ᠮᠠᠨ ᠤ ᠬᠤᠲᠠ ᠶᠢᠨ ᠣᠯᠠᠨ ᠲᠦᠮᠡᠨᠴᠢ ᠴᠢᠨᠠᠷᠲᠠᠶ ᠣᠨᠣᠯ ᠤᠨ ᠤᠬᠠᠭᠤᠯᠤᠨ ᠲᠠᠶᠢᠯᠪᠤᠷᠢᠯᠠᠬᠤ ᠭᠤᠤᠯ ᠰᠡᠳᠦᠪᠲᠦ ᠤᠩᠰᠢᠯᠭ᠎ᠠ ᠶᠢᠨ ᠠᠵᠢᠯᠯᠠᠭ᠎ᠠ ᠶᠠᠪᠤᠭᠳᠠᠪᠠ
ᠨᠡᠶᠢᠲᠡᠯᠡᠭᠰᠡᠨ ᠴᠠᠭ᠄
2022/8/22
     8 ᠰᠠᠷ᠎ᠠ ᠶᠢᠨ 20 ᠤ ᠡᠳᠦᠷ᠂ ︽ᠬᠤᠷᠢᠳᠤᠭᠠᠷ ᠶᠡᠭᠡ ᠬᠤᠷᠠᠯ ᠢ ᠪᠠᠶᠠᠷᠯᠠᠨ ᠤᠭᠲᠤᠵᠤ   ᠪᠢᠳᠡ ᠤᠯᠤᠰ  ᠢᠶᠠᠨ ᠬᠦᠴᠦᠷᠭᠡᠭᠵᠢᠬᠦᠯᠦᠨ ᠰᠡᠷᠭᠦᠭᠡᠨ ᠮᠠᠨᠲᠤᠭᠤᠯᠤᠶ᠎ᠠ︾ ᠭᠡᠬᠦ ᠮᠠᠨ ᠤ ᠬᠤᠳᠠ ᠶᠢᠨ ᠤᠯᠠᠨ ᠲᠦᠮᠡᠨᠴᠢ ᠴᠢᠨᠠᠷᠲᠠᠢ ᠤᠨᠤᠯ ᠤᠨ ᠤᠬᠠᠭᠤᠯᠤᠨ ᠲᠠᠶᠢᠯᠪᠤᠷᠢᠯᠠᠬᠤ ᠭᠤᠣᠯ ᠰᠡᠳᠦᠪᠲᠦ ᠤᠩᠰᠢᠯᠭ᠎ᠠ ᠶᠢᠨ ᠠᠵᠢᠯᠯᠠᠭ᠎ᠠ ᠶᠠᠪᠤᠭᠳᠠᠪᠠ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠮᠧᠩ ᠫᠸᠢ ᠶᠦᠨ ᠠᠵᠢᠯᠯᠠᠭ᠎ᠠ ᠳᠤ ᠣᠷᠣᠯᠴᠠᠪᠠ᠃      ︽ᠡᠬᠡ ᠣᠷᠣᠨ ᠮᠢᠨᠢ᠂ ᠮᠢᠨᠦ ᠬᠠᠢᠷᠠᠲᠤ ᠡᠬᠡ ᠣᠷᠣᠨ ᠮᠢᠨᠢ᠂ ᠴᠢ ᠪᠣᠯ ᠮᠢᠨᠦ ᠳᠠᠭᠤᠯᠠᠬᠤ ᠭᠡᠰᠡᠨ ᠳᠠᠭᠤᠤ ᠮᠥᠨ︕︾ ︽ᠲᠠᠪᠤᠨ ᠣᠳᠣᠲᠤ ᠤᠯᠠᠭᠠᠨ ᠲᠤᠭ ᠠᠯᠭᠤᠷᠬᠠᠨ ᠮᠠᠨᠳᠤᠬᠤ ᠶᠢ ᠬᠠᠷᠠᠭᠠᠳ ᠪᠠᠶ︕ ᠡᠨᠡ ᠮᠠᠨᠳᠤᠭᠰᠠᠨ ᠴᠠᠭ ᠦᠶ᠎ᠡ ᠶᠢ ᠲᠠᠨ ᠤ ᠰᠠᠨᠠᠭᠰᠠᠨ ᠢᠶᠠᠷ ᠪᠣᠯᠭᠠᠶ᠎ᠠ︾ ︽ᠳᠣᠷᠣᠨᠠᠳᠠᠬᠢᠨ ᠤ ᠥᠷᠭᠡᠨ ᠵᠠᠮ ᠢᠶᠠᠷ ᠤᠯᠠᠭᠠᠨ ᠨᠠᠷᠠ ᠮᠠᠨᠳᠤᠯ᠎ᠠ︾ ᠁ ᠬᠥᠮᠦᠰ ᠤᠨ ᠰᠡᠳᠬᠢᠯ ᠢ ᠳᠣᠭᠳᠣᠯᠤᠭᠤᠯᠤᠮ᠎ᠠ ᠤᠷᠠᠨ ᠤᠩᠰᠢᠯᠭ᠎ᠠ ᠨᠤᠭᠤᠳ ᠲᠠᠶᠢᠰᠠᠨ ᠳᠤ ᠴᠤᠤᠷᠢᠶᠠᠲᠤᠵᠤ᠂ ᠦᠵᠡᠭᠴᠢᠳ ᠤᠨ ᠬᠠᠯᠠᠭᠤᠨ ᠠᠯᠠᠭ᠎ᠠ ᠲᠠᠰᠢᠯᠳᠠ ᠶᠢ ᠤᠯᠪᠠ᠃      ᠤᠢᠢᠯᠠᠭᠠᠭᠰᠠᠠ ᠢᠶᠠᠷ᠂ ᠠᠵᠢᠯᠯᠠᠭ᠎ᠠ ᠨᠢ ︽ᠵᠢᠱᠢᠶ᠎ᠡ ᠦᠵᠡᠭᠦᠯᠵᠦ ᠤᠬᠠᠭᠤᠯᠤᠨ ᠲᠠᠶᠢᠯᠪᠤᠷᠢᠯᠠᠬᠤ + ᠰᠢᠯᠦᠭ ᠤᠶᠠᠩᠭᠠᠯᠠᠨ ᠤᠩᠰᠢᠬᠤ + ᠤᠷᠠᠨ ᠰᠠᠶᠢᠬᠠᠨ ᠤ ᠲᠣᠭᠯᠠᠯᠲᠠ︾ ᠶᠢᠨ ᠬᠡᠯᠪᠡᠷᠢ ᠪᠠᠷ ᠶᠠᠪᠤᠭᠳᠠᠵᠤ᠂ ︽ᠥᠩᠭᠡᠷᠡᠭᠰᠡᠨ ᠢᠶᠠᠨ ᠣᠶᠢᠯᠠᠭᠠᠬᠤ︾ ︽ᠣᠳᠣᠬᠢ ᠪᠠᠨ ᠨᠠᠨᠳᠢᠩᠨᠠᠬᠤ︾ ᠪᠠ ︽ᠢᠷᠡᠭᠡᠳᠦᠢ ᠪᠠᠨ ᠪᠠᠷᠠᠯᠠᠬᠤ︾ ᠭᠡᠬᠦ ᠭᠤᠷᠪᠠᠨ ᠪᠦᠯᠦᠭ ᠲᠤ ᠬᠤᠪᠢᠶᠠᠭᠳᠠᠵᠤ᠂ ᠤᠨᠤᠯ ᠤᠨ ᠤᠬᠠᠭᠤᠯᠤᠨ ᠲᠠᠶᠢᠯᠪᠤᠷᠢᠯᠠᠬᠤ ᠬᠡᠯᠪᠡᠷᠢ ᠶᠢ ᠪᠠᠶᠠᠯᠢᠭᠵᠢᠭᠤᠯᠬᠤ ᠪᠠᠷ ᠳᠠᠮᠵᠢᠭᠤᠯᠵᠤ᠂ ᠦᠵᠡᠭᠴᠢᠳ ᠲᠤ ᠨᠠᠮ ᠤᠨ ᠰᠢᠨ᠎ᠡ ᠡᠭᠦᠳᠦᠯᠲᠡ ᠶᠢᠨ ᠤᠨᠤᠯ ᠢ ᠤᠨᠢᠨ ᠳᠡᠭᠡᠷ᠎ᠡ ᠨᠢ ᠲᠠᠶᠢᠯᠪᠤᠷᠢᠯᠠᠨ ᠤᠯᠠᠮᠵᠢᠯᠠᠵᠤ᠂ ᠭᠤᠣᠯ ᠰᠡᠳᠦᠪ ᠨᠢ ᠰᠢᠨ᠎ᠡ ᠰᠡᠪᠡᠭᠦᠨ᠂ ᠤᠯᠠᠨ ᠲᠦᠮᠡᠨ ᠲᠠᠢ ᠤᠢᠢᠷᠠᠳᠤᠯᠴᠠᠵᠦ᠂ ᠬᠠᠯᠠᠭᠤᠨ ᠰᠡᠳᠬᠢᠯᠭᠡ ᠲᠠᠢ᠂ ᠥᠨᠳᠥᠷ ᠲᠦᠪᠰᠢᠨ ᠲᠠᠢ ᠪᠠᠶᠢᠵᠤ᠂ ᠨᠢᠭᠡ ᠣᠳᠠᠭᠠᠨ ᠤ ᠰᠢᠨ᠎ᠡ ᠡᠭᠦᠳᠦᠯᠲᠡ ᠲᠠᠢ ᠤᠨᠤᠯ ᠤᠨ ᠰᠤᠷᠤᠯᠴᠠᠯᠭ᠎ᠠ ᠶᠢᠨ ︽ᠰᠢᠨ᠎ᠡ ᠪᠠᠶᠡᠴᠢᠯᠡᠭᠰᠡᠨ ᠤᠶᠢᠯᠠᠭᠠᠯᠳᠠ︾ ᠪᠣᠯᠤᠨ᠎ᠠ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号