ᠬᠤᠲᠠ ᠶᠢᠨ ᠤᠳᠤᠷᠢᠳᠤᠯᠭ᠎ᠠ ᠰᠢᠩᠭᠡᠯᠢᠭ ᠡᠮᠨᠡᠯᠭᠡ ᠶᠢᠨ ᠬᠤᠷᠢᠶᠠᠨ ᠤ ᠥᠭᠡᠷᠡᠴᠢᠯᠡᠯᠲᠡ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠳᠠ ᠳᠤ ᠪᠠᠶᠢᠴᠠᠭᠠᠨ ᠰᠣᠳᠣᠯᠣᠯᠳᠠ ᠬᠢᠪᠡ
ᠨᠡᠶᠢᠲᠡᠯᠡᠭᠰᠡᠨ ᠴᠠᠭ᠄
2022/8/22
     8 ᠰᠠᠷ᠎ᠠ ᠶᠢᠨ 20 ᠤ ᠡᠳᠦᠷ᠂ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠳᠠ ᠶᠢᠨ ᠳᠡᠳ᠋ ᠳᠠᠷᠤᠭ᠎ᠠ ᠵᠢᠶᠠ ᠴᠢᠩ ᠳ᠋ᠦᠩ ᠬᠠᠶᠢᠷᠤᠪ ᠤᠨ ᠲᠤᠬᠤᠢ ᠲᠣᠭᠤᠷᠢᠭ ᠲᠤ ᠭᠦᠨᠵᠡᠭᠡᠶᠢᠷᠡᠨ ᠦᠬᠠᠢ ᠶᠢᠨ ᠠᠶᠠᠨᠴᠢᠳ ᠤᠨ ᠲᠡᠭᠡᠭᠡᠪᠦᠷᠢ ᠶᠢᠨ ᠬᠦᠢᠰᠦ ᠶᠢᠨ ᠰᠢᠩᠭᠡᠯᠢᠭ ᠡᠮᠨᠡᠯᠭᠡ ᠶᠢᠨ ᠬᠤᠷᠢᠶᠠᠨ ᠤ ᠥᠭᠡᠷᠡᠴᠢᠯᠡᠯᠲᠡ ᠶᠢᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠪᠠᠶᠢᠳᠠᠯ ᠳᠤ ᠪᠠᠶᠢᠴᠠᠭᠠᠨ ᠰᠣᠳᠣᠯᠣᠯᠳᠠ ᠬᠢᠪᠡ᠃      ᠪᠠᠷᠢᠯᠭ᠎ᠠ ᠶᠢᠨ ᠲᠤᠬᠠᠢ ᠶᠢᠨ ᠲᠠᠯᠠᠪᠠᠢ ᠳᠤ᠂ ᠵᠢᠶᠠ ᠴᠢᠩ ᠳ᠋ᠦᠩ ᠡᠯ᠎ᠡ ᠴᠢᠳᠠᠮᠵᠢᠳᠦ ᠣᠷᠣᠨ ᠤ ᠪᠦᠳᠦᠭᠡᠨ ᠪᠠᠶᠢᠭᠤᠯᠤᠯᠲᠠ ᠶᠢᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠭᠰᠡᠨ ᠪᠥᠭᠡᠳ ᠲᠦᠷᠦᠯ ᠵᠦᠢᠯ ᠤᠨ ᠬᠠᠷᠢᠭᠤᠴᠠᠯᠭᠠᠲᠠᠨ ᠲᠠᠢ ᠰᠠᠨᠠᠯ ᠢᠶᠠᠨ ᠭᠦᠨᠵᠡᠭᠡᠢ ᠰᠣᠯᠢᠯᠴᠠᠵᠤ᠂ ᠰᠢᠩᠬᠡᠯᠢᠭ ᠡᠮᠨᠡᠯᠭᠡ ᠶᠢᠨ ᠬᠤᠷᠢᠶᠠᠨ ᠤ ᠥᠭᠡᠷᠡᠴᠢᠯᠡᠯᠲᠡ ᠶᠢᠨ ᠲᠦᠷᠦᠯ ᠵᠦᠢᠯ ᠤᠨ ᠲᠥᠯᠥᠪᠵᠢᠭᠦᠯᠭᠡ ᠶᠢᠨ ᠵᠢᠷᠤᠭ ᠲᠥᠯᠥᠪᠯᠡᠭᠡ᠂ ᠪᠦᠲᠦᠴᠡ ᠶᠢᠨ ᠪᠠᠶᠢᠷᠢᠰᠢᠭᠤᠯᠤᠯᠲᠠ᠂ ᠡᠮ ᠡᠮᠨᠡᠯᠭᠡ ᠶᠢᠨ ᠢᠵᠢ ᠪᠦᠷᠢᠳᠦᠭᠦᠯᠦᠯᠲᠡ᠂ ᠠᠵᠢᠯᠳᠠᠨ ᠤ ᠲᠤᠬᠢᠷᠠᠭᠤᠯᠤᠯᠳᠠ᠂ ᠡᠳ᠋ ᠪᠣᠳᠠᠰ ᠤᠨ ᠬᠠᠩᠭᠠᠯᠭ᠎ᠠ᠂ ᠡᠪᠡᠳᠴᠢᠲᠡᠨ ᠤ ᠣᠷᠣ ᠶᠢᠨ ᠪᠠᠶᠢᠷᠢᠯᠠᠭᠤᠯᠤᠯᠲᠠ᠂ ᠡᠮ ᠡᠮᠨᠡᠯᠭᠡ ᠶᠢᠨ ᠬᠠᠶᠠᠭᠳᠠᠮᠠᠯ ᠪᠣᠳᠠᠰ ᠤᠨ ᠰᠢᠢᠳᠪᠦᠷᠢᠯᠡᠯᠲᠡ ᠵᠡᠷᠭᠡ ᠪᠠᠶᠢᠳᠠᠯ ᠢ ᠨᠢ ᠨᠠᠷᠢᠨ ᠣᠶᠢᠯᠠᠭᠠᠬᠤ ᠶᠢᠨ ᠬᠠᠮᠲᠤ ᠳᠠᠷᠠᠭᠠᠴᠢ ᠶᠢᠨ ᠠᠯᠬᠤᠮ ᠤᠨ ᠠᠵᠢᠯ ᠳᠤᠨᠢ ᠪᠣᠳᠠᠲᠠᠢ ᠱᠠᠭᠠᠷᠳᠠᠯᠭ᠎ᠠ ᠳᠤᠷᠠᠳᠴᠠᠢ᠃      ᠵᠢᠶᠠ ᠴᠢᠩ ᠳ᠋ᠦᠩ ᠵᠢᠭᠠᠵᠤ ᠭᠠᠷᠭᠠᠭᠰᠠᠨ ᠨᠢ᠂ ᠰᠢᠩᠬᠡᠯᠢᠭ ᠡᠮᠨᠡᠯᠭᠡ ᠶᠢᠨ ᠬᠤᠷᠢᠶᠠᠨ ᠤ ᠥᠭᠡᠷᠡᠴᠢᠯᠡᠯᠲᠡ ᠶᠢᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠥᠨᠳᠥᠷ ᠪᠠᠷᠢᠮᠵᠢᠶ᠎ᠠ ᠴᠢᠨᠠᠷ ᠰᠠᠶᠢᠳᠠᠢ ᠥᠨᠳᠥᠷ ᠦᠷ᠎ᠡ ᠪᠦᠲᠦᠮᠵᠢᠲᠡᠶ ᠪᠠᠷ ᠳᠥᠯᠭᠢᠨ ᠠᠬᠢᠭᠤᠯᠵᠤ᠂ ᠡᠬᠢ ᠪᠠᠶᠠᠯᠢᠭ ᠤᠨ ᠬᠦᠴᠦᠨ ᠢᠶᠠᠨ ᠨᠢᠭᠡᠳᠦᠯᠲᠡᠶ ᠲᠥᠯᠥᠪᠯᠡᠨ᠂ ᠴᠠᠭ ᠢ ᠠᠮᠵᠢᠨ᠂ ᠬᠠᠮᠢᠶᠠᠷᠤᠯᠲᠠ ᠪᠠᠨ ᠴᠢᠩᠭᠠᠳᠬᠠᠵᠤ᠂ ᠰᠢᠩᠬᠡᠯᠢᠭ ᠡᠮᠨᠡᠯᠭᠡ ᠶᠢᠨ ᠬᠤᠷᠢᠶ᠎ᠠ ᠶᠢ ᠰᠠᠶᠢᠨ ᠪᠥᠭᠡᠳ ᠲᠦᠷᠭᠡᠨ ᠢᠶᠠᠷ ᠰᠠᠶᠢᠲᠤᠷ ᠥᠭᠡᠷᠡᠴᠢᠯᠡᠵᠦ᠂ ᠪᠣᠳᠠᠲᠠᠶ ᠬᠡᠷᠡᠭᠴᠡᠭᠡ ᠲᠠᠢ ᠪᠣᠯᠪᠠᠯ ᠲᠡᠷᠡ ᠳᠠᠷᠤᠶ ᠳᠤᠨᠢ ᠪᠠᠴᠢᠮ ᠪᠠᠶᠢᠳᠠᠯ ᠢ ᠠᠷᠭᠠᠴᠠᠭᠠᠨ ᠳᠠᠭᠠᠵᠤ ᠳᠡᠶᠢᠯᠬᠦ ᠶᠢ ᠦᠨᠡᠨ ᠬᠦ ᠪᠠᠲᠤᠯᠠᠬᠤ ᠬᠡᠷᠡᠭᠲᠡᠶ᠃ ᠡᠯ᠎ᠡ ᠴᠢᠳᠠᠮᠵᠢᠳᠣ ᠣᠷᠣᠨ ᠢᠶᠠᠨ ᠰᠢᠨᠵᠢᠯᠡᠬᠦ ᠤᠬᠠᠭᠠᠨᠴᠢ ᠪᠠᠷ ᠵᠢᠷᠤᠮᠵᠢᠭᠤᠯᠤᠨ ᠵᠦᠶ ᠵᠣᠬᠢᠰᠲᠠᠶ ᠪᠠᠶᠢᠷᠢᠯᠠᠭᠤᠯᠵᠤ᠂ ᠰᠢᠩᠬᠡᠯᠢᠭ ᠡᠮᠨᠡᠯᠭᠡ ᠶᠢᠨ ᠬᠤᠷᠢᠶᠠᠨ ᠤ ᠡᠯ᠎ᠡ ᠵᠦᠢᠯ ᠤᠨ ᠪᠡᠯᠡᠳᠬᠡᠮᠵᠢ ᠲᠥᠬᠦᠭᠡᠷᠦᠮᠵᠢ ᠪᠠᠨ ᠲᠦᠷᠭᠡᠬᠡᠨ ᠲᠡᠭᠦᠯᠳᠡᠷᠵᠢᠭᠦᠯᠵᠦ᠂ ᠡᠮᠴᠢᠯᠡᠭᠡᠨ ᠤ ᠠᠪᠤᠷᠠᠨ ᠵᠠᠰᠠᠬᠤ ᠪᠠ ᠡᠮᠨᠡᠯᠭᠡ ᠶᠢᠨ ᠬᠤᠷᠢᠶᠠᠨ ᠤ ᠲᠤᠲᠤᠷ᠎ᠠ ᠪᠠᠨ ᠲᠠᠷᠬᠠᠨ ᠲᠡᠯᠭᠡᠷᠡᠬᠦ ᠶᠢ ᠰᠡᠷᠭᠡᠶᠢᠯᠡᠨ ᠡᠵᠡᠮᠳᠡᠬᠦ ᠠᠵᠢᠯᠯᠠᠭᠠᠨ ᠤ ᠲᠦᠷᠢᠮ ᠢ ᠴᠢᠩᠭ᠎ᠠ ᠵᠢᠷᠤᠮᠯᠠᠨ᠂ ᠰᠢᠩᠬᠡᠯᠢᠭ ᠡᠮᠨᠡᠯᠭᠡ ᠶᠢᠨ ᠬᠤᠷᠢᠶᠠᠨ ᠤ ᠠᠮᠤᠷ ᠲᠦᠪᠰᠢᠨ ᠤ ᠵᠢᠷᠤᠮᠵᠢᠯ ᠲᠠᠢ ᠠᠵᠢᠯᠯᠠᠭᠠᠨ ᠤ ᠪᠠᠷᠢᠮᠵᠢᠶ᠎ᠠ ᠳᠤ ᠬᠦᠷᠦᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ᠃ ᠠᠮᠤᠷ ᠲᠦᠪᠰᠢᠨ ᠤ ᠬᠥᠪᠴᠢ ᠪᠠᠨ ᠢᠮᠠᠭᠲᠠ ᠴᠢᠩᠭᠠᠷᠠᠭᠤᠯᠵᠤ᠂ ᠪᠠᠷᠢᠯᠭ᠎ᠠ ᠶᠢᠨ ᠶᠠᠰᠤ ᠴᠢᠨᠠᠷ ᠤᠨ ᠪᠣᠭᠤᠮᠲᠠ ᠶᠢ ᠴᠢᠩᠭ᠎ᠠ ᠠᠳᠬᠤᠵᠤ᠂ ᠲᠦᠷᠦᠯ ᠵᠦᠢᠯ ᠤᠨ ᠥᠭᠡᠷᠡᠴᠢᠯᠡᠯᠲᠡ ᠪᠦᠳᠦᠭᠡᠨ ᠪᠠᠶᠢᠭᠤᠯᠤᠯᠲᠠ ᠶᠢᠨ ᠡᠭᠦᠷᠭᠡ ᠪᠠᠨ ᠴᠢᠨᠠᠷ ᠰᠠᠶᠢᠲᠠᠢ ᠥᠨᠳᠥᠷ ᠪᠦᠲᠦᠮᠵᠢᠲᠡᠢ ᠪᠠᠷ ᠪᠡᠶᠡᠯᠡᠭᠦᠯᠬᠦ ᠬᠡᠷᠡᠭᠲᠡᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号