ᠶᠠᠩ ᠶᠢᠨ ᠠᠮᠢ ᠠᠬᠤᠢ ᠶᠢ ᠰᠡᠷᠭᠦᠭᠡᠨ ᠵᠠᠰᠠᠬᠤ ᠠᠵᠢᠯ ᠢ ᠬᠢᠨᠠᠨ ᠵᠢᠯᠣᠭᠤᠳᠴᠤ ᠪᠠᠶᠢᠴᠠᠭᠠᠪᠡ
ᠨᠡᠶᠢᠲᠡᠯᠡᠭᠰᠡᠨ ᠴᠠᠭ᠄
2022/8/22
     8 ᠰᠠᠷ᠎ᠠ ᠶᠢᠨ 20 ᠤ ᠡᠳᠦᠷ᠂ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠳᠠ ᠶᠢᠨ ᠳᠠᠷᠤᠭ᠎ᠠ ᠶᠠᠩ ᠶᠢᠨ ᠬᠠᠶᠢᠷᠤᠪ ᠤᠨ ᠲᠤᠬᠤᠢ ᠲᠣᠭᠤᠷᠢᠭ᠂ ᠤᠳᠠ ᠲᠣᠭᠤᠷᠢᠭ ᠲᠤ ᠭᠦᠨᠵᠡᠭᠡᠶᠢᠷᠡᠵᠦ᠂ ᠠᠮᠢ ᠠᠬᠤᠢ ᠶᠢ ᠰᠡᠷᠭᠦᠭᠡᠨ ᠵᠠᠰᠠᠬᠤ ᠠᠵᠢᠯ ᠢ ᠲᠤᠬᠠᠢ ᠶᠢᠨ ᠭᠠᠵᠠᠷ ᠲᠤᠨᠢ ᠵᠢᠯᠣᠭᠤᠳᠴᠤ ᠪᠠᠶᠢᠴᠠᠭᠠᠪᠠ᠃ ᠬᠤᠳᠠ ᠶᠢᠨ ᠳᠡᠳ᠋ ᠳᠠᠷᠤᠭ᠎ᠠ ᠭᠦᠸᠧ ᠢ ᠵᠢᠶᠧ ᠬᠢᠨᠠᠨ ᠪᠠᠶᠢᠴᠠᠭᠠᠨ ᠵᠢᠯᠤᠭᠤᠳᠬᠤ ᠳᠤ ᠣᠷᠣᠯᠴᠠᠪᠠ᠃      ᠬᠠᠶᠢᠷᠤᠪ ᠤᠨ ᠲᠤᠬᠤᠢ ᠲᠣᠭᠤᠷᠢᠭ ᠤᠨ ᠠᠮᠢᠳᠤᠷᠠᠯ ᠤᠨ ᠬᠤᠭ ᠨᠣᠪᠰᠢ ᠶᠢᠨ ᠱᠦᠬᠦᠯᠳᠡ ᠶᠢᠨ ᠰᠢᠩᠭᠡᠨ ᠢ ᠰᠢᠢᠳᠪᠦᠷᠢᠯᠡᠬᠦ ᠲᠥᠪ ᠲᠤ᠂ ᠶᠠᠩ ᠶᠢᠨ ᠲᠤᠬᠠᠢ ᠶᠢᠨ ᠭᠠᠵᠠᠷ ᠲᠤᠨᠢ ᠲᠥᠪ ᠡᠵᠡᠮᠳᠡᠯ ᠤᠨ ᠲᠠᠰᠤᠭ᠂ ᠪᠣᠬᠢᠷ ᠤᠰᠤᠨ ᠤ ᠴᠥᠭᠦᠷᠥᠮ ᠵᠡᠷᠭᠡ ᠭᠠᠵᠠᠷ ᠢ ᠪᠠᠶᠢᠴᠠᠭᠠᠨ ᠦᠵᠡᠵᠦ᠂ ᠬᠤᠯᠪᠤᠭᠳᠠᠯ ᠪᠦᠬᠦᠢ ᠬᠠᠷᠢᠭᠤᠴᠠᠯᠭᠠᠲᠠᠨ ᠠᠴᠠ ᠮᠡᠷᠭᠡᠵᠢᠯ ᠣᠷᠠᠨ ᠲᠠᠷᠬᠠᠯᠠᠯ᠂ ᠰᠢᠢᠳᠪᠦᠷᠢᠯᠡᠬᠦ ᠴᠢᠳᠠᠪᠤᠷᠢ᠂ ᠲᠠᠭᠢᠨ ᠬᠡᠷᠡᠭᠯᠡᠬᠦ ᠤᠰᠤᠨ ᠤ ᠠᠰᠢᠭᠯᠠᠯᠲᠠ ᠵᠡᠷᠭᠡ ᠪᠠᠶᠢᠳᠠᠯ ᠢ ᠨᠢ ᠯᠠᠪᠯᠠᠨ ᠠᠰᠠᠭᠤᠪᠠ᠃ ᠲᠡᠷᠡ ᠴᠢᠬᠤᠯᠠᠴᠢᠯᠠᠭᠰᠠᠨ ᠨᠢ᠂ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ︽ᠦᠬᠠᠢ ᠵᠢᠴᠢ ᠡᠷᠬᠢᠨ ᠲᠣᠭᠤᠷᠢᠨ ᠤ ᠭᠠᠵᠠᠷ ᠣᠷᠣᠨ ᠵᠡᠷᠭᠡ ᠭᠤᠣᠯᠳᠠᠯᠭ᠎ᠠ ᠲᠠᠢ ᠣᠷᠣᠨ ᠪᠦᠰᠡ ᠶᠢᠨ ᠠᠮᠢ ᠠᠬᠤᠢ  ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠠᠵᠢᠯ ᠢ ᠬᠦᠴᠦᠯᠡᠨ ᠰᠠᠶᠢᠲᠤᠷ ᠠᠳᠬᠤᠬᠤ ᠬᠡᠷᠡᠭᠲᠡᠢ︾ ᠭᠡᠬᠦ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠠᠮᠢ ᠠᠬᠤᠢ ᠶᠢᠨ ᠣᠷᠴᠢᠨ ᠲᠣᠭᠤᠷᠢᠨ ᠤ ᠵᠠᠰᠠᠯᠲᠠ ᠶᠢᠨ ᠠᠵᠢᠯ ᠢᠶᠠᠨ ᠡᠷᠡᠰ ᠬᠦᠴᠦᠲᠡᠢ ᠰᠠᠶᠢᠲᠤᠷ ᠠᠳᠬᠤᠵᠤ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠪᠣᠯᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠤᠨ ᠲᠦᠪᠰᠢᠨ ᠢᠶᠠᠨ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃ ᠣᠷᠴᠢᠨ ᠲᠤᠭᠤᠷᠢᠨ ᠤ ᠬᠠᠮᠠᠭᠠᠯᠠᠯᠲᠠ ᠶᠢᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠠᠮᠢᠳᠤᠷᠠᠯ ᠤᠨ ᠬᠤᠭ ᠨᠣᠪᠰᠢ ᠶᠢᠨ ᠱᠦᠬᠦᠯᠳᠡ ᠶᠢᠨ ᠰᠢᠩᠭᠡᠨ ᠢ ᠴᠠᠭ ᠲᠤᠬᠠᠶ ᠳᠤᠨᠢ ᠪᠦᠲᠦᠮᠵᠢᠲᠡᠶ ᠰᠢᠢᠳᠪᠦᠷᠢᠯᠡᠵᠦ᠂ ᠣᠷᠴᠢᠨ ᠲᠤᠭᠤᠷᠢᠨ ᠤ ᠪᠣᠬᠢᠷᠲᠤᠯ ᠤᠨ ᠠᠳᠡᠯ ᠭᠠᠷᠬᠤ ᠦᠭᠡᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠵᠡᠢ᠃      ᠳᠠᠷᠠᠭ᠎ᠠ ᠳᠤᠨᠢ᠂ ᠶᠠᠩ ᠶᠢᠨ ᠤᠳᠠ ᠲᠣᠭᠤᠷᠢᠭ ᠤᠨ ᠬᠤᠸᠠ ᠶᠢᠨ ᠨᠡᠭᠦᠷᠡᠰᠦᠨ ᠤ ᠦᠢᠯᠡᠰ ᠤᠨ ᠬᠤᠶᠠᠳᠤᠭᠠᠷ ᠠᠭᠤᠷᠬᠠᠢ ᠶᠢᠨ ᠠᠮᠢ ᠠᠬᠤᠢ ᠶᠢ ᠰᠡᠷᠭᠦᠭᠡᠨ ᠵᠠᠰᠠᠬᠤ᠂ ᠦ᠋ ᠬᠤ᠋ ᠱᠠᠨ ᠠᠭᠤᠷᠬᠠᠢ ᠶᠢᠨ ᠬᠤᠳᠳᠤᠭ ᠤᠨ ᠡᠮᠦᠨ᠎ᠡ ᠬᠡᠰᠡᠭ ᠤᠨ ᠮᠠᠯᠲᠠᠵᠤ ᠬᠥᠨᠳᠡᠶᠢᠷᠡᠭᠦᠯᠦᠭᠰᠡᠨ ᠣᠷᠣᠨ ᠤ ᠭᠠᠮᠰᠢᠭ ᠢ ᠶᠡᠷᠦᠩᠬᠡᠶᠢᠯᠡᠨ ᠵᠠᠰᠠᠬᠤ ᠲᠦᠷᠦᠯ ᠵᠦᠢᠯ ᠤᠨ ᠲᠤᠬᠠᠢ ᠶᠢᠨ ᠲᠠᠯᠠᠪᠠᠢ ᠳᠤ ᠬᠦᠷᠴᠦ᠂ ᠬᠤᠯᠪᠤᠭᠳᠠᠯ ᠪᠦᠬᠦᠢ ᠬᠠᠷᠢᠭᠤᠴᠠᠯᠭᠠᠲᠠᠨ ᠤ ᠲᠠᠨᠢᠯᠴᠠᠭᠤᠯᠭ᠎ᠠ ᠶᠢ ᠰᠣᠨᠣᠰᠴᠤ᠂ ᠰᠢᠷᠣᠢ ᠭᠠᠳᠠᠭᠰᠢᠯᠠᠭᠤᠯᠬᠤ ᠲᠠᠯᠠᠪᠠᠢ ᠶᠢᠨ ᠵᠠᠰᠠᠯᠲᠠ᠂ ᠠᠭᠤᠷᠬᠠᠢ ᠶᠢᠨ ᠣᠷᠣᠨ ᠤ ᠠᠮᠢ ᠠᠬᠤᠢ ᠶᠢ ᠰᠡᠷᠭᠦᠭᠡᠨ ᠵᠠᠰᠠᠬᠤ᠂ ︽ᠬᠤᠶᠠᠷ ᠬᠠᠷᠢᠭᠤᠴᠠᠯᠭ᠎ᠠ ᠬᠤᠶᠠᠷ ᠳᠠᠷᠤᠭ᠎ᠠ ᠶᠢᠨ ᠳᠦᠷᠢᠮ︾ ᠢ ᠨᠠᠶᠢᠳᠠᠪᠤᠷᠢᠵᠢᠭᠤᠯᠤᠭᠰᠠᠨ ᠵᠡᠷᠭᠡ ᠪᠠᠶᠢᠳᠠᠯ ᠢ ᠨᠢ ᠨᠠᠷᠢᠨ ᠣᠶᠢᠯᠠᠭᠠᠪᠠ᠃ ᠲᠡᠷᠡ ᠵᠢᠭᠠᠵᠤ ᠭᠠᠷᠭᠠᠭᠰᠠᠨ   ᠨᠢ᠂ ᠲᠤᠰᠬᠠᠢ ᠪᠠᠭ ᠤᠨ ᠦᠢᠯᠡᠳᠦᠯ ᠢᠶᠠᠨ ᠪᠠᠳᠠᠷᠠᠭᠤᠯᠵᠤ᠂ ᠬᠠᠷᠢᠭᠤᠴᠠᠯᠭ᠎ᠠ ᠪᠠᠨ ᠴᠢᠩᠭ᠎ᠠ ᠪᠣᠳᠠᠲᠠᠶᠢᠵᠢᠭᠤᠯᠵᠤ᠂ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠢᠭ ᠢ ᠴᠢᠩᠭ᠎ᠠ ᠠᠳᠬᠤᠵᠤ᠂ ᠲᠦᠷᠦᠯ ᠵᠦᠢᠯ ᠤᠨ ᠠᠬᠢᠴᠠ ᠪᠠᠨ ᠠᠮᠵᠢᠨ ᠠᠳᠬᠤᠵᠤ᠂ ᠠᠭᠤᠷᠬᠠᠢ ᠶᠢᠨ ᠣᠷᠣᠨ ᠤ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠠᠵᠢᠯ ᠢᠶᠠᠨ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃ ᠰᠡᠳᠬᠢᠴᠡ ᠪᠠᠨ ᠢᠳᠡᠪᠬᠢᠲᠡᠶ ᠬᠤᠪᠢᠷᠠᠭᠤᠯᠵᠤ᠂ ᠰᠤᠯᠠ ᠪᠠᠶᠢᠬᠤ ᠭᠠᠵᠠᠷ ᠰᠢᠷᠣᠶ ᠶᠢᠨ ᠡᠬᠢ ᠪᠠᠶᠠᠯᠢᠭ ᠢ ᠵᠦᠶ ᠵᠣᠬᠢᠰᠲᠠᠶ ᠠᠰᠢᠭᠯᠠᠨ᠂ ︽ᠬᠡᠷᠡᠯ ᠸᠣᠯᠲ + ᠠᠭᠤᠷᠬᠠᠶ ᠶᠢᠨ ᠣᠷᠣᠨ ᠤ ᠠᠮᠢ ᠠᠬᠤᠶ ᠶᠢ ᠰᠡᠷᠭᠦᠭᠡᠬᠦ︾ ᠵᠠᠭᠪᠤᠷ ᠢ ᠰᠦᠪᠡᠭᠴᠢᠯᠡᠨ ᠳᠡᠯᠭᠡᠷᠡᠭᠦᠯᠵᠦ᠂ ᠠᠮᠢ ᠠᠬᠤᠶ ᠶᠢᠨ ᠦᠷ᠎ᠡ ᠠᠰᠢᠭ᠂ ᠠᠵᠤ ᠠᠬᠤᠶ ᠶᠢᠨ ᠦᠷ᠎ᠡ ᠠᠰᠢᠭ᠂ ᠨᠡᠶᠢᠭᠡᠮ ᠤᠨ ᠦᠷ᠎ᠡ ᠠᠰᠢᠭ ᠢ ᠵᠡᠷᠭᠡ ᠪᠠᠷ ᠴᠢᠬᠤᠯᠠᠴᠢᠯᠠᠭᠰᠠᠨ ᠪᠣᠬᠢᠷᠲᠤᠯ ᠥᠬᠡᠶ ᠬᠥᠭᠵᠢᠯᠲᠡ ᠶᠢᠨ ᠵᠠᠮ ᠢᠶᠠᠷ ᠵᠠᠮᠨᠠᠬᠤ ᠬᠡᠷᠡᠭᠲᠡᠶ ᠭᠡᠵᠡᠢ᠃      ᠶᠠᠩ ᠶᠢᠨ ᠪᠠᠰᠠ ︽ᠳᠦᠷᠪᠡᠨ ᠦᠭᠡᠢ ᠬᠤᠶᠠᠷ ᠰᠢᠭᠤᠳ︾ ᠬᠡᠯᠪᠡᠷᠢ ᠪᠠᠷ ᠦᠬᠠᠢ ᠶᠢᠨ ᠯᠠᠨ ᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠴᠠᠬᠢᠯᠭᠠᠨ ᠭᠠᠷᠭᠠᠬᠤ ᠬᠢᠵᠠᠭᠠᠷᠲᠤ ᠺᠣᠮᠫᠠᠨᠢ ᠶᠢᠨ ᠠᠮᠢᠳᠤᠷᠠᠯ ᠤᠨ ᠬᠤᠭ ᠨᠣᠪᠰᠢ ᠶᠢ ᠡᠬᠢ ᠪᠠᠶᠠᠯᠢᠭᠵᠢᠭᠤᠯᠬᠤ᠂ ᠬᠤᠣᠷ ᠦᠭᠡᠶᠢᠵᠢᠬᠦᠯᠦᠨ ᠰᠢᠢᠳᠪᠦᠷᠢᠯᠡᠬᠦ ᠠᠵᠢᠯ ᠢ ᠨᠢ ᠬᠢᠨᠠᠨ ᠵᠢᠯᠣᠭᠤᠳᠴᠤ ᠪᠠᠶᠢᠴᠠᠭᠠᠪᠡ᠃ ᠲᠡᠷᠡ ᠴᠢᠬᠤᠯᠠᠴᠢᠯᠠᠭᠰᠠᠨ ᠨᠢ᠂ ᠬᠤᠭ ᠨᠣᠪᠰᠢ ᠶᠢ ᠬᠤᠷᠢᠶᠠᠨ ᠠᠪᠴᠤ ᠠᠰᠢᠭᠯᠠᠬᠤ ᠰᠢᠰᠲ᠋ᠧᠮ ᠢᠶᠠᠨ ᠪᠦᠷᠢᠨᠰᠢᠬᠦᠯᠦᠨ ᠲᠡᠭᠦᠯᠳᠡᠷᠵᠢᠭᠦᠯᠵᠦ᠂ ᠬᠤᠭ ᠨᠣᠪᠰᠢ ᠶᠢ ᠲᠦᠷᠦᠯ ᠬᠤᠪᠢᠶᠠᠬᠤ ᠶᠢ ᠳᠡᠯᠭᠡᠷᠡᠭᠦᠯᠵᠦ᠂ ᠬᠤᠭ ᠨᠣᠪᠰᠢ ᠶᠢ ᠡᠬᠢ ᠪᠠᠶᠠᠯᠢᠭᠵᠢᠭᠤᠯᠤᠨ ᠠᠰᠢᠭᠯᠠᠬᠤ ᠶᠢ ᠠᠬᠢᠭᠤᠯᠬᠤ ᠬᠡᠷᠡᠭᠲᠡᠢ ᠭᠡᠵᠡᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号