ᠬᠠᠶᠢᠷᠤᠪ ᠤᠨ ᠲᠤᠬᠤᠢ ᠲᠣᠭᠤᠷᠢᠭ ᠤᠨ ᠵᠠᠰᠠᠭ ᠤᠨ ᠣᠷᠳᠣᠨ ᠥᠪᠥᠷ ᠮᠣᠩᠭᠤᠯ ᠤᠨ ᠯᠦᠩ ᠶᠤᠸᠠᠨ ᠰᠢᠨ᠎ᠡ ᠡᠨᠧᠷᠭᠢ ᠶᠢᠨ ᠬᠦᠭᠵᠢᠬᠦᠯᠦᠯᠳᠡ ᠶᠢᠨ ᠬᠢᠵᠠᠭᠠᠷᠲᠤ ᠺᠣᠮᠫᠠᠨᠢ ᠯᠤᠭ᠎ᠠ ᠪᠠᠶᠢᠯᠳᠤᠬᠤ ᠪᠤᠳᠤᠯᠭ᠎ᠠ ᠶᠢᠨ ᠬᠠᠮᠲᠤᠷᠠᠯᠴᠠᠭᠠᠨ ᠤ ᠭᠡᠷ᠎ᠡ ᠲᠣᠭᠲᠠᠬᠤ ᠶᠣᠰᠣᠯᠠᠯ ᠶᠠᠪᠤᠭᠤᠯᠪᠠ
ᠨᠡᠶᠢᠲᠡᠯᠡᠭᠰᠡᠨ ᠴᠠᠭ᠄
2022/8/22
     8 ᠰᠠᠷ᠎ᠠ ᠶᠢᠨ 21 ᠤ ᠡᠳᠦᠷ ᠤᠨ ᠦᠳᠡ ᠶᠢᠨ ᠡᠮᠦᠨ᠎ᠡ᠂ ᠬᠠᠶᠢᠷᠤᠪ ᠤᠨ ᠲᠤᠬᠤᠢ ᠲᠣᠭᠤᠷᠢᠭ ᠤᠨ ᠵᠠᠰᠠᠭ ᠤᠨ ᠣᠷᠳᠣᠨ ᠥᠪᠥᠷ ᠮᠣᠩᠭᠤᠯ ᠤᠨ ᠯᠦᠩ ᠶᠤᠸᠠᠨ ᠰᠢᠨ᠎ᠡ ᠡᠨᠧᠷᠭᠢ ᠶᠢᠨ ᠬᠦᠭᠵᠢᠬᠦᠯᠦᠯᠳᠡ ᠶᠢᠨ ᠬᠢᠵᠠᠭᠠᠷᠲᠤ ᠺᠣᠮᠫᠠᠨᠢ ᠯᠤᠭ᠎ᠠ ᠪᠠᠶᠢᠯᠳᠤᠬᠤ ᠪᠤᠳᠤᠯᠭ᠎ᠠ ᠶᠢᠨ ᠬᠠᠮᠲᠤᠷᠠᠯᠴᠠᠭᠠᠨ ᠤ ᠭᠡᠷ᠎ᠡ ᠲᠣᠭᠲᠠᠬᠤ ᠶᠣᠰᠣᠯᠠᠯ ᠶᠠᠪᠤᠭᠤᠯᠪᠠ᠃      ᠭᠠᠷ ᠤᠨ ᠦᠰᠦᠭ ᠵᠢᠷᠤᠬᠤ ᠶᠣᠰᠣᠯᠠᠯ ᠠᠴᠠ ᠡᠮᠦᠨ᠎ᠡ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠶᠠᠩ ᠶᠢᠨ ᠯᠦᠩ ᠶᠤᠸᠠᠨ ᠴᠠᠬᠢᠯᠭᠠᠨ ᠬᠦᠴᠦᠨ ᠤ ᠪᠦᠯᠦᠭᠯᠡᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠨᠠᠮ ᠤᠨ ᠬᠤᠷᠢᠶᠠᠨ ᠤ ᠳᠡᠳ᠋ ᠱᠦᠵᠢ᠂ ᠶᠡᠷᠦᠩᠬᠡᠢ ᠳᠠᠭᠠᠭᠠᠮᠠᠯ ᠲᠠᠩ ᠵᠢᠶᠠᠨ ᠨᠠᠷ ᠲᠠᠢ ᠬᠡᠯᠡᠯᠴᠡᠭᠡᠷ ᠬᠢᠪᠡ᠃ ᠬᠤᠳᠠ ᠶᠢᠨ ᠤᠳᠤᠷᠢᠳᠤᠯᠭ᠎ᠠ ᠰᠦᠨ ᠬᠤᠤ᠂ ᠭᠦᠸᠧ ᠢ ᠵᠢᠶᠧ ᠬᠡᠯᠡᠯᠴᠡᠭᠡᠷ ᠲᠤ ᠣᠷᠣᠯᠴᠠᠵᠠᠢ᠃      ᠶᠠᠩ ᠶᠢᠨ ᠲᠠᠩ ᠵᠢᠶᠠᠨ ᠨᠠᠷ ᠤᠨ ᠬᠦᠷᠦᠯᠴᠡᠨ ᠢᠷᠡᠭᠰᠡᠨ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠪᠡ᠃ ᠲᠡᠷᠡ ᠬᠡᠯᠡᠭᠰᠡᠨ ᠨᠢ᠂ ᠣᠳᠣᠬᠠᠨ ᠳᠤ᠂ ᠦᠬᠠᠢ ᠬᠤᠳᠠ ᠶᠠᠭ ᠰᠢᠨ᠎ᠡ ᠬᠥᠭᠵᠢᠯᠲᠡ ᠶᠢᠨ ᠤᠢᠢᠯᠠᠭᠠᠭᠳᠠᠬᠤᠨ ᠢ ᠪᠦᠷᠢᠨ ᠪᠦᠲᠦᠨ ᠵᠦᠪ ᠣᠨᠣᠪᠴᠢᠲᠠᠢ ᠪᠦᠬᠦ ᠲᠠᠯ᠎ᠠ ᠪᠠᠷ ᠲᠤᠤᠱᠯᠠᠭᠤᠯᠬᠤ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠬᠤ ᠪᠠ ᠬᠤᠳᠠ ᠶᠢᠨ ᠬᠡᠯᠪᠡᠷᠢ ᠪᠠᠨ ᠬᠤᠪᠢᠷᠠᠭᠤᠯᠬᠤ ᠶᠢ ᠲᠦᠷᠭᠡᠳᠬᠡᠨ ᠠᠬᠢᠭᠤᠯᠬᠤ᠂ ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ ᠤᠨ ᠬᠤᠶᠠᠷ ᠶᠡᠭᠡ ᠠᠵᠤ ᠦᠢᠯᠡᠰ ᠤᠨ ᠰᠠᠭᠤᠷᠢᠨ ᠭᠠᠵᠠᠷ ᠢ ᠪᠦᠬᠦ ᠬᠦᠴᠦᠨ ᠢᠶᠠᠷ ᠢᠶᠠᠨ ᠴᠣᠭᠴᠠᠯᠠᠬᠤ᠂ ᠠᠮᠢ ᠠᠬᠤᠢ ᠶᠢ ᠤᠷᠢᠳᠠᠪᠡᠷ ᠪᠣᠳᠤᠯᠬᠢᠯᠠᠭᠰᠠᠨ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠡᠷᠡᠰ ᠵᠠᠮᠨᠠᠬᠤ ᠵᠠᠩᠭᠢᠯᠠᠭ᠎ᠠ ᠶᠢᠨ ᠬᠤᠭᠤᠴᠠᠭᠠᠨ ᠳᠤ ᠣᠷᠣᠰᠢᠵᠤ ᠪᠠᠶᠢᠨ᠎ᠠ᠃ ᠵᠠᠰᠠᠭ ᠠᠵᠤ ᠠᠬᠤᠶᠢᠯᠠᠯ ᠬᠤᠶᠠᠷ ᠲᠠᠯ᠎ᠠ ᠪᠠᠷ ᠢᠶᠠᠨ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠬᠥᠭᠵᠢᠯᠲᠡ ᠶᠢ ᠠᠬᠢᠭᠤᠯᠵᠤ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠢᠷᠡᠭᠡᠳᠦᠢ ᠶᠢ ᠡᠷᠢᠯᠬᠢᠯᠡᠵᠦ᠂ ᠢᠷᠡᠭᠡᠳᠦᠢ ᠳᠤ ᠬᠠᠨᠳᠤᠵᠤ᠂ ᠦᠨᠡᠨᠴᠢ ᠪᠠᠷ ᠬᠠᠮᠲᠤᠷᠠᠯᠴᠠᠵᠤ᠂ ᠮᠠᠨ ᠤ ᠬᠤᠳᠠ ᠳᠤ ᠨᠢᠭᠡ ᠪᠦᠯᠦᠭ ᠰᠠᠯᠬᠢᠨ ᠬᠦᠴᠦᠨ ᠤ ᠴᠠᠬᠢᠯᠭᠠᠨ᠂ ᠭᠡᠷᠡᠯ ᠸᠣᠯᠲ ᠵᠡᠷᠭᠡ ᠰᠢᠨ᠎ᠡ ᠡᠨᠧᠷᠭᠢ ᠶᠢᠨ ᠲᠦᠷᠦᠯ ᠵᠦᠢᠯ ᠢ ᠪᠠᠶᠢᠷᠢᠰᠢᠭᠤᠯᠤᠨ ᠬᠡᠷᠡᠭᠵᠢᠭᠦᠯᠵᠦ᠂ ᠬᠠᠷᠢᠯᠴᠠᠨ ᠠᠰᠢᠭᠲᠠᠢ ᠬᠠᠮᠲᠤᠪᠠᠷ ᠠᠰᠢᠭ ᠬᠦᠷᠳᠡᠬᠦ᠂ ᠬᠠᠮᠲᠤᠪᠠᠷ ᠬᠥᠭᠵᠢᠬᠦ ᠶᠢ ᠴᠢᠷᠮᠠᠶᠢᠨ ᠪᠡᠶᠡᠯᠡᠭᠦᠯᠬᠦ ᠶᠢ ᠬᠦᠰᠡᠵᠦ ᠪᠠᠶᠢᠨ᠎ᠠ᠃ ᠦᠬᠠᠢ ᠬᠤᠳᠠ ᠶᠢᠨ ᠬᠢᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠪᠣᠯᠤᠨ ᠠᠵᠤ ᠠᠬᠤᠶᠢᠯᠠᠯ ᠤᠨ ᠬᠥᠭᠵᠢᠯᠲᠡ ᠶᠢᠨ ︽ᠦᠢᠯᠡᠴᠢᠯᠡᠭᠴᠢ︾ ᠪᠤᠯᠵᠤ᠂ ᠬᠠᠮᠤᠭ ᠤᠨ ᠬᠠᠷᠠᠭᠠᠯᠵᠠᠯ ᠲᠠᠢ ᠲᠦᠷᠦ ᠶᠢᠨ ᠪᠤᠳᠤᠯᠭ᠎ᠠ᠂ ᠬᠠᠮᠤᠭ ᠤᠨ ᠥᠨᠳᠥᠷ ᠪᠦᠲᠦᠮᠵᠢᠲᠡᠢ ᠦᠢᠯᠡᠴᠢᠯᠡᠭᠡ᠂ ᠬᠠᠮᠤᠭ ᠤᠨ ᠬᠦᠴᠦᠲᠡᠢ ᠪᠠᠲᠤᠯᠠᠭ᠎ᠠ ᠶᠢ ᠪᠦᠬᠦ ᠬᠦᠴᠦᠨ ᠢᠶᠠᠷ ᠢᠶᠠᠨ ᠬᠠᠩᠭᠠᠵᠤ᠂ ᠲᠦᠷᠦᠯ ᠵᠦᠢᠯ ᠢ ᠤᠷᠤᠭᠰᠢᠲᠠᠢ ᠨᠠᠶᠢᠳᠠᠪᠤᠷᠢᠵᠢᠭᠤᠯᠬᠤ᠂ ᠡᠮᠬᠢ ᠵᠢᠷᠤᠮ ᠲᠠᠢ ᠬᠡᠷᠡᠭᠵᠢᠭᠦᠯᠬᠦ ᠶᠢ ᠠᠬᠢᠭᠤᠯᠬᠤ ᠪᠣᠯᠤᠨ᠎ᠠ ᠭᠡᠵᠡᠢ᠃      ᠲᠠᠩ ᠵᠢᠶᠠᠨ ᠢᠯᠡᠷᠭᠡᠶᠢᠯᠡᠭᠰᠡᠨ ᠨᠢ᠂ ᠯᠦᠩ ᠶᠤᠸᠠᠨ ᠴᠠᠬᠢᠯᠭᠠᠨ ᠬᠦᠴᠦᠨ ᠤ ᠺᠣᠮᠫᠠᠨᠢ ᠦᠬᠠᠢ ᠶᠢᠨ ᠬᠤᠯᠪᠣᠭᠳᠠᠯ ᠪᠦᠬᠦᠢ ᠠᠵᠤ ᠦᠢᠯᠡᠰ ᠤᠨ ᠬᠥᠭᠵᠢᠯᠲᠡ ᠶᠢᠨ ᠢᠷᠡᠭᠡᠳᠦᠢ ᠶᠢ ᠮᠠᠰᠢ ᠰᠠᠶᠢᠨ ᠬᠠᠷᠠᠵᠤ᠂ ᠬᠤᠶᠠᠷ ᠲᠠᠯ᠎ᠠ ᠶᠢᠨ ᠭᠦᠨᠵᠡᠭᠡᠢ ᠬᠠᠮᠲᠤᠷᠠᠯᠴᠠᠭ᠎ᠠ ᠳᠤ ᠢᠲᠡᠭᠡᠯ ᠲᠡᠭᠦᠯᠳᠡᠷ ᠪᠠᠶᠢᠵᠤ᠂ ᠳᠤᠷᠠᠲᠠᠶ᠎ᠠ ᠠᠵᠤ ᠠᠬᠤᠶᠢᠯᠠᠯ ᠤᠨ ᠲᠤᠰ ᠪᠡᠶ᠎ᠡ ᠶᠢᠨ ᠳᠠᠪᠠᠭᠤᠯᠢᠭ ᠢᠶᠠᠨ ᠪᠠᠳᠠᠷᠠᠭᠤᠯᠵᠤ᠂ ᠭᠠᠵᠠᠷ ᠣᠷᠣᠨ ᠤ ᠡᠨᠧᠷᠭᠢ ᠶᠢᠨ ᠪᠦᠲᠦᠴᠡ ᠶᠢᠨ ᠲᠤᠬᠢᠷᠠᠭᠤᠯᠤᠯᠳᠠ᠂ ᠲᠤᠤᠷ᠎ᠠ ᠨᠡᠭᠦᠷᠡᠰᠦᠲᠥ᠋ᠷᠥᠭᠴᠢᠲᠤ ᠪᠣᠬᠢᠷᠲᠤᠯ ᠦᠭᠡᠢ ᠬᠥᠭᠵᠢᠯᠲᠡ ᠶᠢ ᠢᠳᠡᠪᠬᠢᠲᠡᠢ ᠠᠬᠢᠭᠤᠯᠵᠤ᠂ ᠦᠬᠠᠢ ᠬᠤᠳᠠ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠢᠳᠡᠪᠬᠢᠲᠡᠢ ᠬᠤᠪᠢ ᠨᠡᠮᠡᠷᠢ ᠦᠵᠡᠭᠦᠯᠦᠨ᠎ᠡ ᠭᠡᠵᠡᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号