᠃ | ᠨᠢᠭᠡ᠂ ᠵᠢᠯᠣᠭᠤᠳᠬᠤ ᠦᠵᠡᠯ ᠰᠠᠨᠠᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ | ᠶᠢᠰᠦᠳᠦᠭᠡᠷ ᠬᠤᠭᠤᠴᠠᠭᠠᠨ ᠤ ᠤᠳᠠᠭ᠎ᠠ ᠪᠦᠷᠢ ᠶᠢᠨ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ | ᠲᠤᠤᠱᠯᠠᠭᠤᠯᠵᠤ᠂ ᠠᠮᠢ ᠠᠬᠤᠶ ᠶᠢ ᠣᠷᠢᠳᠠᠪᠡᠷ ᠪᠤᠲᠤᠯᠭᠢᠯᠠᠭᠰᠠᠨ᠂ ᠪᠣᠬᠢᠷᠲᠤᠯ ᠥᠬᠡᠶ ᠬᠥᠭᠵᠢᠯᠲᠡ ᠪᠠᠷ | ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠭᠤᠶᠢᠪᠢᠰᠢ ᠥᠬᠡᠶ ᠰᠠᠶᠢᠲᠤᠷ | ᠵᠠᠮᠨᠠᠵᠤ᠂ ︽ᠢᠳᠡᠰᠢᠨ ᠨᠣᠭᠤᠭ᠎ᠠ︾ ᠶᠢᠨ ᠭᠤᠤᠯ ᠪᠣᠯᠬᠤ ᠪᠦᠲᠦᠭᠡᠭᠳᠡᠬᠦᠨ ᠤ ᠵᠠᠬ᠎ᠠ ᠳᠡᠯᠭᠡᠭᠦᠷ ᠤᠨ | ᠬᠠᠩᠭᠠᠯᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠪᠠᠷ ᠬᠠᠷᠠᠯᠲᠠ ᠪᠣᠯᠭᠠᠵᠤ᠂ ︽ᠦᠢᠯᠡᠳᠪᠦᠷᠢᠯᠡᠯ ᠢ ᠲᠣᠭᠲᠠᠭᠤᠨ ᠢᠶᠠᠷ | ᠬᠥᠭᠵᠢᠭᠦᠯᠬᠦ᠂ ᠬᠦᠢᠯᠭᠡᠭᠡᠨ ᠤ ᠵᠠᠮ ᠱᠤᠭᠤᠮ ᠢ ᠰᠢᠯᠢᠳᠡᠭᠵᠢᠭᠦᠯᠬᠦ᠂ ᠶᠠᠰᠤ ᠴᠢᠨᠠᠷ ᠢ ᠠᠮᠤᠷ ᠲᠦᠪᠰᠢᠨ | ᠨᠠᠶᠢᠳᠠᠪᠤᠷᠢᠲᠠᠶ ᠪᠠᠶᠢᠯᠭᠠᠬᠤ︾ ᠱᠠᠭᠠᠷᠳᠠᠯᠭ᠎ᠠ ᠶᠣᠰᠣᠭᠠᠷ᠂ ᠪᠥᠬᠦ ᠬᠤᠲᠠ ᠶᠢᠨ ︽ᠢᠳᠡᠰᠢᠨ ᠨᠣᠭᠤᠭ᠎ᠠ︾ ᠶᠢᠨ | ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠬᠤᠲᠠ ᠶᠢᠨ ᠠᠷᠠᠳ ᠤᠨ | ︽ᠢᠳᠡᠰᠢᠨ ᠨᠣᠭᠤᠭ᠎ᠠ︾ ᠶᠢᠨ ᠪᠦᠲᠦᠭᠡᠭᠳᠡᠬᠦᠨ ᠤ ᠬᠠᠨᠤᠮᠵᠢ ᠶᠢᠨ ᠬᠡᠮᠵᠢᠶ᠎ᠡ ᠶᠢ ᠠᠯᠬᠤᠮ ᠠᠯᠬᠤᠮ ᠢᠶᠠᠷ | ᠳᠡᠭᠡᠭᠰᠢᠯᠡᠭᠦᠯᠦᠨ᠎ᠡ᠃ | ᠬᠤᠶᠠᠷ᠂ ᠭᠤᠣᠯ ᠬᠠᠷᠠᠯᠲᠠ | 2025 ᠣᠨ ᠪᠣᠯᠬᠤ ᠳᠤ᠂ ᠪᠥᠬᠦ ᠬᠤᠲᠠ ᠶᠢᠨ ᠢᠳᠡᠰᠢᠨ ᠨᠣᠭᠤᠭ᠎ᠠ᠂ ᠮᠢᠬᠠᠨ ᠤ ᠵᠦᠢᠯ᠂ ᠵᠢᠭᠦᠷᠲᠡᠨ ᠤ | ᠥᠨᠳᠡᠭᠡ ᠵᠡᠷᠭᠡ ︽ᠢᠳᠡᠰᠢᠨ ᠨᠣᠭᠤᠭ᠎ᠠ︾ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠴᠢᠳᠠᠪᠤᠷᠢ ᠪᠠᠨ | ᠢᠯᠡᠳᠲᠡ ᠳᠡᠭᠡᠭᠰᠢᠯᠡᠭᠦᠯᠵᠦ᠂ ᠵᠠᠬ᠎ᠠ ᠳᠡᠯᠭᠡᠭᠦᠷ ᠤᠨ ᠬᠦᠢᠯᠭᠡᠭᠡᠨ ᠤ ᠴᠢᠳᠠᠪᠤᠷᠢ᠂ ᠶᠠᠰᠤ ᠴᠢᠨᠠᠷ ᠤᠨ ᠬᠢᠨᠠᠯᠲᠠ | ᠬᠠᠮᠢᠶᠠᠷᠤᠯᠲᠠ ᠶᠢᠨ ᠰᠢᠰᠲ᠋ᠧᠮᠵᠢ᠂ ᠲᠣᠬᠢᠷᠠᠭᠤᠯᠭ᠎ᠠ ᠡᠵᠡᠮᠳᠡᠯ ᠤᠨ ᠪᠠᠲᠤᠯᠠᠭ᠎ᠠ ᠶᠢᠨ ᠴᠢᠳᠠᠪᠤᠷᠢ ᠶᠢᠨ ᠪᠠᠶᠢᠭᠤᠯᠤᠯᠲᠠ | ᠪᠠᠨ ᠨᠠᠩ ᠪᠦᠷᠢᠨᠰᠢᠬᠦᠯᠵᠦ᠂ ︽ᠢᠳᠡᠰᠢᠨ ᠨᠣᠭᠤᠭ᠎ᠠ︾ ᠶᠢᠨ ᠪᠦᠲᠦᠭᠡᠭᠳᠡᠬᠦᠨ ᠤ ᠥᠪᠡᠷ ᠢ ᠪᠠᠨ ᠬᠠᠩᠭᠠᠬᠤ ᠨᠣᠷᠮ᠎ᠠ | ᠪᠠᠨ ᠠᠯᠬᠤᠮ ᠠᠯᠬᠤᠮ ᠢᠶᠠᠷ ᠳᠡᠭᠡᠭᠰᠢᠯᠡᠭᠦᠯᠵᠦ᠂ ︽ᠢᠳᠡᠰᠢᠨ ᠨᠣᠭᠤᠭ᠎ᠠ︾ ᠶᠢᠨ ᠪᠦᠲᠦᠭᠡᠭᠳᠡᠬᠦᠨ ᠤ ᠣᠨ ᠤ | ᠶᠡᠷᠦᠩᠬᠡᠶ ᠬᠢᠷᠢ ᠲᠡᠩᠴᠡᠭᠦ ᠨᠣᠷᠮ᠎ᠠ ᠪᠠᠨ 97% ᠠᠴᠠ ᠳᠡᠭᠡᠭᠰᠢ ᠳᠤ ᠪᠠᠶᠢᠯᠭᠠᠨ᠎ᠠ᠃ | 2025 ᠣᠨ ᠪᠣᠯᠬᠤ ᠳᠤ᠂ ᠪᠥᠬᠦ ᠬᠤᠲᠠ ᠶᠢᠨ ᠢᠳᠡᠰᠢᠨ ᠨᠣᠭᠤᠭ᠎ᠠ ᠳᠠᠷᠢᠬᠤ ᠲᠠᠯᠠᠪᠠᠶ ᠶᠢ 1.3 ᠲᠦᠮᠡᠨ | ᠮᠥ ᠣᠷᠴᠢᠮ ᠪᠣᠯᠲᠠᠯ᠎ᠠ ᠳᠡᠭᠡᠭᠰᠢᠯᠡᠭᠦᠯᠬᠦ ᠶᠢᠨ ᠬᠠᠮᠲᠤ ᠲᠣᠭᠲᠠᠪᠤᠷᠢᠵᠢᠭᠤᠯᠵᠤ᠂ ᠭᠠᠷᠤᠯᠲᠠ ᠪᠠᠨ 5 ᠲᠦᠮᠡᠨ ᠲᠣᠨ | ᠣᠷᠴᠢᠮ ᠪᠤᠯᠭᠠᠨ᠎ᠠ︔ ᠮᠢᠬᠠᠨ ᠤ ᠵᠦᠢᠯ ᠤᠨ ᠭᠠᠷᠤᠯᠲᠠ ᠪᠠᠨ ︽ᠢᠳᠡᠰᠢᠨ ᠨᠣᠭᠤᠭ᠎ᠠ︾ ᠶᠢᠨ ᠰᠢᠯᠭᠠᠨ ᠬᠢᠨᠠᠬᠤ | ᠬᠦᠢᠴᠡᠳᠬᠡᠯ ᠲᠤᠭ᠎ᠠ ᠶᠢᠨ ᠱᠠᠭᠠᠷᠳᠠᠯᠭ᠎ᠠ ᠳᠤ ᠬᠦᠷᠭᠡᠨ᠎ᠡ᠃ ᠡᠭᠦᠨ ᠳᠤ᠂ 2022 ᠣᠨ ᠤ ᠢᠳᠡᠰᠢᠨ ᠨᠣᠭᠤᠭ᠎ᠠ | ᠲᠠᠷᠢᠭᠰᠠᠨ ᠲᠠᠯᠠᠪᠠᠶ 1.1 ᠲᠦᠮᠡᠨ ᠮᠥ ᠳᠤ ᠬᠦᠷᠴᠦ᠂ 2021 ᠣᠨ ᠤ ᠬᠢ ᠠᠴᠠ 0.36 ᠲᠦᠮᠡᠨ ᠮᠥ ᠨᠡᠮᠡᠭᠳᠡᠨ᠂ | ᠭᠠᠷᠤᠯᠲᠠ ᠨᠢ 4 ᠲᠦᠮᠡᠨ ᠲᠣᠨ ᠳᠤ ᠬᠦᠷᠴᠦ᠂ 2021 ᠣᠨ ᠤ ᠬᠢ ᠠᠴᠠ 1.2 ᠲᠦᠮᠡᠨ ᠲᠣᠨ ᠨᠡᠮᠡᠭᠳᠡᠪᠡ︔ | ᠮᠢᠬᠠᠨ ᠤ ᠵᠦᠢᠯ ᠤᠨ ᠭᠠᠷᠤᠯᠲᠠ ᠥᠪᠡᠷᠲᠡᠭᠡᠨ ᠵᠠᠰᠠᠬᠤ ᠣᠷᠣᠨ ᠤ ᠣᠨ ᠤ ᠰᠢᠯᠭᠠᠨ ᠬᠢᠨᠠᠬᠤ ᠱᠠᠭᠠᠷᠳᠠᠯᠭ᠎ᠠ ᠳᠤ | ᠬᠦᠷᠪᠡ᠃ | ᠭᠤᠷᠪᠠ᠂ ᠭᠤᠣᠯᠳᠠᠯᠭ᠎ᠠ ᠲᠠᠢ ᠠᠵᠢᠯ | ︵ᠨᠢᠭᠡ︶ ︽ᠢᠳᠡᠰᠢᠨ ᠨᠣᠭᠤᠭ᠎ᠠ︾ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠴᠢᠳᠠᠪᠤᠷᠢ ᠶᠢᠨ | ᠪᠠᠶᠢᠭᠤᠯᠤᠯᠲᠠ ᠪᠠᠨ ᠴᠢᠩᠭᠠᠳᠬᠠᠨ᠎ᠠ | 1. ᠪᠡᠯᠡᠳᠭᠡᠮᠵᠢᠳᠤ ᠢᠳᠡᠰᠢᠨ ᠨᠣᠭᠤᠭ᠎ᠠ ᠶᠢᠨ ᠬᠡᠪᠴᠢᠶᠡᠵᠢᠭᠦᠯᠦᠨ ᠦᠢᠯᠡᠳᠪᠦᠷᠢᠯᠡᠬᠦ ᠰᠠᠭᠤᠷᠢᠨ ᠭᠠᠵᠠᠷ ᠢ | ᠪᠠᠶᠢᠭᠤᠯᠤᠨ᠎ᠠ᠃ ᠣᠳᠣᠬᠢᠴᠢᠯᠠᠬᠤ᠂ ᠬᠡᠪᠴᠢᠶᠡᠵᠢᠭᠦᠯᠬᠦ᠂ ᠪᠠᠷᠢᠮᠵᠢᠶᠠᠵᠢᠭᠤᠯᠬᠤ ᠵᠠᠷᠴᠢᠮ ᠶᠣᠰᠣᠭᠠᠷ᠂ ᠬᠥᠲᠥᠴᠢ | ᠠᠵᠤ ᠠᠬᠤᠶᠢᠯᠠᠯ᠂ ᠲᠠᠷᠢᠶᠠᠴᠢᠳ ᠤᠨ ᠲᠤᠰᠬᠠᠶ ᠠᠵᠢᠯ ᠤᠨ ᠬᠤᠷᠰᠢᠶ᠎ᠠ ᠵᠡᠷᠭᠡ ᠡᠯ᠎ᠡ ᠲᠥᠷᠥᠯ ᠤᠨ ᠡᠵᠡᠩᠨᠡᠯᠲᠡ ᠶᠢᠨ | ᠭᠤᠤᠯ ᠴᠣᠭᠴᠠ ᠳᠤ ᠲᠦᠰᠢᠭᠯᠡᠨ᠂ ᠨᠢᠭᠡᠳᠦᠯᠲᠡᠶ ᠲᠥᠯᠥᠪᠵᠢᠭᠦᠯᠬᠦ ᠪᠠᠨ ᠴᠢᠩᠭᠠᠳᠬᠠᠵᠤ᠂ ᠡᠬᠢ ᠪᠠᠶᠠᠯᠢᠭ ᠤᠨ | ᠬᠦᠴᠦᠨ ᠵᠦᠢᠯ ᠢ ᠬᠤᠷᠠᠮᠳᠤᠭᠤᠯᠤᠨ᠂ ᠢᠳᠡᠰᠢᠨ ᠨᠣᠭᠤᠭ᠎ᠠ ᠶᠢᠨ ᠤᠨᠠᠯᠲᠠ ᠪᠠᠨ ᠳᠡᠭᠡᠭᠰᠢᠯᠡᠭᠦᠯᠬᠦ ᠪᠠ ᠢᠳᠡᠰᠢᠨ | ᠨᠣᠭᠤᠭ᠎ᠠ ᠶᠢᠨ ᠶᠠᠰᠤ ᠴᠢᠨᠠᠷ ᠢᠶᠠᠨ ᠳᠡᠭᠡᠭᠰᠢᠯᠡᠭᠦᠯᠬᠦ ᠪᠠᠷ ᠭᠤᠤᠯᠳᠠᠯᠭ᠎ᠠ ᠪᠣᠯᠭᠠᠵᠤ᠂ ᠣᠯᠠᠨ ᠪᠡᠯᠡᠳᠬᠡᠮᠵᠢᠲᠦ ᠢᠳᠡᠰᠢᠨ | ᠨᠣᠭᠤᠭ᠎ᠠ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠥᠲᠥᠭᠡᠨ ᠪᠠᠶᠢᠭᠤᠯᠵᠤ᠂ ᠢᠳᠡᠰᠢᠨ ᠨᠣᠭᠤᠭ᠎ᠠ ᠶᠢᠨ | ᠦᠢᠯᠡᠳᠪᠦᠷᠢᠯᠡᠯ ᠢ ᠪᠡᠯᠡᠳᠬᠡᠮᠵᠢᠵᠢᠭᠦᠯᠬᠦ᠂ ᠬᠦᠷᠢᠶᠡᠯᠡᠩ ᠲᠣᠭᠤᠷᠢᠭᠵᠢᠭᠤᠯᠬᠤ᠂ ᠪᠣᠬᠢᠷᠲᠤᠯ ᠥᠬᠡᠶ ᠬᠥᠭᠵᠢᠭᠦᠯᠬᠦ ᠶᠢ | ᠠᠬᠢᠭᠤᠯᠤᠨ᠎ᠠ᠃ 2025 ᠣᠨ ᠤ ᠡᠴᠦᠰ ᠪᠣᠯᠬᠤ ᠳᠤ ᠪᠥᠬᠦ ᠬᠤᠲᠠ ᠳᠤ ᠵᠠᠭᠤᠨ ᠮᠥ ᠪᠡᠯᠡᠳᠭᠡᠮᠵᠢᠳᠤ ᠢᠳᠡᠰᠢᠨ | ᠨᠣᠭᠤᠭ᠎ᠠ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ ᠢ 10 ᠪᠣᠯᠭᠠᠨ ᠪᠥᠲᠥᠭᠡᠨ ᠪᠠᠶᠢᠭᠤᠯᠬᠤ ᠪᠠᠷ ᠴᠢᠷᠮᠠᠶᠢᠨ᠎ᠠ᠂ | ᠡᠭᠦᠨ ᠳᠤ ᠬᠠᠶᠢᠷᠤᠪ ᠤᠨ ᠲᠤᠬᠤᠢ ᠲᠣᠭᠤᠷᠢᠭ ᠲᠤ 3᠂ ᠤᠳᠠ ᠲᠣᠭᠤᠷᠢᠭ ᠲᠤ 2᠂ ᠬᠠᠶᠢᠨᠠᠨ ᠲᠣᠭᠤᠷᠢᠭ ᠲᠤ 5 | ᠃ ᠵᠢᠱᠢᠯᠲᠡ ᠪᠠᠷ 1000 ᠮᠥ ᠲᠥᠬᠦᠭᠡᠷᠦᠮᠵᠢᠲᠦ ᠢᠳᠡᠰᠢᠨ ᠨᠣᠭᠤᠭ᠎ᠠ ᠶᠢᠨ ᠦᠢᠯᠡᠳᠪᠦᠷᠢᠯᠡᠯ ᠤᠨ ᠰᠠᠭᠤᠷᠢᠨ | ᠭᠠᠵᠠᠷ ᠢ ᠰᠢᠨ᠎ᠡ ᠪᠠᠷ ᠪᠠᠶᠢᠭᠤᠯᠵᠤ᠂ ᠳᠠᠷᠢᠬᠤ ᠲᠠᠯᠠᠪᠠᠶ ᠶᠢ ᠪᠠᠷᠤᠭ 2500 ᠮᠥ ᠨᠡᠮᠡᠭᠳᠡᠭᠦᠯᠦᠨ᠎ᠡ᠃ 2022 | ᠣᠨ ᠳᠤ ᠢᠳᠡᠰᠢᠨ ᠨᠣᠭᠤᠭ᠎ᠠ ᠳᠠᠷᠢᠬᠤ ᠲᠠᠯᠠᠪᠠᠶ ᠶᠢ 1.1 ᠲᠦᠮᠡᠨ ᠮᠥ ᠳᠤ ᠬᠦᠷᠦᠭᠦᠯᠵᠦ᠂ ᠵᠠᠭᠤᠨ ᠮᠥ ᠶᠢᠨ | ᠪᠡᠯᠡᠳᠭᠡᠮᠵᠢᠳᠤ ᠢᠳᠡᠰᠢᠨ ᠨᠣᠭᠤᠭ᠎ᠠ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ ᠢ 3 ᠡᠬᠢᠯᠡᠭᠦᠯᠵᠦ᠂ | ᠪᠠᠶᠢᠭᠤᠯᠤᠭᠰᠠᠨ ᠲᠠᠯᠠᠪᠠᠶ ᠶᠢ 150 ᠮᠥ ᠠᠴᠠ ᠳᠤᠲᠠᠭᠤ ᠥᠬᠡᠶ ᠪᠠᠶᠢᠯᠭᠠᠨ᠎ᠠ᠃ ᠢᠳᠡᠰᠢᠨ ᠨᠣᠭᠤᠭ᠎ᠠ ᠳᠠᠷᠢᠬᠤ | ᠰᠠᠭᠤᠷᠢᠨ ᠭᠠᠵᠠᠷ ᠤᠨ ᠤᠰᠤ᠂ ᠴᠠᠬᠢᠯᠭᠠᠨ᠂ ᠵᠠᠮ᠂ ᠣᠶ ᠰᠢᠭᠤᠶ ᠵᠡᠷᠭᠡ ᠰᠠᠭᠤᠷᠢ ᠪᠡᠯᠡᠳᠬᠡᠮᠵᠢ ᠶᠢᠨ ᠪᠥᠲᠥᠭᠡᠨ | ᠪᠠᠶᠢᠭᠤᠯᠤᠯᠲᠠ ᠪᠠᠨ ᠴᠢᠩᠭᠠᠳᠬᠠᠵᠤ᠂ ᠰᠢᠨᠵᠢᠯᠡᠬᠦ ᠤᠬᠠᠭᠠᠨ ᠮᠡᠷᠭᠡᠵᠢᠯ ᠢᠶᠠᠷ ᠲᠡᠳᠬᠦᠬᠦ ᠪᠠᠯᠠ ᠮᠥᠩᠭᠦ ᠶᠢᠨ | ᠣᠷᠣᠭᠤᠯᠤᠯᠲᠠ ᠪᠠᠨ ᠨᠡᠮᠡᠭᠳᠡᠭᠦᠯᠦᠨ᠂ ᠰᠠᠭᠤᠷᠢᠨ ᠭᠠᠵᠠᠷ ᠤᠨ ᠣᠳᠣᠬᠢᠴᠢᠯᠠᠯᠲᠠ ᠶᠢᠨ ᠬᠢᠷᠢ ᠬᠡᠮᠵᠢᠶ᠎ᠡ ᠪᠠᠨ | ᠳᠡᠭᠡᠭᠰᠢᠯᠡᠭᠦᠯᠦᠨ᠎ᠡ᠃ ︵ᠲᠦᠷᠦᠭᠦᠯᠡᠬᠦ ᠨᠢᠭᠡᠴᠡ᠄ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ︔ | ᠬᠠᠷᠢᠭᠤᠴᠠᠯᠭᠠᠲᠤ ᠨᠢᠭᠡᠴᠡ᠄ ᠡᠯ᠎ᠡ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠲᠤᠭ᠎ᠠ | ᠪᠦᠷᠢᠳᠬᠡᠯ ᠤᠨ ᠲᠣᠪᠴᠢᠶ᠎ᠠ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ | ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠤᠰᠤᠨ ᠤ ᠶᠠᠪᠤᠳᠠᠯ ᠤᠨ ᠲᠣᠪᠴᠢᠶ᠎ᠠ᠂ ᠵᠠᠮ | ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠠᠮᠢ ᠠᠬᠤᠶ ᠶᠢᠨ | ᠣᠷᠴᠢᠨ ᠲᠣᠭᠤᠷᠢᠨ ᠤ ᠲᠣᠪᠴᠢᠶ᠎ᠠ᠂ ᠥᠪᠥᠷ ᠮᠣᠩᠭᠤᠯ ᠤᠨ ᠴᠠᠬᠢᠯᠭᠠᠨ ᠬᠦᠴᠦᠨ ︵ᠪᠦᠯᠦᠭᠯᠡᠯ︶ ᠤ ᠬᠢᠵᠠᠭᠠᠷᠲᠤ | ᠬᠠᠷᠢᠭᠤᠴᠠᠯᠭᠠᠲᠤ ᠺᠣᠮᠫᠠᠨᠢ ᠶᠢᠨ ᠦᠬᠠᠶ ᠶᠢᠨ ᠴᠠᠬᠢᠯᠭᠠᠨ ᠬᠠᠩᠭᠠᠬᠤ ᠬᠤᠪᠢᠶᠠᠷᠢ ᠺᠣᠮᠫᠠᠨᠢ︶ | | 2022 — 2025 ᠣᠨ ᠤ ᠢᠳᠡᠰᠢᠨ ᠨᠣᠭᠤᠭ᠎ᠠ ᠲᠠᠷᠢᠬᠤ ᠲᠥᠯᠥᠪᠯᠡᠭᠡ ᠶᠢᠨ ᠨᠠᠷᠢᠨ ᠬᠦᠰᠦᠨᠦᠭᠲᠦ | ᠨᠢᠭᠡᠴᠢ᠄ ᠲᠦᠮᠡᠨ ᠮᠦ᠂ ᠲᠦᠮᠡᠨ ᠲᠣᠨ | | | | | | | 2. ᠬᠡᠪᠴᠢᠶᠡᠵᠢᠭᠦᠯᠦᠭᠰᠡᠨ ᠭᠤᠤᠯᠳᠠᠯᠭ᠎ᠠ ᠲᠠᠢ ᠲᠡᠵᠢᠭᠡᠨ ᠦᠷᠡᠵᠢᠭᠦᠯᠬᠦ ᠲᠥᠷᠥᠯ ᠵᠦᠢᠯ ᠢ | ᠨᠠᠶᠢᠳᠠᠪᠤᠷᠢᠵᠢᠭᠤᠯᠬᠤ ᠶᠢ ᠠᠬᠢᠭᠤᠯᠤᠨ᠎ᠠ᠃ ᠥᠨᠳᠡᠭᠡᠨ ᠲᠠᠬᠢᠶ᠎ᠠ᠂ ᠭᠠᠭ᠋ᠠᠶ ᠲᠡᠵᠢᠭᠡᠨ ᠦᠷᠡᠵᠢᠭᠦᠯᠬᠦ ᠠᠵᠢᠯ ᠢ | ᠭᠤᠣᠯᠳᠠᠯᠭ᠎ᠠ ᠲᠠᠢ ᠪᠠᠷ ᠲᠡᠳᠬᠦᠵᠦ᠂ ᠦᠬᠡᠷ᠂ ᠬᠤᠨᠢ ᠢᠮᠠᠭ᠎ᠠ ᠪᠠ ᠤᠰᠤᠨ ᠤ ᠭᠠᠷᠤᠯᠲᠠ ᠶᠢᠨ ᠲᠡᠵᠢᠭᠡᠨ | ᠦᠷᠡᠵᠢᠭᠦᠯᠬᠦ ᠠᠵᠢᠯ ᠢ ᠵᠣᠬᠢᠰᠲᠠᠶ ᠪᠠᠷ ᠬᠥᠭᠵᠢᠭᠦᠯᠦᠨ᠎ᠡ᠃ ᠬᠠᠶᠢᠨᠠᠨ ᠲᠣᠭᠤᠷᠢᠭ ᠤᠨ ᠬᠡᠪᠴᠢᠶᠡᠵᠢᠭᠦᠯᠦᠭᠰᠡᠨ ᠠᠮᠢ | ᠠᠬᠤᠶ ᠶᠢᠨ ᠭᠠᠭ᠋ᠠᠶ ᠲᠡᠵᠢᠭᠡᠬᠦ ᠲᠥᠷᠥᠯ ᠵᠦᠢᠯ᠂ ᠥᠨᠳᠡᠭᠡᠨ ᠲᠠᠬᠢᠶ᠎ᠠ ᠲᠡᠵᠢᠭᠡᠨ ᠦᠷᠡᠵᠢᠭᠦᠯᠬᠦ ᠲᠥᠷᠥᠯ ᠵᠦᠢᠯ ᠢ | ᠢᠳᠡᠪᠬᠢᠲᠡᠶ ᠪᠠᠷ ᠠᠬᠢᠭᠤᠯᠵᠤ᠂ ᠮᠠᠨ ᠤ ᠬᠤᠲᠠ ᠶᠢᠨ ᠮᠢᠬᠠᠨ ᠤ ᠵᠦᠢᠯ ᠤᠨ ᠭᠠᠷᠤᠯᠲᠠ ᠶᠢ ᠲᠣᠭᠲᠠᠭᠤᠨ ᠢᠶᠠᠷ | ᠳᠡᠭᠡᠭᠰᠢᠯᠡᠭᠦᠯᠦᠨ᠂ ᠪᠠᠷᠢᠮᠵᠢᠶᠠᠵᠢᠭᠤᠯᠤᠭᠰᠠᠨ ᠲᠡᠵᠢᠭᠡᠨ ᠦᠷᠡᠵᠢᠭᠦᠯᠬᠦ ᠬᠢᠷᠢ ᠬᠡᠮᠵᠢᠶ᠎ᠡ ᠪᠠᠨ ᠳᠡᠭᠡᠭᠰᠢᠯᠡᠭᠦᠯᠦᠨ᠎ᠡ᠃ ︵ | ᠲᠦᠷᠦᠭᠦᠯᠡᠬᠦ ᠨᠢᠭᠡᠴᠡ᠄ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ︔ ᠬᠠᠷᠢᠭᠤᠴᠠᠯᠭᠠᠲᠤ | ᠨᠢᠭᠡᠴᠡ᠄ ᠡᠯ᠎ᠡ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠲᠤᠭ᠎ᠠ ᠪᠦᠷᠢᠳᠬᠡᠯ ᠤᠨ | ᠲᠣᠪᠴᠢᠶ᠎ᠠ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠣᠪᠴᠢᠶ᠎ᠠ᠂ ᠠᠮᠢ | ᠠᠬᠤᠶ ᠶᠢᠨ ᠣᠷᠴᠢᠨ ᠲᠣᠭᠤᠷᠢᠨ ᠤ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠰᠢᠨᠵᠢᠯᠡᠬᠦ | ᠤᠬᠠᠭᠠᠨ ᠮᠡᠷᠭᠡᠵᠢᠯ ᠤᠨ ᠲᠣᠪᠴᠢᠶ᠎ᠠ᠂ ᠥᠪᠥᠷ ᠮᠣᠩᠭᠤᠯ ᠤᠨ ᠴᠠᠬᠢᠯᠭᠠᠨ ᠬᠦᠴᠦᠨ ︵ᠪᠦᠯᠦᠭᠯᠡᠯ︶ ᠤ ᠬᠢᠵᠠᠭᠠᠷᠲᠤ | ᠬᠠᠷᠢᠭᠤᠴᠠᠯᠭᠠᠲᠤ ᠺᠣᠮᠫᠠᠨᠢ ᠶᠢᠨ ᠦᠬᠠᠶ ᠶᠢᠨ ᠴᠠᠬᠢᠯᠭᠠᠨ ᠬᠠᠩᠭᠠᠬᠤ ᠬᠤᠪᠢᠶᠠᠷᠢ ᠺᠣᠮᠫᠠᠨᠢ︶ | 3. ︽ᠨᠢᠭᠡ ᠲᠣᠰᠬᠤᠨ ᠨᠢᠭᠡ ᠲᠥᠷᠥᠯ ᠵᠦᠢᠯ︾ ᠤᠨ ᠣᠨᠴᠠᠯᠢᠠᠠᠳᠣ ᠠᠵᠤ ᠦᠢᠯᠡᠰ ᠢ ᠪᠤᠶᠢᠵᠢᠭᠤᠯᠤᠨ᠎ᠠ᠃ | ᠲᠥᠷᠥ ᠶᠢᠨ ᠪᠣᠳᠣᠯᠭ᠎ᠠ ᠪᠠᠷ ᠬᠥᠲᠥᠯᠦᠨ ᠵᠢᠯᠣᠭᠤᠳᠬᠤ᠂ ᠲᠥᠷᠥᠯ ᠵᠦᠢᠯ ᠢᠶᠠᠷ ᠲᠡᠳᠬᠦᠬᠦ ᠵᠡᠷᠭᠡ ᠠᠷᠭ᠎ᠠ | ᠬᠡᠮᠵᠢᠶ᠎ᠡ ᠪᠠᠷ ᠳᠠᠮᠵᠢᠭᠤᠯᠤᠨ᠂ ᠲᠠᠷᠢᠶᠠᠯᠠᠩ ᠤᠨ ᠠᠵᠤ ᠠᠬᠤᠶᠢᠯᠠᠯ᠂ ᠲᠣᠰᠬᠤᠨ ᠤ ᠬᠠᠮᠲᠤ ᠶᠢᠨ ᠠᠵᠤ ᠠᠬᠤᠶ ᠶᠢᠨ | ᠵᠣᠬᠢᠶᠠᠨ ᠪᠠᠶᠢᠭᠤᠯᠤᠯᠲᠠ᠂ ᠲᠠᠷᠢᠶᠠᠴᠢᠳ ᠤᠨ ᠲᠤᠰᠬᠠᠶ ᠠᠵᠢᠯ ᠤᠨ ᠬᠤᠷᠰᠢᠶ᠎ᠠ ᠵᠡᠷᠭᠡ ᠡᠵᠡᠩᠨᠡᠯᠲᠡ ᠶᠢᠨ ᠭᠤᠤᠯ | ᠴᠣᠭᠴᠠ ᠶᠢ ᠵᠣᠷᠢᠭᠵᠢᠭᠤᠯᠵᠤ ᠪᠠᠶᠢᠭᠠᠳ ᠵᠢᠵᠢᠭ ᠲᠠᠷᠢᠶᠠᠴᠢᠨ ᠡᠷᠦᠬᠡ ᠶᠢ ᠳᠠᠶᠢᠴᠢᠯᠠᠨ ᠣᠨᠴᠠᠯᠢᠭ ᠢᠶᠠᠷ ᠢᠯᠡᠷᠬᠡᠶ᠂ | ᠶᠠᠰᠤ ᠴᠢᠨᠠᠷ ᠢᠶᠠᠷ ᠰᠢᠯᠢᠳᠡᠭ᠂ ᠨᠡᠮᠡᠯᠲᠡ ᠥᠷᠲᠡᠭ ᠢᠶᠠᠷ ᠥᠨᠳᠥᠷ ︽ᠢᠳᠡᠰᠢᠨ ᠨᠣᠭᠤᠭ᠎ᠠ︾ ᠶᠢᠨ ᠪᠦᠲᠦᠭᠡᠭᠳᠡᠬᠦᠨ ᠢ | ᠬᠥᠭᠵᠢᠭᠦᠯᠵᠦ᠂ ᠵᠣᠬᠢᠬᠤ ᠬᠡᠪᠴᠢᠶᠡᠵᠢᠭᠦᠯᠦᠨ ᠡᠵᠡᠩᠨᠡᠭᠦᠯᠵᠦ᠂ ᠣᠨᠴᠠᠯᠢᠭ ᠢᠶᠠᠷ ᠢᠯᠡᠷᠬᠡᠶ᠂ ᠥᠷᠢᠰᠦᠯᠳᠦᠬᠦ | ᠬᠦᠴᠦᠨ ᠢᠶᠠᠷ ᠴᠢᠩᠭ᠎ᠠ ᠨᠢᠭᠡ ᠪᠦᠯᠦᠭ ︽ᠨᠢᠭᠡ ᠲᠣᠰᠬᠤᠨ ᠨᠢᠭᠡ ᠦᠢᠯᠡᠳᠬᠦᠨ︾ ᠤ ᠲᠤᠰᠬᠠᠶ ᠲᠣᠰᠬᠤᠨ ᠢ | ᠠᠯᠬᠤᠮ ᠠᠯᠬᠤᠮ ᠢᠶᠠᠷ ᠪᠤᠶᠢᠵᠢᠭᠤᠯᠤᠨ᠎ᠠ᠃ ︵ᠲᠦᠷᠦᠭᠦᠯᠡᠬᠦ ᠨᠢᠭᠡᠴᠡ᠄ ᠬᠤᠲᠠ ᠶᠢᠨ ᠲᠠᠷᠢᠶᠠᠯᠠᠩ ᠮᠠᠯ ᠠᠵᠤ | ᠠᠬᠤᠶ ᠶᠢᠨ ᠲᠣᠪᠴᠢᠶ᠎ᠠ︔ ᠬᠠᠷᠢᠭᠤᠴᠠᠯᠭᠠᠲᠤ ᠨᠢᠭᠡᠴᠡ᠄ ᠡᠯ᠎ᠡ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ | ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ︶ | ︵ᠬᠤᠶᠠᠷ︶ ︽ᠢᠳᠡᠰᠢᠨ ᠨᠣᠭᠤᠭ᠎ᠠ︾ ᠶᠢᠨ ᠪᠦᠲᠦᠭᠡᠭᠳᠡᠬᠦᠨ ᠤ ᠵᠠᠬ᠎ᠠ ᠳᠡᠯᠭᠡᠭᠦᠷ ᠤᠨ ᠬᠦᠢᠯᠭᠡᠭᠡᠨ ᠤ | ᠴᠢᠳᠠᠪᠤᠷᠢ ᠶᠢᠨ ᠪᠠᠶᠢᠭᠤᠯᠤᠯᠲᠠ ᠪᠠᠨ ᠴᠢᠩᠭᠠᠳᠬᠠᠨ᠎ᠠ | 1. ᠵᠠᠬ᠎ᠠ ᠳᠡᠯᠭᠡᠭᠦᠷ ᠤᠨ ᠰᠢᠰᠲ᠋ᠧᠮᠵᠢ ᠪᠠᠨ ᠲᠡᠭᠦᠯᠳᠡᠷᠵᠢᠭᠦᠯᠦᠨ᠎ᠡ᠃ ᠰᠢᠨᠵᠢᠯᠡᠬᠦ ᠤᠬᠠᠭᠠᠨᠴᠢ ᠪᠦᠷᠢᠨ | ᠲᠡᠭᠦᠯᠳᠡᠷ ᠪᠥᠭᠡᠮ ᠢᠶᠠᠷ ᠬᠤᠳᠠᠯᠳᠤᠬᠤ᠂ ᠵᠢᠵᠢᠭᠯᠡᠨ ᠬᠤᠳᠠᠯᠳᠤᠬᠤ ᠵᠠᠬ᠎ᠠ ᠳᠡᠯᠭᠡᠭᠦᠷ ᠤᠨ ᠰᠢᠰᠲ᠋ᠧᠮᠵᠢ ᠶᠢ ᠪᠠᠶᠢᠭᠤᠯᠵᠤ | ᠂ ︽ᠢᠳᠡᠰᠢᠨ ᠨᠣᠭᠤᠭ᠎ᠠ︾ ᠶᠢᠨ ᠵᠠᠬ᠎ᠠ ᠳᠡᠯᠭᠡᠭᠦᠷ ᠤᠨ ᠨᠡᠶᠢᠲᠡ ᠶᠢᠨ ᠠᠰᠠᠷᠠᠮᠵᠢ ᠶᠢᠨ ᠴᠢᠨᠠᠷ᠂ ᠳᠥᠭᠦᠮ ᠳᠥᠲᠡ | ᠴᠢᠨᠠᠷ ᠢ ᠳᠣᠪᠤᠶᠢᠯᠭᠠᠨ᠂ ᠨᠢᠭᠡ ᠪᠦᠯᠦᠭ ᠬᠡᠪᠴᠢᠶ᠎ᠡ ᠨᠢ ᠲᠣᠬᠢᠷᠠᠮᠵᠢᠲᠠᠶ᠂ ᠠᠷᠠᠯᠵᠢᠶᠠᠯᠠᠬᠤ ᠨᠢ ᠠᠮᠢᠳᠤᠯᠢᠭ᠂ | ᠲᠥᠪᠯᠡᠷᠡᠭᠦᠯᠬᠦ ᠬᠦᠴᠦᠨ ᠪᠠ ᠨᠥᠯᠥᠭᠡᠯᠡᠬᠦ ᠬᠦᠴᠦᠨ ᠢᠶᠠᠷ ᠴᠢᠩᠭ᠎ᠠ ︽ᠢᠳᠡᠰᠢᠨ ᠨᠣᠭᠤᠭ᠎ᠠ︾ ᠶᠢᠨ | ᠪᠦᠲᠦᠭᠡᠭᠳᠡᠬᠦᠨ ᠢ ᠪᠥᠭᠡᠮ ᠢᠶᠠᠷ ᠬᠤᠳᠠᠯᠳᠤᠬᠤ᠂ ᠬᠦᠢᠯᠭᠡᠭᠡᠨ ᠤ ᠵᠠᠬ᠎ᠠ ᠳᠡᠯᠭᠡᠭᠦᠷ ᠢ ᠪᠣᠶ ᠪᠣᠯᠭᠠᠨ᠎ᠠ᠃ ᠡᠭᠦᠨ ᠤ | ᠬᠠᠮᠲᠤ᠂ ᠪᠥᠬᠦ ᠬᠤᠲᠠ ᠶᠢᠨ ︽ᠢᠳᠡᠰᠢᠨ ᠨᠣᠭᠤᠭ᠎ᠠ︾ ᠶᠢᠨ ᠵᠢᠵᠢᠭᠯᠡᠨ ᠬᠤᠳᠠᠯᠳᠤᠬᠤ ᠲᠣᠤᠷ ᠴᠢᠭ ᠤᠨ | ᠡᠵᠡᠩᠨᠡᠯᠲᠡ ᠶᠢᠨ ᠪᠠᠶᠢᠳᠠᠯ ᠢ ᠬᠥᠳᠡᠯᠦᠩᠭᠦᠶ ᠪᠠᠷ ᠡᠵᠡᠮᠰᠢᠵᠦ᠂ ᠲᠥᠯᠥᠪᠵᠢᠭᠦᠯᠭᠡ ᠪᠠ ᠪᠥᠲᠥᠭᠡᠨ ᠪᠠᠶᠢᠭᠤᠯᠤᠯᠲᠠ ᠶᠢᠨ | ᠠᠵᠢᠯ ᠢᠶᠠᠨ ᠴᠠᠭ ᠲᠤᠬᠠᠶ ᠳᠤᠨᠢ ᠥᠷᠨᠢᠭᠦᠯᠵᠦ᠂ ᠰᠠᠭᠤᠭᠠᠯᠢ ᠠᠷᠠᠳ ᠤᠨ ᠠᠮᠢᠳᠤᠷᠠᠯ ᠳᠤ ᠦᠢᠯᠡᠴᠢᠯᠡᠬᠦ ᠪᠠ | ᠲᠥᠬᠦᠮ ᠦᠵᠡᠭᠦᠯᠦᠨ᠎ᠡ᠃ ︵ᠲᠦᠷᠦᠭᠦᠯᠡᠬᠦ ᠨᠢᠭᠡᠴᠡ᠄ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ︔ | ᠬᠠᠷᠢᠭᠤᠴᠠᠯᠭᠠᠲᠤ ᠨᠢᠭᠡᠴᠡ᠄ ᠡᠯ᠎ᠡ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ | ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠣᠪᠴᠢᠶ᠎ᠠ᠂ ᠲᠠᠷᠢᠶᠠᠯᠠᠩ ᠮᠠᠯ ᠠᠵᠤ | ᠠᠬᠤᠶ ᠶᠢᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ | ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ | ᠮᠡᠨᠳᠦ ᠶᠢᠨ ᠵᠥᠪᠯᠡᠯ᠂ ᠬᠤᠲᠠ ᠶᠢᠨ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠬᠤᠯᠪᠣᠭᠠᠲᠤ ᠬᠤᠷᠰᠢᠶ᠎ᠠ︶ | 2. ᠵᠠᠬ᠎ᠠ ᠳᠡᠯᠭᠡᠭᠦᠷ ᠤᠨ ᠡᠵᠡᠩᠨᠡᠯᠲᠡ ᠪᠠᠨ ᠵᠢᠷᠤᠮᠵᠢᠭᠤᠯᠤᠨ᠎ᠠ᠃ ᠲᠠᠷᠢᠶᠠᠯᠠᠩ ᠤᠨ ᠪᠦᠲᠦᠭᠡᠭᠳᠡᠬᠦᠨ ᠤ | ᠪᠥᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ ᠢ ᠵᠢᠯᠣᠭᠤᠳᠤᠨ ︽ᠢᠳᠡᠰᠢᠨ ᠨᠣᠭᠤᠭ᠎ᠠ︾ ᠶᠢᠨ ᠪᠦᠲᠦᠭᠡᠭᠳᠡᠬᠦᠨ ᠤ | ᠶᠠᠰᠤ ᠴᠢᠨᠠᠷ ᠤᠨ ᠠᠮᠤᠷ ᠲᠦᠪᠰᠢᠨ ᠢ ᠪᠠᠶᠢᠴᠠᠭᠠᠨ ᠰᠢᠯᠭᠠᠬᠤ ᠲᠥᠪ ᠪᠠᠶᠢᠭᠤᠯᠵᠤ᠂ ᠪᠠᠶᠢᠴᠠᠭᠠᠨ ᠰᠢᠯᠭᠠᠬᠤ | ᠲᠥᠬᠦᠭᠡᠷᠦᠮᠵᠢ ᠪᠠ ᠪᠠᠶᠢᠴᠠᠭᠠᠨ ᠰᠢᠯᠭᠠᠬᠤ ᠠᠵᠢᠯᠲᠠᠨ ᠳᠣᠭᠢᠷᠠᠭᠤᠯᠤᠨ᠂ ᠡᠳᠦᠷ ᠲᠤᠲᠤᠮ ᠤᠨ ᠶᠠᠰᠤ ᠴᠢᠨᠠᠷ ᠤᠨ | ᠠᠮᠤᠷ ᠲᠦᠪᠰᠢᠨ ᠢ ᠪᠠᠶᠢᠴᠠᠭᠠᠨ ᠰᠢᠯᠭᠠᠬᠤ ᠠᠵᠢᠯ ᠢ ᠥᠷᠨᠢᠭᠦᠯᠦᠨ᠎ᠡ᠃ ᠵᠠᠬ᠎ᠠ ᠳᠡᠯᠭᠡᠭᠦᠷ ᠤᠨ ᠡᠵᠡᠩᠨᠡᠯᠲᠡ ᠶᠢᠨ | ᠡᠮᠬᠢ ᠳᠢᠭᠯᠢᠮ ᠤᠨ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠢᠳᠡᠭᠡᠨ ᠤ ᠠᠮᠤᠷ ᠲᠦᠪᠰᠢᠨ ᠤ ᠭᠤᠤᠯ | ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ ᠦᠨᠡᠮᠯᠡᠯ ᠠᠪᠬᠤ ︵ᠲᠠᠷᠢᠶᠠᠯᠠᠩ ᠮᠠᠯ ᠤᠨ ᠠᠰᠢᠭ | ᠰᠢᠮ᠎ᠡ ᠶᠢᠨ ᠪᠦᠲᠦᠭᠡᠭᠳᠡᠬᠦᠨ ᠤ ᠬᠢᠷᠢ ᠲᠡᠩᠴᠡᠭᠰᠡᠨ ᠦᠨᠡᠮᠯᠡᠯ ᠵᠡᠷᠭᠡ︶᠂ ᠪᠢᠯᠧᠲ ᠠᠪᠬᠤ ᠲᠦᠷᠢᠮ ᠢ ᠪᠠᠶᠢᠭᠤᠯᠵᠤ᠂ | ᠬᠠᠤᠯᠢ ᠲᠣᠭᠲᠠᠭᠠᠯ ᠠᠴᠠ ᠵᠥᠷᠢᠴᠡᠨ ᠰᠦᠢᠳᠭᠡᠯ ᠬᠤᠷᠢᠶᠠᠬᠤ᠂ ᠪᠠᠷᠠᠭᠠᠨ ᠤ ᠦᠨ᠎ᠡ ᠶᠢ ᠲᠦᠷᠬᠢᠭᠦᠯᠦᠨ ᠥᠰᠬᠡᠬᠦ | ᠵᠡᠷᠭᠡ ᠬᠠᠤᠯᠢ ᠠᠴᠠ ᠵᠥᠷᠢᠴᠡᠭᠰᠡᠨ ᠡᠯ᠎ᠡ ᠲᠥᠷᠥᠯ ᠤᠨ ᠦᠢᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠬᠦ | ᠡᠷᠴᠢᠮ ᠢᠶᠠᠨ ᠴᠢᠩᠭᠠᠷᠠᠭᠤᠯᠵᠤ᠂ ︽ᠢᠳᠡᠰᠢᠨ ᠨᠣᠭᠤᠭ᠎ᠠ︾ ᠶᠢᠨ ᠭᠤᠤᠯᠳᠠᠯᠭ᠎ᠠ ᠲᠠᠢ ᠬᠦᠷᠢᠶᠡᠨ ᠳᠠᠬᠢ ᠬᠡᠷᠡᠭᠯᠡᠭᠡᠨ ᠤ | ᠡᠷᠬᠡ ᠪᠠᠨ ᠬᠠᠮᠠᠭᠠᠯᠠᠬᠤ ᠶᠢ ᠴᠢᠩᠭᠠᠷᠠᠭᠤᠯᠤᠨ᠎ᠠ᠃ ︵ᠲᠦᠷᠦᠭᠦᠯᠡᠬᠦ ᠨᠢᠭᠡᠴᠡ᠄ ᠬᠤᠲᠠ ᠶᠢᠨ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︔ ᠬᠠᠷᠢᠭᠤᠴᠠᠯᠭᠠᠲᠤ ᠨᠢᠭᠡᠴᠡ᠄ ᠡᠯ᠎ᠡ ᠲᠣᠭᠤᠷᠢᠭ ᠤᠨ ᠠᠷᠠᠳ ᠤᠨ | ᠵᠠᠰᠠᠭ ᠤᠨ ᠣᠷᠳᠣᠨ᠂ ᠬᠤᠲᠠ ᠶᠢᠨ ᠪᠠᠶᠢᠴᠠᠭᠠᠨ ᠰᠢᠯᠭᠠᠵᠤ ᠪᠠᠶᠢᠴᠠᠭᠠᠨ ᠬᠡᠮᠵᠢᠬᠦ ᠲᠥᠪ᠂ ᠬᠤᠲᠠ ᠶᠢᠨ ᠬᠠᠩᠭᠠᠨ | ᠪᠣᠷᠣᠯᠠᠭᠤᠯᠬᠤ ᠬᠤᠷᠰᠢᠶ᠎ᠠ ᠶᠢᠨ ᠬᠤᠯᠪᠣᠭᠠᠲᠤ ᠬᠤᠷᠰᠢᠶ᠎ᠠ︶ | ︵ᠭᠤᠷᠪᠠ︶ ︽ᠢᠳᠡᠰᠢᠨ ᠨᠣᠭᠤᠭ᠎ᠠ︾ ᠶᠢᠨ ᠪᠦᠲᠦᠭᠡᠭᠳᠡᠬᠦᠨ ᠤ ᠶᠠᠰᠤ ᠴᠢᠨᠠᠷ ᠤᠨ ᠬᠢᠨᠠᠯᠲᠠ | ᠬᠠᠮᠢᠶᠠᠷᠤᠯᠲᠠ ᠶᠢᠨ ᠰᠢᠰᠲ᠋ᠧᠮᠵᠢ ᠶᠢᠨ ᠪᠠᠶᠢᠭᠤᠯᠤᠯᠲᠠ ᠪᠠᠨ ᠴᠢᠩᠭᠠᠳᠬᠠᠨ᠎ᠠ | 1. ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠨ᠎ᠠ᠃ | ᠦᠢᠯᠡᠳᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠬᠠᠷᠢᠶ᠎ᠠ ᠭᠠᠵᠠᠷ ᠤᠨ | ᠬᠠᠷᠢᠭᠤᠴᠠᠯᠭ᠎ᠠ ᠪᠠᠨ ᠴᠢᠩᠭ᠎ᠠ ᠨᠠᠶᠢᠳᠠᠪᠤᠷᠢᠵᠢᠭᠤᠯᠤᠨ᠎ᠠ᠃ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ | ᠠᠮᠤᠷ ᠲᠦᠪᠰᠢᠨ ᠤ ᠬᠠᠤᠯᠢ ᠬᠡᠷᠡᠭᠵᠢᠭᠦᠯᠬᠦ ᠡᠷᠴᠢᠮ ᠢᠶᠠᠨ ᠴᠢᠩᠭᠠᠳᠬᠠᠵᠤ᠂ ᠪᠠᠶᠢᠴᠠᠭᠠᠬᠤ ᠪᠠ ᠴᠣᠬᠢᠯᠲᠠ | ᠥᠭᠬᠦ ᠶᠢᠨ ᠬᠠᠮᠲᠤᠷᠠᠨ ᠬᠥᠳᠡᠯᠦᠯᠴᠡᠬᠦ ᠲᠣᠭᠲᠠᠴᠠ ᠪᠠᠨ ᠴᠢᠩᠭᠠᠷᠠᠭᠤᠯᠤᠨ᠂ ᠲᠠᠷᠢᠶᠠᠯᠠᠩ ᠤᠨ ᠪᠦᠲᠦᠭᠡᠭᠳᠡᠬᠦᠨ ᠤ | ᠶᠠᠰᠤ ᠴᠢᠨᠠᠷ ᠤᠨ ᠠᠮᠤᠷ ᠲᠦᠪᠰᠢᠨ ᠢ ᠴᠡᠭᠴᠡᠯᠡᠨ ᠵᠠᠰᠠᠬᠤ ᠠᠵᠢᠯ ᠢ ᠶᠡᠬᠡᠪᠡᠷ ᠥᠷᠨᠢᠭᠦᠯᠵᠦ᠂ ᠵᠣᠬᠢᠶᠠᠨ | ᠪᠠᠶᠢᠭᠤᠯᠤᠯᠲᠠ ᠨᠢ ᠪᠦᠷᠢᠨ ᠲᠡᠭᠦᠯᠳᠡᠷ᠂ ᠬᠠᠷᠢᠭᠤᠴᠠᠯᠭ᠎ᠠ ᠨᠢ ᠲᠣᠳᠣᠷᠬᠠᠶ᠂ ᠨᠢᠭᠡᠳᠦᠯᠲᠡᠶ ᠵᠢᠯᠣᠭᠤᠳᠬᠤ᠂ ᠳᠡᠭᠡᠳᠦ | ᠳᠣᠤᠷᠠᠳᠤ ᠱᠠᠲᠤ ᠪᠠᠷ ᠢᠶᠠᠨ ᠬᠠᠮᠲᠤᠷᠠᠨ ᠬᠥᠳᠡᠯᠦᠯᠴᠡᠬᠦ᠂ ᠴᠤᠭᠭᠠᠷ ᠠᠳᠬᠤᠵᠤ ᠬᠠᠮᠲᠤᠪᠠᠷ ᠬᠠᠮᠢᠶᠠᠷᠬᠤ᠂ | ᠠᠵᠢᠯᠯᠠᠭᠠᠨ ᠨᠢ ᠥᠨᠳᠥᠷ ᠦᠷ᠎ᠡ ᠪᠦᠲᠦᠮᠵᠢ ᠲᠠᠢ ᠠᠵᠢᠯ ᠤᠨ ᠪᠠᠶᠢᠷᠢᠰᠢᠯ ᠢ ᠪᠣᠶ ᠪᠣᠯᠭᠠᠬᠤ ᠬᠡᠷᠡᠭᠲᠡᠶ᠃ ᠪᠥᠬᠦ | ᠬᠤᠲᠠ ᠶᠢᠨ ᠲᠠᠷᠢᠶᠠᠯᠠᠩ ᠤᠨ ᠪᠦᠲᠦᠭᠡᠭᠳᠡᠬᠦᠨ ᠢ ᠰᠤᠭᠤᠴᠢᠨ ᠪᠠᠶᠢᠴᠠᠭᠠᠬᠤ ᠲᠥᠯᠥᠪᠯᠡᠭᠡ ᠶᠢ ᠲᠣᠭᠲᠠᠭᠠᠵᠤ᠂ | ᠲᠠᠷᠢᠶᠠᠯᠠᠩ ᠤᠨ ᠪᠦᠲᠦᠭᠡᠭᠳᠡᠬᠦᠨ ᠢ ᠰᠤᠭᠤᠴᠢᠨ ᠪᠠᠶᠢᠴᠠᠭᠠᠬᠤ ᠠᠵᠢᠯ ᠢ ᠢᠳᠡᠪᠬᠢᠲᠡᠶ ᠥᠷᠨᠢᠭᠦᠯᠦᠨ᠂ ︽ᠢᠳᠡᠰᠢᠨ | ᠨᠣᠭᠤᠭ᠎ᠠ︾ ᠶᠢᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠢ ᠪᠠᠲᠤᠯᠠᠵᠤ᠂ ︽ᠢᠳᠡᠰᠢᠨ ᠨᠣᠭᠤᠭ᠎ᠠ︾ | ᠶᠢᠨ ᠪᠦᠲᠦᠭᠡᠭᠳᠡᠬᠦᠨ ᠤ ᠣᠨ ᠤ ᠶᠡᠷᠦᠩᠬᠡᠶ ᠬᠢᠷᠢ ᠲᠡᠩᠴᠡᠭᠰᠡᠨ ᠨᠣᠷᠮ᠎ᠠ ᠶᠢ 97% ᠠᠴᠠ ᠳᠡᠭᠡᠭᠰᠢ ᠳᠤ | ᠪᠠᠶᠢᠯᠭᠠᠬᠤ ᠶᠢ ᠪᠠᠲᠤᠯᠠᠨ᠎ᠠ᠃ ︵ᠲᠦᠷᠦᠭᠦᠯᠡᠬᠦ ᠨᠢᠭᠡᠴᠡ᠄ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ | ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︔ ᠬᠠᠷᠢᠭᠤᠴᠠᠯᠭᠠᠲᠤ ᠨᠢᠭᠡᠴᠡ᠄ ᠡᠯ᠎ᠡ | ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠠᠮᠢ ᠠᠬᠤᠶ ᠶᠢᠨ ᠣᠷᠴᠢᠨ ᠲᠣᠭᠤᠷᠢᠨ ᠤ | ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ︶ | 2. ᠶᠠᠰᠤ ᠴᠢᠨᠠᠷ ᠤᠨ ᠠᠮᠤᠷ ᠲᠦᠪᠰᠢᠨ ᠤ ᠬᠢᠷᠢ ᠬᠡᠮᠵᠢᠶ᠎ᠡ ᠪᠠᠨ ᠳᠡᠭᠡᠭᠰᠢᠯᠡᠭᠦᠯᠦᠨ᠎ᠡ᠃ ︽ᠢᠳᠡᠰᠢᠨ | ᠨᠣᠭᠤᠭ᠎ᠠ︾ ᠶᠢᠨ ᠪᠦᠲᠦᠭᠡᠭᠳᠡᠬᠦᠨ ᠢ ᠪᠠᠷᠢᠮᠵᠢᠶᠠᠵᠢᠭᠤᠯᠤᠨ ᠦᠢᠯᠡᠳᠪᠦᠷᠢᠯᠡᠬᠦ ᠶᠢ ᠤᠯᠠᠮ ᠨᠢᠭᠡ ᠠᠯᠬᠤᠮ ᠳᠥᠯᠭᠢᠨ | ᠠᠬᠢᠭᠤᠯᠵᠤ᠂ ︽ᠢᠳᠡᠰᠢᠨ ᠨᠣᠭᠤᠭ᠎ᠠ︾ ᠶᠢᠨ ᠪᠦᠲᠦᠭᠡᠭᠳᠡᠬᠦᠨ ᠤ ᠣᠲᠣ ᠦᠶ᠎ᠡ ᠶᠢᠨ ᠳᠠᠷᠢᠵᠤ ᠲᠡᠵᠢᠭᠡᠨ | ᠦᠷᠡᠵᠢᠭᠦᠯᠬᠦ ᠮᠡᠷᠭᠡᠵᠢᠯ ᠢ ᠢᠳᠡᠪᠬᠢᠲᠡᠶ ᠪᠠᠷ ᠵᠢᠱᠢᠶ᠎ᠡ ᠦᠵᠡᠭᠦᠯᠦᠨ ᠳᠡᠯᠭᠡᠷᠡᠭᠦᠯᠵᠦ᠂ ᠲᠠᠷᠢᠶᠠᠯᠠᠩ ᠤᠨ ᠣᠯᠠᠨ ᠡᠬᠢᠳᠤ | ᠪᠣᠬᠢᠷᠲᠤᠯ ᠢ ᠶᠡᠷᠦᠩᠬᠡᠶᠢᠯᠡᠨ ᠵᠠᠰᠠᠬᠤ ᠠᠵᠢᠯᠯᠠᠭ᠎ᠠ ᠶᠢ ᠪᠥᠬᠦ ᠲᠠᠯ᠎ᠠ ᠪᠠᠷ ᠳᠥᠯᠭᠢᠨ ᠠᠬᠢᠭᠤᠯᠵᠤ᠂ ︽ᠢᠳᠡᠰᠢᠨ | ᠨᠣᠭᠤᠭ᠎ᠠ︾ ᠶᠢᠨ ᠪᠦᠲᠦᠭᠡᠭᠳᠡᠬᠦᠨ ᠤ ᠪᠣᠬᠢᠷᠲᠤᠯ ᠥᠬᠡᠶ ᠴᠢᠨᠠᠷ ᠰᠠᠶᠢᠲᠠᠶ ᠬᠥᠭᠵᠢᠯᠲᠡ ᠶᠢ ᠳᠥᠯᠭᠢᠨ ᠠᠬᠢᠭᠤᠯᠤᠨ᠎ᠠ᠃ | ︵ᠲᠦᠷᠦᠭᠦᠯᠡᠬᠦ ᠨᠢᠭᠡᠴᠡ᠄ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︔ ᠬᠠᠷᠢᠭᠤᠴᠠᠯᠭᠠᠲᠤ ᠨᠢᠭᠡᠴᠡ᠄ ᠡᠯ᠎ᠡ ᠲᠣᠭᠤᠷᠢᠭ ᠤᠨ ᠠᠷᠠᠳ ᠤᠨ | ᠵᠠᠰᠠᠭ ᠤᠨ ᠣᠷᠳᠣᠨ᠂ ᠬᠤᠲᠠ ᠶᠢᠨ ᠠᠮᠢ ᠠᠬᠤᠶ ᠶᠢᠨ ᠣᠷᠴᠢᠨ ᠲᠣᠭᠤᠷᠢᠨ ᠤ ᠲᠣᠪᠴᠢᠶ᠎ᠠ︶ | 3. ᠦᠢᠯᠡᠳᠬᠦᠨ ᠤ ᠡᠭᠢ ᠶᠢ ᠮᠦᠷᠳᠡᠬᠦ ᠲᠦᠷᠢᠮ ᠢ ᠬᠡᠷᠡᠭᠵᠢᠭᠦᠯᠦᠨ᠎ᠡ᠃ ᠪᠥᠬᠦ ᠬᠤᠲᠠ ᠶᠢᠨ ︽ᠢᠳᠡᠰᠢᠨ | ᠨᠣᠭᠤᠭ᠎ᠠ︾ ᠶᠢᠨ ᠲᠠᠷᠢᠶᠠᠯᠠᠩ ᠤᠨ ᠪᠦᠲᠦᠭᠡᠭᠳᠡᠬᠦᠨ ᠤ ᠬᠦᠢᠯᠭᠡᠭᠡᠨ ᠤ ᠡᠭᠢ ᠶᠢ ᠮᠦᠷᠳᠡᠬᠦ ᠰᠢᠰᠲ᠋ᠧᠮᠵᠢ ᠶᠢᠨ | ᠪᠠᠶᠢᠭᠤᠯᠤᠯᠲᠠ ᠶᠢ ᠠᠬᠢᠭᠤᠯᠵᠤ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠬᠢᠷᠢ ᠲᠡᠩᠴᠡᠭᠰᠡᠨ | ᠦᠨᠡᠮᠯᠡᠯ ᠤᠨ ᠲᠦᠷᠢᠮ ᠢ ᠪᠥᠬᠦ ᠲᠠᠯ᠎ᠠ ᠪᠠᠷ ᠬᠡᠷᠡᠭᠵᠢᠭᠦᠯᠦᠨ᠂ ᠪᠥᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ᠂ | ᠢᠳᠡᠰᠢᠨ ᠨᠣᠭᠤᠭ᠎ᠠ ᠶᠢᠨ ᠵᠠᠬ᠎ᠠ ᠳᠡᠯᠭᠡᠭᠦᠷ᠂ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ᠂ ᠬᠡᠲᠦ | ᠳᠡᠯᠭᠡᠭᠦᠷ ᠤᠨ ᠮᠥᠷᠳᠡᠨ ᠤᠬᠤᠴᠢᠯᠠᠬᠤ ᠰᠢᠰᠲ᠋ᠧᠮᠵᠢ ᠶᠢᠨ ᠪᠦᠷᠬᠦᠴᠡ ᠶᠢᠨ ᠨᠣᠷᠮ᠎ᠠ ᠶᠢ ᠥᠪᠡᠷᠲᠡᠭᠡᠨ ᠵᠠᠰᠠᠬᠤ | ᠣᠷᠣᠨ ᠤ ᠱᠠᠭᠠᠷᠳᠠᠯᠭ᠎ᠠ ᠳᠤ ᠬᠦᠷᠭᠡᠬᠦ ᠶᠢ ᠦᠨᠡᠨᠬᠦ ᠪᠠᠲᠤᠯᠠᠨ᠎ᠠ᠃ ︵ᠲᠦᠷᠦᠭᠦᠯᠡᠬᠦ ᠨᠢᠭᠡᠴᠡ᠄ ᠬᠤᠲᠠ ᠶᠢᠨ | ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ︔ ᠬᠠᠷᠢᠭᠤᠴᠠᠯᠭᠠᠲᠤ ᠨᠢᠭᠡᠴᠡ᠄ ᠡᠯ᠎ᠡ ᠲᠣᠭᠤᠷᠢᠭ ᠤᠨ ᠠᠷᠠᠳ ᠤᠨ | ᠵᠠᠰᠠᠭ ᠤᠨ ᠣᠷᠳᠣᠨ᠂ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠠᠮᠢ ᠠᠬᠤᠶ ᠶᠢᠨ ᠣᠷᠴᠢᠨ | ᠲᠣᠭᠤᠷᠢᠨ ᠤ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠷᠡᠭᠦᠯ ᠬᠠᠮᠠᠭᠠᠯᠠᠯ | ᠡᠷᠡᠭᠦᠯ ᠮᠡᠨᠳᠦ ᠶᠢᠨ ᠵᠥᠪᠯᠡᠯ︶ | ︵ᠲᠥᠷᠪᠡ︶ ᠲᠣᠬᠢᠷᠠᠭᠤᠯᠤᠨ ᠡᠵᠡᠮᠳᠡᠬᠦ ᠪᠠᠲᠤᠯᠠᠭ᠎ᠠ ᠶᠢᠨ ᠴᠢᠳᠠᠪᠤᠷᠢ ᠶᠢᠨ ᠪᠠᠶᠢᠭᠤᠯᠤᠯᠲᠠ ᠪᠠᠨ | ᠴᠢᠩᠭᠠᠳᠬᠠᠨ᠎ᠠ | 1. ︽ᠢᠳᠡᠰᠢᠨ ᠨᠣᠭᠤᠭ᠎ᠠ︾ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠢ ᠲᠡᠳᠬᠦᠬᠦ ᠡᠷᠴᠢᠮ ᠢᠶᠠᠨ | ᠴᠢᠩᠭᠠᠷᠠᠭᠤᠯᠤᠨ᠎ᠠ᠃ ︽ᠢᠳᠡᠰᠢᠨ ᠨᠣᠭᠤᠭ᠎ᠠ︾ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠢ ᠲᠡᠳᠬᠦᠬᠦ ᠲᠥᠷᠥ ᠶᠢᠨ | ᠪᠣᠳᠣᠯᠭ᠎ᠠ ᠲᠣᠭᠲᠠᠭᠠᠵᠤ᠂ ᠬᠡᠪᠴᠢᠶᠡᠵᠢᠭᠰᠡᠨ᠂ ᠪᠡᠯᠡᠳᠬᠡᠮᠵᠢᠭᠰᠡᠨ᠂ ᠤᠶᠤᠨᠴᠢᠯᠠᠭᠰᠠᠨ ᠦᠢᠯᠡᠳᠪᠦᠷᠢᠯᠡᠯ ᠤᠨ | ᠰᠠᠭᠤᠷᠢᠨ ᠭᠠᠵᠠᠷ ᠢ ᠪᠥᠲᠥᠭᠡᠨ ᠪᠠᠶᠢᠭᠤᠯᠤᠨ᠎ᠠ᠃ ᠰᠢᠨ᠎ᠡ ᠪᠠᠷ ᠪᠠᠶᠢᠭᠤᠯᠬᠤ ᠲᠥᠷᠥᠯ ᠵᠦᠢᠯ ᠳᠤ᠂ ᠡᠯ᠎ᠡ ᠬᠤᠯᠪᠣᠭᠳᠠᠯ | ᠪᠥᠬᠦᠶ ᠨᠢᠭᠡᠴᠡ ᠨᠦᠭᠦᠳ ᠭᠠᠵᠠᠷ ᠰᠢᠷᠣᠶ ᠶᠢ ᠡᠷᠭᠢᠯᠲᠡ ᠳᠤ ᠣᠷᠣᠭᠤᠯᠬᠤ᠂ ᠲᠥᠷᠥᠯ ᠵᠦᠢᠯ ᠢ ᠭᠤᠶᠤᠴᠢᠯᠠᠬᠤ᠂ | ᠲᠥᠷᠥᠯ ᠵᠦᠢᠯ ᠢ ᠬᠢᠨᠠᠨ ᠵᠥᠪᠰᠢᠶᠡᠷᠡᠵᠦ ᠳᠠᠩᠰᠠᠯᠠᠭᠤᠯᠬᠤ᠂ ᠰᠠᠭᠤᠷᠢ ᠪᠡᠯᠡᠳᠬᠡᠮᠵᠢ ᠶᠢ ᠢᠵᠢ ᠪᠦᠷᠢᠳᠦᠭᠦᠯᠬᠦ ᠵᠡᠷᠭᠡ | ᠲᠠᠯ᠎ᠠ ᠪᠠᠷ ᠳᠡᠮᠵᠢᠯᠭᠡ ᠦᠵᠡᠭᠦᠯᠵᠦ᠂ ᠠᠳᠠᠯᠢ ᠪᠤᠰᠤ ᠪᠠᠯᠠ ᠣᠷᠣᠭᠤᠯᠤᠯᠲᠠ ᠶᠢᠨ ᠲᠤᠭ᠎ᠠ ᠬᠡᠮᠵᠢᠶ᠎ᠡ᠂ ᠮᠡᠷᠭᠡᠵᠢᠯ ᠤᠨ | ᠬᠢᠷᠢ ᠬᠡᠮᠵᠢᠶ᠎ᠡ᠂ ᠪᠥᠲᠥᠭᠡᠨ ᠪᠠᠶᠢᠭᠤᠯᠤᠯᠲᠠ ᠶᠢᠨ ᠬᠡᠪᠴᠢᠶ᠎ᠡ ᠶᠢ ᠦᠨᠳᠦᠰᠦᠯᠡᠨ ᠵᠣᠬᠢᠴᠠᠩᠭᠤᠶ ᠬᠠᠷᠠᠭᠠᠯᠵᠠᠯ ᠤᠨ | ᠲᠥᠷᠥ ᠶᠢᠨ ᠪᠣᠳᠣᠯᠭ᠎ᠠ ᠶᠢ ᠢᠳᠡᠪᠬᠢᠲᠡᠶ ᠪᠠᠷ ᠢᠵᠢ ᠪᠥᠷᠢᠳᠦᠭᠦᠯᠦᠨ᠎ᠡ᠃ ᠤᠳᠤ ᠦᠶ᠎ᠡ ᠶᠢᠨ ᠲᠠᠷᠢᠶᠠᠯᠠᠩ ᠤᠨ ᠰᠢᠨ᠎ᠡ | ᠮᠡᠷᠭᠡᠵᠢᠯ ᠤᠨ ᠬᠡᠷᠡᠭᠯᠡᠯᠲᠡ ᠪᠠᠨ ᠴᠢᠩᠭᠠᠳᠬᠠᠨ᠂ ᠢᠳᠡᠰᠢᠨ ᠨᠣᠭᠤᠭ᠎ᠠ ᠲᠠᠷᠢᠬᠤ ᠪᠦᠲᠦᠴᠡ ᠪᠠᠨ ᠲᠣᠬᠢᠷᠠᠭᠤᠯᠤᠨ | ᠰᠢᠯᠢᠳᠡᠭᠵᠢᠭᠦᠯᠵᠦ᠂ ᠴᠢᠨᠠᠷ ᠰᠠᠶᠢᠲᠠᠶ ᠡᠭᠦᠯᠳᠡᠷ ᠢ ᠳᠡᠯᠭᠡᠷᠡᠭᠦᠯᠬᠦ᠂ ᠤᠶᠤᠨᠴᠢᠯᠠᠨ ᠴᠢᠬᠢ ᠪᠤᠶᠢᠵᠢᠭᠤᠯᠬᠤ᠂ ᠤᠰᠤ | ᠪᠤᠷᠳᠤᠭᠤᠷ ᠢ ᠨᠢᠭᠡ ᠴᠤᠭᠴᠠᠵᠢᠭᠤᠯᠤᠨ ᠨᠠᠷᠢᠯᠢᠭ ᠬᠠᠮᠢᠶᠠᠷᠬᠤ ᠵᠡᠷᠭᠡ ᠠᠵᠢᠯ ᠢ ᠬᠢᠵᠦ᠂ ︽ᠢᠳᠡᠰᠢᠨ ᠨᠤᠭᠤᠭ᠎ᠠ︾ | ᠶᠢᠨ ᠪᠦᠲᠦᠭᠡᠭᠳᠡᠬᠦᠨ ᠤ ᠲᠡᠩᠴᠡᠭᠦᠷᠢᠲᠡᠶ ᠬᠠᠩᠭᠠᠯᠭ᠎ᠠ᠂ ᠦᠨ᠎ᠡ ᠬᠠᠩᠰᠢ ᠶᠢᠨ ᠲᠣᠭᠲᠠᠭᠤᠨ ᠪᠠᠶᠢᠬᠤ ᠶᠢ ᠪᠠᠲᠤᠯᠠᠨ᠎ᠠ᠃ | ︵ᠲᠦᠷᠦᠭᠦᠯᠡᠬᠦ ᠨᠢᠭᠡᠴᠡ᠄ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ︔ ᠬᠠᠷᠢᠭᠤᠴᠠᠯᠭᠠᠲᠤ | ᠨᠢᠭᠡᠴᠡ᠄ ᠡᠯ᠎ᠡ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ | ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠠᠮᠢ | ᠠᠬᠤᠶ ᠶᠢᠨ ᠣᠷᠴᠢᠨ ᠲᠣᠭᠤᠷᠢᠨ ᠤ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠰᠢᠨᠵᠢᠯᠡᠬᠦ | ᠤᠬᠠᠭᠠᠨ ᠮᠡᠷᠭᠡᠵᠢᠯ ᠤᠨ ᠲᠣᠪᠴᠢᠶ᠎ᠠ᠂ ᠳᠤᠮᠳᠠᠳᠤ ᠤᠯᠤᠰ ᠤᠨ ᠪᠠᠩᠬᠢ ᠪᠠ ᠳᠠᠭᠠᠳᠬᠠᠯ ᠤᠨ ᠬᠢᠨᠠᠯᠲᠠ | ᠬᠠᠮᠢᠶᠠᠷᠤᠯᠲᠠ ᠶᠢᠨ ᠵᠥᠪᠯᠡᠯ ᠤᠨ ᠦᠬᠠᠶ ᠶᠢᠨ ᠬᠢᠨᠠᠯᠲᠠ ᠬᠠᠮᠢᠶᠠᠷᠤᠯᠲᠠ ᠶᠢᠨ ᠬᠤᠪᠢᠶᠠᠷᠢ ᠲᠣᠪᠴᠢᠶ᠎ᠠ᠂ ᠥᠪᠥᠷ | ᠮᠣᠩᠭᠤᠯ ᠤᠨ ᠴᠠᠬᠢᠯᠭᠠᠨ ᠬᠦᠴᠦᠨ ︵ᠪᠦᠯᠦᠭᠯᠡᠯ︶ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠦᠬᠠᠶ ᠶᠢᠨ | ᠴᠠᠬᠢᠯᠭᠠᠨ ᠬᠠᠩᠭᠠᠬᠤ ᠬᠤᠪᠢᠶᠠᠷᠢ ᠺᠣᠮᠫᠠᠨᠢ︶ | 2. ᠵᠠᠬ᠎ᠠ ᠳᠡᠯᠭᠡᠭᠦᠷ ᠤᠨ ᠬᠦᠢᠯᠭᠡᠭᠡᠨ ᠤ ᠨᠥᠭᠡᠴᠡ ᠶᠢᠨ ᠪᠠᠲᠤᠯᠠᠭ᠎ᠠ ᠪᠠᠨ ᠴᠢᠩᠭᠠᠷᠠᠭᠤᠯᠤᠨ᠎ᠠ᠃ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠪᠠ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠪᠠᠨ ᠴᠢᠩᠭᠠᠳᠬᠠᠵᠤ᠂ | ᠵᠠᠬ᠎ᠠ ᠳᠡᠯᠭᠡᠭᠦᠷ ᠤᠨ ᠭᠦᠢᠯᠭᠡᠭᠡᠨ ᠤ ᠨᠥᠭᠡᠴᠡ ᠶᠢᠨ ᠪᠠᠲᠤᠯᠠᠭ᠎ᠠ᠂ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ | ᠲᠥᠰᠦᠯ ᠲᠣᠭᠲᠠᠭᠠᠵᠤ᠂ ᠵᠢᠵᠢᠭᠦᠷᠯᠡᠨ ᠰᠠᠬᠢᠬᠤ ᠪᠠᠴᠢᠮ ᠪᠠᠶᠢᠳᠠᠯ ᠢ ᠠᠷᠭᠠᠴᠠᠭᠠᠬᠤ ᠠᠵᠢᠯ ᠤᠨ ᠲᠣᠭᠲᠠᠴᠠ ᠪᠠᠨ | ᠪᠦᠷᠢᠨᠰᠢᠬᠦᠯᠵᠤ᠂ ᠵᠠᠬ᠎ᠠ ᠳᠡᠯᠭᠡᠭᠦᠷ ᠤᠨ ᠲᠤᠭᠢᠷᠠᠭᠤᠯᠭ᠎ᠠ ᠡᠵᠡᠮᠳᠡᠯ ᠤᠨ ᠪᠠᠲᠤᠯᠠᠭ᠎ᠠ ᠶᠢᠨ ᠴᠢᠳᠠᠪᠤᠷᠢ ᠶᠢᠨ | ᠪᠠᠶᠢᠭᠤᠯᠤᠯᠲᠠ ᠪᠠᠨ ᠴᠢᠩᠭᠠᠳᠬᠠᠨ᠎ᠠ᠃ ︵ᠲᠦᠷᠦᠭᠦᠯᠡᠬᠦ ᠨᠢᠭᠡᠴᠡ᠄ ᠬᠤᠲᠠ ᠶᠢᠨ ᠬᠤᠳᠠᠯᠳᠤᠭᠠᠨ ᠤ ᠶᠠᠪᠤᠳᠠᠯ ᠤᠨ | ᠲᠣᠪᠴᠢᠶ᠎ᠠ︔ ᠬᠠᠷᠢᠭᠤᠴᠠᠯᠭᠠᠲᠤ ᠨᠢᠭᠡᠴᠡ᠄ ᠡᠯ᠎ᠡ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ | ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠣᠪᠴᠢᠶ᠎ᠠ᠂ ᠵᠠᠮ ᠬᠠᠷᠢᠯᠴᠠᠭ᠎ᠠ | ᠲᠡᠭᠡᠭᠡᠪᠦᠷᠢ ᠶᠢᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ︶ | 3. ︽ᠢᠳᠡᠰᠢᠨ ᠨᠣᠭᠤᠭ᠎ᠠ︾ ᠶᠢᠨ ᠢᠨᠵᠧᠨᠧᠷᠢᠩ ᠤᠨ ᠲᠤᠭᠢᠷᠠᠭᠤᠯᠭ᠎ᠠ ᠡᠵᠡᠮᠳᠡᠯ ᠤᠨ ᠲᠥᠷᠥ ᠶᠢᠨ | ᠪᠣᠳᠣᠯᠭ᠎ᠠ ᠶᠢᠨ ᠪᠠᠶᠢᠭᠤᠯᠤᠯᠲᠠ ᠪᠠᠨ ᠴᠢᠩᠭᠠᠳᠬᠠᠨ᠎ᠠ᠃ ︽ᠢᠳᠡᠰᠢᠨ ᠨᠣᠭᠤᠭ᠎ᠠ︾ ᠶᠢᠨ ᠪᠦᠲᠦᠭᠡᠭᠳᠡᠬᠦᠨ ᠤ | ᠦᠢᠯᠡᠳᠪᠦᠷᠢᠯᠡᠯ ᠢ ᠲᠡᠳᠬᠦᠬᠦ᠂ ᠦᠨ᠎ᠡ ᠬᠠᠩᠰᠢ ᠶᠢ ᠳᠣᠭᠢᠷᠠᠭᠤᠯᠤᠨ ᠡᠵᠡᠮᠳᠡᠬᠦ᠂ ᠬᠡᠷᠡᠭᠯᠡᠭᠴᠢᠳ ᠲᠤ ᠨᠥᠬᠦᠪᠥᠷᠢ | ᠥᠭᠬᠦ ᠵᠡᠷᠭᠡ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠎ᠠ᠃ ᠦᠢᠯᠡᠳᠪᠦᠷᠢᠯᠡᠵᠦ | ᠪᠣᠷᠣᠯᠠᠭᠤᠯᠬᠤ ᠪᠣᠳᠠᠲᠤ ᠪᠠᠶᠢᠳᠠᠯ ᠢᠶᠠᠨ ᠦᠨᠳᠦᠰᠦᠯᠡᠨ᠂ ᠢᠳᠡᠰᠢᠨ ᠨᠣᠭᠤᠭ᠎ᠠ᠂ ᠵᠢᠮᠢᠰ᠂ ᠮᠢᠬ᠎ᠠ᠂ ᠥᠨᠳᠡᠭᠡ᠂ ᠰᠦ | ᠂ ᠤᠰᠤᠨ ᠤ ᠭᠠᠷᠤᠯᠲᠠ ᠵᠡᠷᠭᠡ ︽ᠢᠳᠡᠰᠢᠨ ᠨᠣᠭᠤᠭ᠎ᠠ︾ ᠶᠢᠨ ᠪᠦᠲᠦᠭᠡᠭᠳᠡᠬᠦᠨ ᠤ ᠦᠨ᠎ᠡ ᠬᠠᠩᠰᠢ ᠶᠢᠨ ᠮᠡᠳᠡᠭᠡ | ᠵᠠᠩᠭᠢ ᠶᠢ ᠬᠢᠨᠠᠨ ᠰᠢᠨᠵᠢᠬᠦ᠂ ᠤᠷᠢᠳᠴᠢᠯᠠᠨ ᠰᠡᠷᠡᠮᠵᠢᠯᠡᠭᠦᠯᠬᠦ ᠠᠵᠢᠯ ᠤᠨ ᠰᠢᠰᠲ᠋ᠧᠮᠵᠢ ᠶᠢ ᠪᠠᠶᠢᠭᠤᠯᠵᠤ᠂ | ᠭᠤᠤᠯᠳᠠᠯᠭ᠎ᠠ ᠲᠠᠢ ᠲᠠᠸᠠᠷ ᠤᠨ ᠵᠠᠰᠠᠭ ᠤᠨ ᠣᠷᠳᠣᠨ ᠤ ᠨᠥᠭᠡᠴᠡ ᠪᠠᠨ ᠲᠡᠭᠦᠯᠳᠡᠷᠵᠢᠭᠦᠯᠦᠨ᠂ ᠵᠠᠬ᠎ᠠ ᠳᠡᠯᠭᠡᠭᠦᠷ ᠤᠨ | ᠦᠨ᠎ᠡ ᠬᠠᠩᠰᠢ ᠶᠢ ᠳᠣᠭᠢᠷᠠᠭᠤᠯᠤᠨ ᠡᠵᠡᠮᠳᠡᠬᠦ ᠴᠢᠳᠠᠪᠤᠷᠢ ᠪᠠᠨ ᠴᠢᠩᠭᠠᠷᠠᠭᠤᠯᠵᠤ᠂ ᠬᠢᠨᠠᠨ ᠰᠢᠨᠵᠢᠵᠦ ᠤᠷᠢᠳᠴᠢᠯᠠᠨ | ᠰᠡᠷᠡᠮᠵᠢᠯᠡᠭᠦᠯᠬᠦ ᠶᠢ ᠦᠷᠨᠢᠬᠦᠯᠬᠦ ᠪᠠ ᠨᠡᠶᠢᠲᠡᠯᠡᠬᠦ ᠲᠠᠪᠴᠠᠩ ᠢ ᠪᠦᠲᠦᠬᠡᠨ ᠪᠠᠶᠢᠭᠤᠯᠦᠨ᠎ᠡ᠃ ᠴᠢᠬᠤᠯᠠ ᠪᠦᠬᠦᠢ | ᠢᠳᠡᠰᠢᠨ ᠨᠣᠭᠤᠭ᠎ᠠ ᠶᠢᠨ ᠦᠷ᠎ᠡ᠂ ᠬᠢᠮᠢ ᠶᠢᠨ ᠪᠤᠷᠳᠤᠭᠤᠷ᠂ ᠲᠠᠷᠢᠶᠠᠨ ᠡᠮ᠂ ᠲᠠᠷᠢᠶᠠᠯᠠᠩ ᠤᠨ ᠪᠦᠷᠬᠦᠪᠴᠢ ᠵᠡᠷᠭᠡ | ᠲᠠᠷᠢᠶᠠᠯᠠᠩ ᠤᠨ ᠦᠢᠯᠡᠳᠪᠦᠷᠢᠯᠡᠯ ᠤᠨ ᠡᠳ᠋ ᠪᠣᠳᠠᠰ ᠢ ᠬᠠᠳᠠᠭᠠᠯᠠᠵᠤ ᠵᠥᠭᠡᠭᠡᠪᠦᠷᠢᠯᠡᠬᠦ ᠴᠢᠳᠠᠪᠤᠷᠢ ᠪᠠᠨ ᠴᠢᠩᠭᠠᠳᠬᠠᠵᠤ | ᠂ ᠲᠠᠷᠢᠶᠠᠯᠠᠩ ᠤᠨ ᠠᠶᠤᠯ ᠲᠦᠭᠰᠢᠭᠦᠷᠢ ᠶᠢ ᠡᠰᠡᠷᠭᠦᠴᠡᠨ ᠬᠤᠷᠢᠭᠯᠠᠬᠤ ᠴᠢᠳᠠᠪᠤᠷᠢ ᠪᠠᠨ ᠨᠡᠮᠡᠭᠳᠡᠭᠦᠯᠵᠦ᠂ ᠬᠢᠵᠢᠭ ᠤᠨ | ᠪᠠᠶᠢᠳᠠᠯ ᠵᠡᠷᠭᠡ ᠣᠨᠴᠠᠭᠠᠶ ᠴᠠᠭ ᠦᠶ᠎ᠡ ᠳᠠᠬᠢ ︽ᠢᠳᠡᠰᠢᠨ ᠨᠣᠭᠤᠭ᠎ᠠ︾ ᠶᠢᠨ ᠪᠦᠲᠦᠭᠡᠭᠳᠡᠬᠦᠨ ᠤ ᠬᠠᠩᠭᠠᠯᠭ᠎ᠠ | ᠪᠠᠴᠢᠮ ᠪᠠᠶᠢᠬᠤ ᠪᠠᠶᠢᠳᠠᠯ ᠢ ᠨᠠᠮᠳᠠᠭᠤᠯᠤᠨ᠎ᠠ᠃ ︵ᠲᠦᠷᠦᠭᠦᠯᠡᠬᠦ ᠨᠢᠭᠡᠴᠡ᠄ ᠬᠤᠲᠠ ᠶᠢᠨ ᠬᠥᠭᠵᠢᠭᠦᠯᠦᠯᠲᠡ ᠪᠠ | ᠥᠭᠡᠷᠡᠴᠢᠯᠡᠯᠲᠡ ᠶᠢᠨ ᠵᠥᠪᠯᠡᠯ︔ ᠬᠠᠷᠢᠭᠤᠴᠠᠯᠭᠠᠲᠤ ᠨᠢᠭᠡᠴᠡ᠄ ᠡᠯ᠎ᠡ ᠲᠣᠭᠤᠷᠢᠭ ᠤᠨ ᠠᠷᠠᠳ ᠤᠨ ᠵᠠᠰᠠᠭ ᠤᠨ | ᠣᠷᠳᠣᠨ᠂ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ | ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠳᠤᠮᠳᠠᠳᠤ ᠤᠯᠤᠰ ᠤᠨ ᠪᠠᠩᠬᠢ ᠪᠠ ᠳᠠᠭᠠᠳᠬᠠᠯ ᠤᠨ ᠬᠢᠨᠠᠯᠲᠠ | ᠬᠠᠮᠢᠶᠠᠷᠤᠯᠲᠠ ᠶᠢᠨ ᠵᠥᠪᠯᠡᠯ ᠤᠨ ᠦᠬᠠᠶ ᠶᠢᠨ ᠬᠢᠨᠠᠯᠲᠠ ᠬᠠᠮᠢᠶᠠᠷᠤᠯᠲᠠ ᠶᠢᠨ ᠬᠤᠪᠢᠶᠠᠷᠢ ᠲᠣᠪᠴᠢᠶ᠎ᠠ︶ | 4. ︽ᠢᠳᠡᠰᠢᠨ ᠨᠣᠭᠤᠭ᠎ᠠ︾ ᠶᠢᠨ ᠢᠨᠵᠧᠨᠧᠷᠢᠩ ᠤᠨ ᠬᠠᠨᠤᠮᠵᠢ ᠶᠢᠨ ᠬᠡᠮᠵᠢᠶ᠎ᠡ ᠶᠢᠨ ᠪᠠᠶᠢᠭᠤᠯᠤᠯᠲᠠ ᠶᠢ | ᠠᠬᠢᠭᠤᠯᠤᠨ᠎ᠠ᠃ ︽ᠢᠳᠡᠰᠢᠨ ᠨᠣᠭᠤᠭ᠎ᠠ︾ ᠶᠢᠨ ᠢᠨᠵᠧᠨᠧᠷᠢᠩ ᠤᠨ ᠬᠠᠨᠤᠮᠵᠢ ᠶᠢᠨ ᠬᠡᠮᠵᠢᠶ᠎ᠡ ᠶᠢᠨ ᠪᠠᠶᠢᠴᠠᠭᠠᠯᠲᠠ ᠶᠢ | ᠥᠷᠨᠢᠭᠦᠯᠵᠦ᠂ ︽ᠢᠳᠡᠰᠢᠨ ᠨᠣᠭᠤᠭ᠎ᠠ︾ ᠶᠢᠨ ᠢᠨᠵᠧᠨᠧᠷᠢᠩ ᠳᠤ ᠣᠷᠣᠰᠢᠵᠤ ᠪᠠᠶᠢᠭ᠎ᠠ ᠠᠰᠠᠭᠤᠳᠠᠯ ᠢ ᠡᠵᠡᠮᠰᠢᠨ᠂ | ᠠᠵᠢᠯ ᠤᠨ ᠠᠷᠭ᠎ᠠ ᠬᠡᠮᠵᠢᠶ᠎ᠡ ᠪᠠᠨ ᠴᠠᠭ ᠲᠤᠬᠠᠶ ᠳᠤᠨᠢ ᠰᠠᠶᠢᠵᠢᠷᠠᠭᠤᠯᠵᠤ᠂ ᠬᠤᠲᠠ ᠶᠢᠨ ᠠᠷᠠᠳ ᠤᠨ ︽ᠢᠳᠡᠰᠢᠨ | ᠨᠣᠭᠤᠭ᠎ᠠ︾ ᠶᠢᠨ ᠠᠵᠢᠯ ᠤᠨ ᠪᠥᠲᠥᠭᠡᠨ ᠪᠠᠶᠢᠭᠤᠯᠤᠯᠲᠠ ᠶᠢᠨ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠦᠨ᠎ᠡ᠃ ︵ | ᠲᠦᠷᠦᠭᠦᠯᠡᠬᠦ ᠨᠢᠭᠡᠴᠡ᠄ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ︔ ᠬᠠᠷᠢᠭᠤᠴᠠᠯᠭᠠᠲᠤ | ᠨᠢᠭᠡᠴᠡ᠄ ᠡᠯ᠎ᠡ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ︽ᠢᠳᠡᠰᠢᠨ ᠨᠣᠭᠤᠭ᠎ᠠ︾ ᠶᠢᠨ | ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠤᠳᠤᠷᠢᠳᠬᠤ ᠳᠤᠭᠤᠶᠢᠯᠠᠩ ᠤᠨ ᠡᠯ᠎ᠡ ᠪᠦᠷᠢᠯᠳᠦᠬᠦᠨ ᠨᠢᠭᠡᠴᠡ︶ | | ᠳᠥᠷᠪᠡ᠂ ᠠᠵᠢᠯ ᠤᠨ ᠱᠠᠭᠠᠷᠳᠠᠯᠭ᠎ᠠ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠷᠠᠭᠤᠯᠬᠤ ᠬᠡᠷᠡᠭᠲᠡᠶ᠃ ᠦᠬᠠᠶ | ᠬᠤᠲᠠ ᠶᠢᠨ ︽ᠢᠳᠡᠰᠢᠨ ᠨᠣᠭᠤᠭ᠎ᠠ︾ ᠶᠢᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠤᠳᠤᠷᠢᠳᠬᠤ | ᠳᠤᠭᠤᠶᠢᠯᠠᠩ ᠢ ᠪᠠᠶᠢᠭᠤᠯᠵᠤ᠂ ︽ᠢᠳᠡᠰᠢᠨ ᠨᠣᠭᠤᠭ᠎ᠠ︾ ᠶᠢᠨ ᠢᠨᠵᠧᠨᠧᠷᠢᠩ ᠢ ᠬᠡᠷᠡᠭᠵᠢᠭᠦᠯᠬᠦ ᠠᠵᠢᠯ ᠢ ᠨᠢᠭᠡᠳᠦᠯᠲᠡᠶ | ᠲᠥᠯᠥᠪᠯᠡᠨ ᠵᠣᠬᠢᠴᠠᠭᠤᠯᠵᠤ᠂ ᠰᠠᠯᠠᠭ᠎ᠠ ᠮᠥᠴᠢᠷ ᠤᠨ ᠬᠤᠭᠤᠷᠣᠨᠳᠣ ᠪᠠᠨ ᠨᠡᠪᠲᠡᠷᠡᠯᠴᠡᠨ ᠬᠠᠮᠵᠢᠯᠴᠠᠬᠤ | ᠬᠠᠮᠲᠤᠷᠠᠭᠰᠠᠨ ᠬᠤᠷᠠᠯ ᠤᠨ ᠲᠦᠷᠢᠮ ᠢ ᠪᠠᠶᠢᠭᠤᠯᠤᠨ᠂ ᠨᠢᠭᠲᠠ ᠬᠠᠮᠵᠢᠯᠴᠠᠨ᠂ ᠠᠵᠢᠯ ᠤᠨ ᠳᠤᠮᠳᠠᠬᠢ ᠡᠯ᠎ᠡ | ᠲᠥᠷᠥᠯ ᠤᠨ ᠠᠰᠠᠭᠤᠳᠠᠯ ᠪᠠ ᠬᠦᠴᠢᠷᠳᠡᠯ ᠢ ᠰᠢᠢᠳᠪᠦᠷᠢᠯᠡᠬᠦ ᠶᠢ ᠬᠠᠮᠲᠤᠪᠠᠷ ᠠᠬᠢᠭᠤᠯᠵᠤ᠂ ᠪᠥᠬᠦ ᠬᠤᠲᠠ ᠶᠢᠨ ︽ | ᠢᠳᠡᠰᠢᠨ ᠨᠣᠭᠤᠭ᠎ᠠ︾ ᠶᠢᠨ ᠪᠦᠲᠦᠭᠡᠭᠳᠡᠬᠦᠨ ᠤ ᠦᠢᠯᠡᠳᠪᠦᠷᠢᠯᠡᠯ᠂ ᠬᠦᠢᠯᠭᠡᠭᠡ ᠪᠠ ᠬᠠᠩᠭᠠᠯᠭ᠎ᠠ ᠶᠢᠨ ᠲᠣᠭᠲᠠᠭᠤᠨ | ᠪᠥᠭᠡᠳ ᠡᠮᠬᠢ ᠵᠢᠷᠤᠮ ᠲᠠᠢ ᠪᠠᠶᠢᠬᠤ ᠶᠢ ᠪᠠᠲᠤᠯᠠᠨ᠎ᠠ᠃ ᠡᠯ᠎ᠡ ᠲᠣᠭᠤᠷᠢᠭ ᠨᠢ ᠵᠣᠬᠢᠬᠤ ᠤᠳᠤᠷᠢᠳᠬᠤ | ᠳᠤᠭᠤᠶᠢᠯᠠᠩ ᠤᠨ ᠪᠠᠶᠢᠭᠤᠯᠤᠮᠵᠢ ᠶᠢ ᠯᠠᠪᠯᠠᠯᠲᠠ ᠪᠣᠯᠭᠠᠨ ᠪᠠᠶᠢᠭᠤᠯᠬᠤ ᠬᠡᠷᠡᠭᠲᠡᠶ᠃ | ︵ᠬᠤᠶᠠᠷ︶ ᠲᠥᠷᠥ ᠶᠢᠨ ᠪᠣᠳᠣᠯᠭ᠎ᠠ ᠶᠢᠨ ᠪᠠᠲᠤᠯᠠᠭ᠎ᠠ ᠪᠠᠨ ᠴᠢᠩᠭᠠᠷᠠᠭᠤᠯᠬᠤ ᠬᠡᠷᠡᠭᠲᠡᠶ᠃ ︽︿ᠢᠳᠡᠰᠢᠨ | ᠨᠣᠭᠤᠭ᠎ᠠ﹀ ᠶᠢ ᠬᠤᠲᠠ ᠶᠢᠨ ᠳᠠᠷᠤᠭ᠎ᠠ ᠬᠠᠷᠢᠭᠤᠴᠠᠬᠤ ᠲᠦᠷᠢᠮ ᠢ ᠰᠢᠯᠭᠠᠨ ᠬᠢᠨᠠᠬᠤ ᠠᠷᠭ᠎ᠠ ᠶᠢ ᠳᠠᠷᠤᠮᠠᠯᠯᠠᠨ | ᠶᠠᠪᠤᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ | ᠠᠯᠪᠠᠨ ᠲᠢᠩᠬᠢᠮ ᠤᠨ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ ︹ 2021 ︺ 59 ᠳ᠋ᠣᠭᠡᠷ | ᠲᠣᠭᠠᠲᠤ︶ ᠪᠠ ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠢᠳᠡᠰᠢᠨ ᠨᠣᠭᠤᠭ᠎ᠠ﹀ ᠶᠢᠨ | ᠪᠦᠲᠦᠭᠡᠭᠳᠡᠬᠦᠨ ᠤ ᠭᠠᠷᠤᠯᠲᠠ ᠶᠢ ᠲᠣᠭᠲᠠᠪᠤᠷᠢᠵᠢᠭᠤᠯᠤᠨ ᠬᠠᠩᠭᠠᠯᠭ᠎ᠠ ᠶᠢ ᠪᠠᠲᠤᠯᠠᠬᠤ ᠶᠢᠨ ᠬᠡᠷᠡᠭᠵᠢᠭᠦᠯᠬᠦ ᠲᠥᠰᠦᠯ﹀ | ᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ | ᠠᠬᠤᠶ ᠶᠢᠨ ᠲᠢᠩᠬᠢᠮ ᠤᠨ ᠮᠡᠳᠡᠭᠳᠡᠯ︾ ︵ᠥᠪᠥᠷ ᠲᠠᠷᠢᠶᠠᠯᠠᠩ ᠮᠠᠯ ᠠᠵᠤ ᠠᠬᠤᠶ ᠬᠤᠲᠠ ᠲᠠᠷᠬᠠᠭᠠᠭᠰᠠᠨ ︹ | 2021 ︺ 531 ᠳ᠋ᠣᠭᠡᠷ ᠲᠣᠭᠠᠲᠤ︶ ᠤᠨ ᠠᠵᠢᠯ ᠤᠨ ᠱᠠᠭᠠᠷᠳᠠᠯᠭ᠎ᠠ ᠶᠢ ᠦᠨᠳᠦᠰᠦᠯᠡᠨ᠂ ᠡᠯ᠎ᠡ ᠬᠤᠯᠪᠣᠭᠳᠠᠯ | ᠪᠥᠬᠦᠶ ᠨᠢᠭᠡᠴᠡ ᠨᠦᠭᠦᠳ ︽ᠢᠳᠡᠰᠢᠨ ᠨᠣᠭᠤᠭ᠎ᠠ︾ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠢ ᠲᠡᠳᠬᠦᠬᠦ᠂ ᠵᠠᠬ᠎ᠠ | ᠳᠡᠯᠭᠡᠭᠦᠷ ᠤᠨ ᠬᠦᠢᠯᠭᠡᠭᠡᠨ᠂ ᠬᠡᠷᠡᠭᠯᠡᠭᠴᠢᠳ ᠲᠤ ᠨᠥᠬᠦᠪᠥᠷᠢ ᠥᠭᠬᠦ ᠪᠠ ᠪᠠᠴᠢᠮ ᠪᠠᠶᠢᠳᠠᠯ ᠢ ᠠᠷᠭᠠᠴᠠᠭᠠᠬᠤ ᠲᠥᠰᠦᠯ | ᠵᠡᠷᠭᠡ ᠲᠠᠯ᠎ᠠ ᠶᠢᠨ ᠲᠣᠬᠢᠷᠠᠭᠤᠯᠭ᠎ᠠ ᠡᠵᠡᠮᠳᠡᠯ ᠤᠨ ᠲᠥᠷᠥ ᠶᠢᠨ ᠪᠣᠳᠣᠯᠭ᠎ᠠ ᠶᠢ ᠲᠣᠭᠲᠠᠭᠠᠨ ᠬᠡᠷᠡᠭᠵᠢᠭᠦᠯᠬᠦ ᠬᠡᠷᠡᠭᠲᠡᠶ᠃ | ᠤᠯᠤᠰ᠂ ᠥᠪᠡᠷᠲᠡᠭᠡᠨ ᠵᠠᠰᠠᠬᠤ ᠣᠷᠣᠨ ᠤ ᠬᠤᠯᠪᠤᠭᠳᠠᠯ ᠪᠥᠬᠦᠶ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ | ᠤᠯᠬᠤ ᠪᠠᠷ ᠢᠳᠡᠪᠬᠢᠲᠡᠶ ᠴᠢᠷᠮᠠᠶᠢᠵᠤ᠂ ᠪᠥᠬᠦ ᠬᠤᠲᠠ ᠶᠢᠨ ︽ᠢᠳᠡᠰᠢᠨ ᠨᠣᠭᠤᠭ᠎ᠠ︾ ᠶᠢᠨ ᠢᠨᠵᠧᠨᠧᠷᠢᠩ ᠤᠨ | ᠬᠡᠷᠡᠭᠵᠢᠭᠦᠯᠦᠯᠲᠡ ᠳᠤ ᠰᠠᠭᠤᠷᠢ ᠪᠡᠯᠡᠳᠬᠡᠮᠵᠢ᠂ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ᠂ | ᠪᠦᠲᠦᠭᠡᠭᠳᠡᠬᠦᠨ ᠤ ᠪᠣᠷᠣᠯᠠᠭᠤᠯᠭ᠎ᠠ᠂ ᠬᠠᠩᠭᠠᠯᠭ᠎ᠠ ᠶᠢ ᠪᠠᠲᠤᠯᠠᠵᠤ ᠦᠨ᠎ᠡ ᠶᠢ ᠲᠣᠭᠲᠠᠪᠤᠷᠢᠵᠢᠭᠤᠯᠬᠤ᠂ ᠰᠢᠨᠵᠢᠯᠡᠬᠦ | ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ᠂ ᠨᠡᠶᠢᠭᠡᠮᠴᠢᠯᠡᠭᠰᠡᠨ ᠦᠢᠯᠡᠴᠢᠯᠡᠭᠡ ᠵᠡᠷᠭᠡ ᠲᠠᠯ᠎ᠠ ᠶᠢᠨ ᠲᠥᠷᠥ ᠶᠢᠨ | ᠪᠣᠳᠣᠯᠭ᠎ᠠ ᠶᠢᠨ ᠳᠡᠮᠵᠢᠯᠭᠡ ᠬᠠᠩᠭᠠᠬᠤ ᠬᠡᠷᠡᠭᠲᠡᠶ᠃ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠲᠣᠭᠲᠠᠭᠠᠭᠰᠠᠨ | ᠭᠤᠤᠯᠳᠠᠯᠭ᠎ᠠ ᠲᠠᠢ ᠭᠤᠶᠤᠴᠢᠯᠠᠨ ᠮᠡᠳᠡᠭᠦᠯᠬᠦ ᠲᠥᠷᠥᠯ ᠵᠦᠢᠯ ᠳᠤ ᠠᠷᠭ᠎ᠠ ᠬᠡᠮᠵᠢᠶ᠎ᠡ ᠪᠠᠨ ᠨᠢᠭᠡᠳ ᠨᠢᠭᠡ ᠪᠠᠷ | ᠨᠠᠷᠢᠯᠢᠬᠵᠢᠭᠤᠯᠤᠨ᠂ ᠲᠥᠯᠥᠪᠯᠡᠭᠡ ᠲᠣᠭᠲᠠᠭᠠᠵᠤ᠂ ᠠᠵᠢᠯᠲᠠᠨ ᠢᠶᠠᠨ ᠨᠠᠶᠢᠳᠠᠪᠤᠷᠢᠵᠢᠭᠤᠯᠤᠨ᠂ ᠪᠠᠯᠠ ᠮᠥᠩᠭᠦ ᠤᠯᠬᠤ | ᠠᠵᠢᠯ ᠢ ᠬᠦᠴᠦᠲᠡᠶ ᠪᠥᠭᠡᠳ ᠡᠮᠬᠢ ᠵᠢᠷᠤᠮ ᠲᠠᠢ ᠠᠬᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ | ︵ᠭᠤᠷᠪᠠ︶ ᠬᠢᠨᠠᠯᠲᠠ ᠲᠠᠯᠪᠢᠵᠤ ᠰᠢᠯᠭᠠᠨ ᠬᠢᠨᠠᠬᠤ ᠪᠠᠨ ᠴᠢᠩᠭᠠᠷᠠᠭᠤᠯᠬᠤ ᠬᠡᠷᠡᠭᠲᠡᠶ᠃ ︽ᠢᠳᠡᠰᠢᠨ | ᠨᠣᠭᠤᠭ᠎ᠠ︾ ᠶᠢᠨ ᠢᠨᠵᠧᠨᠧᠷᠢᠩ ᠢ ᠬᠤᠲᠠ ᠶᠢᠨ ᠵᠠᠰᠠᠭ ᠤᠨ ᠣᠷᠳᠣᠨ ᠤ ᠠᠵᠢᠯ ᠤᠨ ᠠᠮᠵᠢᠯᠲᠠ ᠪᠦᠲᠦᠮᠵᠢ ᠶᠢ | ᠰᠢᠯᠭᠠᠨ ᠬᠢᠨᠠᠬᠤ ᠠᠭᠤᠯᠭ᠎ᠠ ᠳᠤ ᠣᠷᠣᠭᠤᠯᠵᠤ᠂ ᠰᠢᠯᠭᠠᠨ ᠬᠢᠨᠠᠬᠤ ᠲᠣᠭᠲᠠᠴᠠ ᠪᠠᠶᠢᠭᠤᠯᠤᠨ᠂ ᠰᠢᠯᠭᠠᠨ ᠬᠢᠨᠠᠬᠤ | ᠠᠷᠭ᠎ᠠ ᠲᠣᠭᠲᠠᠭᠠᠵᠤ᠂ ᠰᠢᠯᠭᠠᠨ ᠬᠢᠨᠠᠬᠤ ᠬᠦᠢᠴᠡᠳᠬᠡᠯ ᠲᠤᠭ᠎ᠠ ᠪᠠᠨ ᠨᠠᠷᠢᠯᠢᠬᠵᠢᠭᠤᠯᠬᠤ ᠬᠡᠷᠡᠭᠲᠡᠶ᠃ ᠬᠤᠲᠠ ᠶᠢᠨ | ︽ᠢᠳᠡᠰᠢᠨ ᠨᠣᠭᠤᠭ᠎ᠠ︾ ᠶᠢᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠤᠳᠤᠷᠢᠳᠬᠤ | ᠳᠤᠭᠤᠶᠢᠯᠠᠩ ᠢᠶᠠᠷ ᠲᠦᠷᠦᠭᠦᠯᠡᠭᠦᠯᠦᠨ᠂ ︽ᠢᠳᠡᠰᠢᠨ ᠨᠣᠭᠤᠭ᠎ᠠ︾ ᠶᠢ ᠬᠤᠲᠠ ᠶᠢᠨ ᠳᠠᠷᠤᠭ᠎ᠠ ᠬᠠᠷᠢᠭᠤᠴᠠᠬᠤ | ᠲᠦᠷᠢᠮ ᠤᠨ ᠰᠢᠯᠭᠠᠨ ᠬᠢᠨᠠᠬᠤ ᠠᠵᠢᠯ ᠤᠨ ᠵᠠᠩᠭᠢᠯᠠᠭ᠎ᠠ ᠶᠢᠨ ᠭᠤᠭᠴᠤᠭ᠎ᠠ ᠪᠠ ᠭᠤᠤᠯᠳᠠᠯᠭ᠎ᠠ ᠲᠠᠢ ᠬᠦᠷᠢᠶ᠎ᠡ | ᠴᠠᠷᠠᠭ᠎ᠠ ᠳᠤ ᠲᠣᠭᠲᠠᠮᠠᠯ ᠬᠤᠭᠤᠴᠠᠭ᠎ᠠ ᠲᠠᠢ ᠪᠠᠷ ᠰᠢᠮᠳᠠᠭᠤᠯᠤᠨ ᠵᠢᠯᠣᠭᠤᠳᠴᠤ ᠪᠠᠶᠢᠴᠠᠭᠠᠯᠲᠠ ᠬᠢᠵᠦ᠂ ᠠᠵᠢᠯ ᠤᠨ | ᠳᠤᠮᠳᠠ ᠲᠤᠯᠭᠠᠷᠠᠭᠰᠠᠨ ᠭᠤᠤᠯᠳᠠᠯᠭ᠎ᠠ ᠲᠠᠢ᠂ ᠬᠦᠴᠢᠷ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠵᠦ᠂ ︽ | ᠢᠳᠡᠰᠢᠨ ᠨᠣᠭᠤᠭ᠎ᠠ︾ ᠶᠢ ᠬᠤᠲᠠ ᠶᠢᠨ ᠳᠠᠷᠤᠭ᠎ᠠ ᠬᠠᠷᠢᠭᠤᠴᠠᠬᠤ ᠲᠦᠷᠢᠮ ᠤᠨ ᠡᠯ᠎ᠡ ᠵᠦᠢᠯ ᠤᠨ ᠰᠢᠯᠭᠠᠨ ᠬᠢᠨᠠᠬᠤ | ᠡᠭᠦᠷᠭᠡ ᠶᠢ ᠪᠥᠬᠦ ᠲᠠᠯ᠎ᠠ ᠪᠠᠷ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠳᠡᠢ᠃ | | | ᠳᠠᠭᠠᠯᠳᠤᠭᠤᠯᠤᠯ᠄ ᠦᠬᠠᠶ ᠬᠤᠲᠠ ᠶᠢᠨ ︽ᠢᠳᠡᠰᠢᠨ ᠨᠣᠭᠤᠭ᠎ᠠ︾ ᠶᠢᠨ ᠢᠨᠵᠧᠨᠧᠷᠢᠩ ᠤᠨ ᠪᠥᠲᠥᠭᠡᠨ | ᠪᠠᠶᠢᠭᠤᠯᠤᠯᠲᠠ ᠶᠢᠨ ᠤᠳᠤᠷᠢᠳᠬᠤ ᠳᠤᠭᠤᠶᠢᠯᠠᠩ | ᠳᠠᠭᠠᠯᠳᠤᠭᠤᠯᠤᠯ | | ᠦᠬᠠᠶ ᠬᠤᠲᠠ ᠶᠢᠨ ︽ᠢᠳᠡᠰᠢᠨ ᠨᠣᠭᠤᠭ᠎ᠠ︾ ᠶᠢᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ | ᠤᠳᠤᠷᠢᠳᠬᠤ ᠳᠤᠭᠤᠶᠢᠯᠠᠩ | | ︽ᠢᠳᠡᠰᠢᠨ ᠨᠣᠭᠤᠭ᠎ᠠ︾ ᠶᠢᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢ ᠤᠯᠠᠮ ᠨᠢᠭᠡ ᠠᠯᠬᠤᠮ | ᠴᠢᠩᠭᠠᠳᠬᠠᠬᠤ ᠶᠢᠨ ᠲᠤᠰᠠᠳᠠ᠂ ᠬᠤᠲᠠ ᠶᠢᠨ ᠵᠠᠰᠠᠭ ᠤᠨ ᠣᠷᠳᠣᠨ ᠢᠶᠠᠷ ᠰᠤᠳᠤᠯᠤᠨ ᠵᠥᠪᠰᠢᠶᠡᠷᠡᠭᠦᠯᠦᠭᠡᠳ᠂ | ᠦᠬᠠᠶ ᠬᠤᠲᠠ ᠶᠢᠨ ︽ᠢᠳᠡᠰᠢᠨ ᠨᠣᠭᠤᠭ᠎ᠠ︾ ᠶᠢᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ | ᠤᠳᠤᠷᠢᠳᠬᠤ ᠳᠤᠭᠤᠶᠢᠯᠠᠩ ︵ᠳᠣᠷᠣᠭᠰᠢ ᠤᠳᠤᠷᠢᠳᠬᠤ ᠳᠤᠭᠤᠶᠢᠯᠠᠩ ᠭᠡᠵᠦ ᠲᠣᠪᠴᠢᠯᠠᠨ᠎ᠠ︶ ᠢ ᠪᠠᠶᠢᠭᠤᠯᠬᠤ ᠪᠠᠷ | ᠲᠣᠭᠲᠠᠪᠠ᠂ ᠪᠣᠳᠠᠲᠠᠶ ᠪᠦᠷᠢᠯᠳᠦᠬᠦᠨ ᠨᠢ ᠳᠣᠤᠷᠠᠬᠢ ᠮᠡᠲᠦ᠄ | ᠳᠤᠭᠤᠶᠢᠯᠠᠩ ᠤᠨ ᠳᠠᠷᠤᠭ᠎ᠠ᠄ ᠶᠠᠩ ᠶᠢᠨ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ | ᠵᠠᠰᠠᠭ ᠤᠨ ᠣᠷᠳᠣᠨ ᠤ ᠬᠤᠲᠠ ᠶᠢᠨ ᠳᠠᠷᠤᠭ᠎ᠠ | ᠳᠤᠭᠤᠶᠢᠯᠠᠩ ᠤᠨ ᠳᠡᠳ᠋ ᠳᠠᠷᠤᠭ᠎ᠠ᠄ ᠵᠢᠶᠠ ᠴᠢᠩ ᠳ᠋ᠦᠩ ᠬᠤᠲᠠ ᠶᠢᠨ ᠨᠠᠮ ᠤᠨ ᠬᠤᠷᠢᠶᠠᠨ ᠤ | ᠪᠠᠶᠢᠩᠭᠤ ᠶᠢᠨ ᠭᠡᠰᠢᠭᠦᠨ᠂ ᠬᠤᠲᠠ ᠶᠢᠨ ᠪᠠᠶᠢᠩᠭᠤ ᠶᠢᠨ ᠳᠡᠳ᠋ ᠳᠠᠷᠤᠭ᠎ᠠ | ᠸᠠᠩ ᠵᠢᠶ ᠫᠢᠩ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ | ᠵᠠᠩ ᠮᠢᠩ ᠮᠢᠩ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ | ᠪᠦᠷᠢᠯᠳᠦᠬᠦᠨ᠄ ᠼᠦᠢ ᠬᠤᠩ ᠪᠥᠸᠧ ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶᠠᠨ ᠤ | ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ | ᠯᠢᠦ ᠬᠤ᠋ ᠤᠳᠠ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ | ᠳᠠᠷᠤᠭ᠎ᠠ | ᠯᠢᠦ ᠪᠢᠩ ᠬᠠᠶᠢᠨᠠᠨ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ | ᠳᠠᠷᠤᠭ᠎ᠠ | ᠶᠣᠣ ᠶᠠᠨ ᠹᠧᠨ ᠬᠤᠲᠠ ᠶᠢᠨ ᠵᠠᠰᠠᠭ ᠤᠨ ᠣᠷᠳᠣᠨ ᠤ ᠠᠯᠪᠠᠨ ᠬᠡᠷ ᠤᠨ ᠳᠥᠷᠪᠡᠳᠦᠭᠡᠷ ᠳᠡᠰ ᠤᠨ | ᠪᠠᠶᠢᠴᠠᠭᠠᠨ ᠰᠤᠳᠤᠯᠤᠭᠴᠢ | ᠭᠤᠤ ᠪᠦᠸᠧ ᠬᠤᠳᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠡᠷᠬᠢᠯᠡᠭᠴᠢ | ᠱᠢ ᠭᠦᠸᠧ ᠾᠦᠢ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶᠠᠨ ᠤ ᠳᠠᠷᠤᠭ᠎ᠠ | ᠵᠤᠤ ᠺᠦᠩ ᠵᠠᠩ ᠬᠤᠲᠠ ᠶᠢᠨ ᠡᠳ᠋ ᠤᠨ ᠵᠠᠰᠠᠭ ᠤᠨ ᠲᠣᠪᠴᠢᠶᠠᠨ ᠤ ᠳᠠᠷᠤᠭ᠎ᠠ | ᠶᠠᠩ ᠰᠢᠤᠸᠠᠢ ᠹᠧᠩ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶᠠᠨ ᠤ ᠳᠠᠷᠤᠭ᠎ᠠ | ᠱᠣᠣ ᠸᠧᠶ ᠬᠤᠲᠠ ᠶᠢᠨ ᠠᠮᠢ ᠠᠬᠤᠶ ᠶᠢᠨ ᠣᠷᠴᠢᠨ ᠲᠣᠭᠤᠷᠢᠨ ᠤ ᠲᠣᠪᠴᠢᠶᠠᠨ ᠤ ᠳᠠᠷᠤᠭ᠎ᠠ | ᠱᠢ ᠳ᠋ᠡ ᠶᠦᠩ ᠬᠤᠲᠠ ᠶᠢᠨ ᠵᠠᠮ ᠲᠡᠭᠡᠭᠡᠪᠦᠷᠢ ᠶᠢᠨ ᠲᠣᠪᠴᠢᠶᠠᠨ ᠤ ᠳᠠᠷᠤᠭ᠎ᠠ | ᠯᠢ ᠾᠧ ᠫᠢᠩ ᠬᠤᠲᠠ ᠶᠢᠨ ᠤᠰᠤᠨ ᠤ ᠶᠠᠪᠤᠳᠠᠯ ᠤᠨ ᠲᠣᠪᠴᠢᠶᠠᠨ ᠤ ᠳᠠᠷᠤᠭ᠎ᠠ | ᠵᠠᠩ ᠯᠢ ᠮᠢᠩ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠶᠢᠨ ᠳᠠᠷᠤᠭ᠎ᠠ | ᠯᠢᠦ ᠳ᠋ᠧ ᠼᠦᠢ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶᠠᠨ ᠤ ᠳᠠᠷᠤᠭ᠎ᠠ | ᠿᠧᠨ ᠵᠢᠶ ᠬᠤᠸᠠ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠡᠷᠬᠢᠯᠡᠭᠴᠢ | ᠰᠢᠤᠢ ᠪᠢᠨ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶᠠᠨ ᠤ ᠳᠠᠷᠤᠭ᠎ᠠ | ᠵᠣᠣ ᡁᠢ ᠬᠤᠲᠠ ᠶᠢᠨ ᠲᠤᠭ᠎ᠠ ᠪᠦᠷᠢᠳᠬᠡᠯ ᠤᠨ ᠲᠣᠪᠴᠢᠶᠠᠨ ᠤ ᠳᠠᠷᠤᠭ᠎ᠠ | ᠬᠤ᠋ ᠶᠢᠩ ᠯᠦᠩ ᠬᠤᠲᠠ ᠶᠢᠨ ᠬᠠᠩᠭᠠᠨ ᠪᠣᠷᠣᠯᠠᠭᠤᠯᠬᠤ ᠬᠤᠷᠰᠢᠶᠠᠨ ᠤ ᠬᠤᠯᠪᠣᠭᠠᠲᠤ ᠬᠤᠷᠰᠢᠶᠠᠨ ᠤ | ᠡᠷᠬᠢᠯᠡᠭᠴᠢ | ᠯᠦ ᠵᠧᠨ ᠬᠤᠸᠠ ᠬᠤᠲᠠ ᠶᠢᠨ ᠰᠢᠯᠭᠠᠨ ᠪᠠᠶᠢᠴᠠᠭᠠᠬᠤ ᠲᠥᠪ ᠤᠨ ᠡᠷᠬᠢᠯᠡᠭᠴᠢ | ᠪᠥᠸᠧ ᠬᠤᠩ ᠪᠢᠨ ᠥᠪᠥᠷ ᠮᠣᠩᠭᠤᠯ ᠤᠨ ᠴᠠᠬᠢᠯᠭᠠᠨ ᠬᠦᠴᠦᠨ ︵ᠪᠦᠯᠦᠭᠯᠡᠯ︶ ᠤ ᠬᠢᠵᠠᠭᠠᠷᠲᠤ | ᠬᠠᠷᠢᠭᠤᠴᠠᠯᠭᠠᠲᠤ ᠺᠣᠮᠫᠠᠨᠢ ᠶᠢᠨ ᠦᠬᠠᠶ ᠶᠢᠨ ᠴᠠᠬᠢᠯᠭᠠᠨ ᠬᠠᠩᠭᠠᠬᠤ ᠬᠤᠪᠢᠶᠠᠷᠢ ᠺᠣᠮᠫᠠᠨᠢ ᠶᠢᠨ ᠶᠡᠷᠦᠩᠬᠡᠶ ᠳᠠᠭᠠᠭᠠᠮᠠᠯ | ᠬᠤᠤ ᠵᠢᠶᠧ ᠳᠤᠮᠳᠠᠳᠤ ᠤᠯᠤᠰ ᠤᠨ ᠪᠠᠩᠬᠢ ᠪᠠ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ | ᠵᠥᠪᠯᠡᠯ ᠤᠨ ᠦᠬᠠᠶ ᠶᠢᠨ ᠬᠢᠨᠠᠯᠲᠠ ᠬᠠᠮᠢᠶᠠᠷᠤᠯᠲᠠ ᠶᠢᠨ ᠬᠤᠪᠢᠶᠠᠷᠢ ᠲᠣᠪᠴᠢᠶᠠᠨ ᠤ ᠳᠠᠷᠤᠭ᠎ᠠ | ᠤᠳᠤᠷᠢᠳᠬᠤ ᠳᠤᠭᠤᠶᠢᠯᠠᠩ ᠤᠨ ᠳᠣᠣᠷ᠎ᠠ ᠠᠯᠪᠠᠨ ᠭᠡᠷ ᠭᠠᠷᠭᠠᠵᠤ᠂ ᠠᠯᠪᠠᠨ ᠭᠡᠷ ᠢ ᠬᠤᠳᠠ ᠶᠢᠨ ᠲᠠᠷᠢᠶᠠᠯᠠᠩ | ᠮᠠᠯ ᠠᠵᠤ ᠠᠬᠤᠢ ᠶᠢᠨ ᠲᠤᠪᠴᠢᠶ᠎ᠠ ᠳᠤ ᠲᠤᠬᠢᠷᠠᠭᠤᠯᠵᠤ᠂ ᠠᠯᠪᠠᠨ ᠭᠡᠷ ᠤᠨ ᠡᠷᠬᠢᠯᠡᠭᠴᠢ ᠶᠢᠨ ᠲᠤᠰᠢᠶᠠᠯ ᠢ ᠵᠠᠩ ᠯᠢ | ᠮᠢᠩ ᠨᠥᠬᠦᠷ ᠬᠠᠪᠰᠤᠷᠭᠠᠨ ᠬᠠᠷᠢᠭᠤᠴᠠᠨ᠎ᠠ᠃ | ᠬᠤᠶᠢᠰᠢᠳᠠ ᠬᠤᠳᠠ ᠶᠢᠨ ᠤᠳᠤᠷᠢᠳᠤᠯᠭ᠎ᠠ ᠶᠢ ᠭᠠᠷᠭᠠᠪᠠᠯ᠂ ᠤᠳᠤᠷᠢᠳᠬᠤ ᠳᠤᠭᠤᠶᠢᠯᠠᠩ ᠤᠨ ᠪᠤᠰᠤᠳ | ᠪᠦᠷᠢᠯᠳᠦᠬᠦᠨ ᠳᠤ ᠬᠤᠪᠢᠷᠠᠯᠲᠠ ᠭᠠᠷᠪᠠᠯ᠂ ᠤᠳᠤᠷᠢᠳᠬᠤ ᠳᠤᠭᠤᠶᠢᠯᠠᠩ ᠤᠨ ᠠᠯᠪᠠᠨ ᠭᠡᠷ ᠠᠴᠠ ᠥᠪᠡᠷᠰᠡᠳ ᠢᠶᠠᠨ | ᠲᠤᠬᠢᠷᠠᠭᠤᠯᠤᠯᠳᠠ ᠬᠢᠵᠦ᠂ ᠬᠤᠳᠠ ᠶᠢᠨ ᠵᠠᠰᠠᠭ ᠤᠨ ᠣᠷᠳᠣᠨ ᠤ ᠠᠯᠪᠠᠨ ᠭᠡᠷ ᠠᠴᠠ ᠠᠰ ᠲᠤᠨᠢ ᠪᠢᠴᠢᠭ ᠮᠠᠲ᠋ᠧᠷᠢᠶᠠᠯ | ᠲᠠᠷᠬᠠᠭᠠᠬᠤ ᠦᠬᠡᠢ᠃ | ᠬᠠᠭᠤᠯᠤᠨ ᠬᠦᠷᠭᠡᠬᠦ ᠨᠢ᠄ ᠬᠤᠲᠠ ᠶᠢᠨ ᠨᠠᠮ ᠤᠨ ᠬᠤᠷᠢᠶᠠᠨ ᠤ ᠡᠯ᠎ᠡ ᠰᠠᠯᠠᠭ᠎ᠠ ᠮᠥᠴᠢᠷ᠂ ᠬᠤᠲᠠ ᠶᠢᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠯᠪᠠᠨ ᠭᠡᠷ᠂ ᠬᠤᠲᠠ ᠶᠢᠨ | ᠤᠯᠤᠰ ᠲᠥᠷᠥ ᠶᠢᠨ ᠵᠥᠪᠯᠡᠯᠭᠡᠨ ᠤ ᠠᠯᠪᠠᠨ ᠭᠡᠷ᠂ ᠴᠡᠷᠢᠭ ᠤᠨ ᠬᠤᠪᠢᠶᠠᠷᠢ ᠲᠤᠭᠤᠷᠢᠭ᠂ ᠬᠤᠲᠠ ᠶᠢᠨ ᠰᠠᠬᠢᠯᠭ᠎ᠠ | ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ᠂ ᠬᠤᠲᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ | ᠬᠤᠷᠢᠶ᠎ᠠ᠂ ᠬᠤᠲᠠ ᠶᠢᠨ ᠠᠷᠠᠳ ᠤᠨ ᠪᠠᠶᠢᠴᠠᠭᠠᠬᠤ ᠬᠤᠷᠢᠶ᠎ᠠ᠃ | ᠡᠯ᠎ᠡ ᠠᠷᠠᠳ ᠤᠨ ᠪᠦᠯᠬᠦᠮ᠂ ᠰᠣᠨᠢᠨ ᠮᠡᠳᠡᠭᠡᠨ ᠤ ᠨᠢᠭᠡᠴᠡ᠂ ᠬᠤᠲᠠ ᠳᠤ ᠰᠠᠭᠤᠭ᠎ᠠ ᠨᠢᠭᠡᠴᠡ᠃ | | ᠦᠬᠠᠶ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ | 2022 ᠣᠨ ᠤ 5 ᠰᠠᠷ᠎ᠠ ᠶᠢᠨ 26 ᠤ ᠡᠳᠦᠷ ᠳᠠᠷᠤᠮᠠᠯᠯᠠᠨ ᠲᠠᠷᠬᠠᠭᠠᠪᠠ | | | | |