ᠬᠤᠲᠠ ᠶᠢᠨ ᠵᠠᠰᠠᠭ ᠤᠨ ᠣᠷᠳᠣᠨ ᠳᠤᠮᠳᠠᠳᠤ ᠤᠯᠤᠰ ᠤᠨ ᠲᠡᠮᠦᠷ ᠵᠠᠮ ᠤᠨ ᠪᠥᠲᠥᠭᠡᠨ ᠪᠠᠶᠢᠭᠤᠯᠤᠯᠲᠠ ᠶᠢᠨ ᠪᠠᠯᠠ ᠣᠷᠣᠭᠤᠯᠤᠯᠲᠠ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠯᠤᠭ᠎ᠠ ᠶᠢᠨ ᠭᠡᠷ᠎ᠡ ᠲᠣᠭᠲᠠᠬᠤ ᠶᠣᠰᠣᠯᠠᠯ ᠶᠠᠪᠤᠭᠳᠠᠪᠠ
ᠨᠡᠶᠢᠲᠡᠯᠡᠭᠰᠡᠨ ᠴᠠᠭ᠄
2022/8/23
     8 ᠰᠠᠷ᠎ᠠ ᠶᠢᠨ 21 ᠤ ᠡᠳᠦᠷ ᠤᠨ ᠦᠳᠡ ᠶᠢᠨ ᠬᠤᠶᠢᠨ᠎ᠠ᠂ ᠬᠤᠳᠠ ᠶᠢᠨ ᠵᠠᠰᠠᠭ ᠤᠨ ᠣᠷᠳᠣᠨ ᠪᠤᠯᠤᠨ ᠳᠤᠮᠳᠠᠳᠤ ᠤᠯᠤᠰ ᠤᠨ ᠲᠡᠮᠤᠷ ᠵᠠᠮ ᠤᠨ ᠪᠦᠳᠦᠭᠡᠨ ᠪᠠᠶᠢᠭᠤᠯᠤᠯᠲᠠ ᠶᠢᠨ ᠪᠡᠯᠡ ᠣᠷᠣᠭᠤᠯᠤᠯᠲᠠ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠬᠠᠮᠲᠤᠷᠠᠭᠰᠠᠨ ᠴᠣᠭᠴᠠ ᠶᠢᠨ S37 ᠵᠠᠮ ᠤᠨ ᠦᠬᠠᠢ ᠠᠴᠠ ᠨᠢᠩᠰᠢᠶᠠ ᠶᠢᠨ ᠵᠡᠬᠦᠨ ︵ᠦᠪᠦᠷ ᠮᠤᠩᠭᠤᠯ ᠨᠢᠩᠰᠢᠶᠠ ᠶᠢᠨ ᠵᠠᠭᠠᠭ︶ ᠬᠦᠷᠬᠦ ᠲᠡᠭᠡᠲᠤ ᠬᠤᠷᠲᠤᠴᠠᠲᠤ ᠵᠠᠰᠠᠮᠠᠯ ᠵᠠᠮ ᠤᠨ ᠪᠠᠷᠢᠯᠭ᠎ᠠ ᠶᠢᠨ ᠦᠬᠠᠢ ᠠᠴᠠ ᠱᠠᠩᠬᠤ ᠰᠦᠮ᠎ᠡ ᠬᠦᠷᠬᠦ ᠬᠡᠰᠡᠭ ᠤᠨ BOT ᠲᠦᠷᠦᠯ ᠵᠦᠢᠯ ᠤᠨ ᠲᠤᠬᠠᠢ ᠪᠡᠯᠡ ᠣᠷᠣᠭᠤᠯᠤᠯᠲᠠ ᠶᠢᠨ ᠵᠥᠪᠯᠡᠯᠴᠡᠭᠡᠷ ᠳᠤᠬᠢᠷᠠᠯᠴᠠᠬᠤ ᠶᠣᠰᠣᠯᠠᠯ ᠶᠠᠪᠤᠭᠳᠠᠪᠠ᠃      ᠭᠠᠷ ᠤᠨ ᠦᠰᠦᠭ ᠵᠢᠷᠤᠬᠤ ᠶᠣᠰᠣᠯᠠᠯ ᠠᠴᠠ ᠡᠮᠦᠨ᠎ᠡ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠶᠠᠩ ᠶᠢᠨ ᠳᠤᠮᠳᠠᠳᠤ ᠤᠯᠤᠰ ᠤᠨ ᠲᠡᠮᠦᠷ ᠵᠠᠮ ᠤᠨ ᠪᠦᠲᠦᠭᠡᠨ ᠪᠠᠶᠢᠭᠤᠯᠤᠯᠲᠠ ᠶᠢᠨ ᠪᠡᠯᠡ ᠣᠷᠣᠭᠤᠯᠤᠯᠲᠠ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠶᠡᠷᠦᠩᠬᠡᠶ ᠳᠠᠭᠠᠭᠠᠮᠠᠯ ᠯᠢ ᠸᠧᠶ ᠬᠤᠸᠠ ᠨᠠᠷ ᠲᠠᠢ ᠬᠡᠯᠡᠯᠴᠡᠭᠡ ᠬᠢᠪᠡ᠃ ᠳᠤᠮᠳᠠᠳᠤ ᠤᠯᠤᠰ ᠤᠨ ᠲᠡᠮᠦᠷ ᠵᠠᠮ ᠤᠨ ᠠᠷᠪᠠᠨ ᠳᠣᠯᠣᠳᠤᠭᠠᠷ ᠲᠣᠪᠴᠢᠶ᠎ᠠ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠶᠡᠷᠦᠩᠬᠡᠶ ᠳᠠᠭᠠᠭᠠᠮᠠᠯ ᠼᠦᠢ ᠶᠤᠸᠠᠢ ᠬᠤᠸᠠ᠂ ᠳᠤᠮᠳᠠᠳᠤ ᠤᠯᠤᠰ ᠤᠨ ᠲᠡᠮᠦᠷ ᠵᠠᠮ ᠤᠨ ᠬᠤᠷᠢᠨ ᠳᠥᠷᠪᠡᠳᠦᠭᠡᠷ ᠲᠣᠪᠴᠢᠶ᠎ᠠ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠶᠡᠷᠦᠩᠬᠡᠶ ᠳᠠᠭᠠᠭᠠᠮᠠᠯ ᠵᠧᠤ ᠭᠤᠸᠠᠩ ᠮᠢᠨ᠂ ᠬᠤᠲᠠ ᠶᠢᠨ ᠳᠡᠳ᠋ ᠳᠠᠷᠤᠭ᠎ᠠ ᠴᠢᠶᠣᠤ ᠢᠦᠶ ᠨᠡᠷ ᠬᠡᠯᠡᠯᠴᠡᠭᠡ ᠳᠤ ᠣᠷᠣᠯᠴᠠᠪᠡ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠪᠠᠶᠢᠩᠭᠤ ᠶᠢᠨ ᠳᠡᠳ᠋ ᠳᠠᠷᠤᠭ᠎ᠠ ᠵᠢᠶᠠ ᠴᠢᠩ ᠳ᠋ᠦᠩ ᠬᠤᠷᠠᠯ ᠡᠷᠭᠢᠯᠡᠪᠡ᠃      ᠶᠠᠩ ᠶᠢᠨ ᠯᠢ ᠸᠧᠶ ᠬᠤᠸᠠ ᠨᠠᠷ ᠤᠨ ᠬᠦᠷᠦᠯᠴᠡᠨ ᠢᠷᠡᠭᠰᠡᠨ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠪᠡ᠃ ᠲᠡᠷᠡ ᠬᠡᠯᠡᠭᠰᠡᠨ ᠨᠢ᠂ ᠦᠬᠠᠢ ᠪᠣᠯ ᠤᠯᠤᠰ ᠤᠨ ︽ᠨᠢᠭᠡ ᠪᠦᠰᠡ ᠨᠢᠭᠡ ᠵᠠᠮ︾ ᠤᠨ ᠪᠦᠳᠦᠬᠡᠨ ᠪᠠᠶᠢᠭᠤᠯᠤᠯᠲᠠ ᠶᠢᠨ ᠴᠢᠬᠤᠯᠠ ᠵᠠᠩᠭᠢᠯᠠᠭ᠎ᠠ ᠶᠢᠨ ᠬᠤᠳᠠ ᠪᠣᠯᠤᠨ᠎ᠠ᠂ ᠪᠡᠭᠡᠵᠢᠩ ᠠᠴᠠ ᠲᠥᠪᠡᠳ ᠬᠦᠷᠬᠦ᠂ ᠿᠦᠩᠴᠧᠩ ᠠᠴᠠ ᠦᠬᠠᠢ ᠬᠦᠷᠬᠦ᠂ ᠴᠢᠩᠲᠤᠤ ᠠᠴᠠ ᠢᠷᠭᠠᠢ ᠬᠦᠷᠬᠦ ᠲᠡᠭᠡᠲᠤ ᠬᠤᠷᠲᠤᠴᠠᠲᠤ ᠵᠠᠰᠠᠮᠠᠯ ᠵᠠᠮ ᠪᠣᠯᠤᠨ 109᠂ 110 ᠤᠯᠤᠰ ᠤᠨ ᠵᠠᠰᠠᠮᠠᠯ ᠵᠠᠮ ᠪᠦᠬᠦ ᠬᠢᠯᠢ ᠪᠠᠷ ᠦᠩᠭᠡᠷᠡᠵᠦ᠂ ᠪᠤᠭᠤᠲᠤ ᠠᠴᠠ ᠢᠷᠭᠠᠢ ᠬᠦᠷᠬᠦ ᠲᠡᠭᠡᠲᠤ ᠬᠤᠷᠲᠤᠴᠠᠲᠤ ᠲᠡᠮᠦᠷ ᠵᠠᠮ ᠤᠨ ᠪᠦᠳᠦᠬᠡᠨ ᠪᠠᠶᠢᠭᠤᠯᠤᠯᠲᠠ ᠶᠢ ᠡᠬᠢᠯᠡᠭᠦᠯᠵᠦ᠂ ᠦᠬᠠᠢ ᠶᠢᠨ ᠨᠢᠰᠬᠡᠯ ᠤᠨ ᠪᠠᠭᠤᠳᠠᠯ ᠦᠬᠠᠨ᠂ ᠴᠧᠩᠳᠦ᠋ ᠵᠡᠷᠭᠡ ᠤᠯᠠᠨ ᠨᠢᠭᠡᠳᠦᠭᠡᠷ ᠳᠡᠰ ᠤᠨ ᠬᠤᠳᠠ ᠳᠤ ᠰᠢᠭᠤᠳ ᠨᠡᠪᠲᠡᠷᠡᠵᠦ᠂ ᠨᠡᠩ ᠥᠷᠭᠡᠨ᠂ ᠨᠡᠩ ᠲᠦᠷᠭᠡᠨ ᠨᠡᠪᠲᠡᠷᠡᠭᠰᠡᠨ ᠤᠳᠤ ᠦᠶ᠎ᠡ ᠶᠢᠨ ᠶᠡᠷᠦᠩᠬᠡᠶᠢᠯᠡᠭᠰᠡᠨ ᠪᠣᠰᠤᠭ᠎ᠠ ᠴᠣᠭᠴᠠᠲᠤ ᠵᠠᠮ ᠲᠡᠭᠡᠭᠡᠪᠦᠷᠢ ᠶᠢᠨ ᠰᠢᠰᠲ᠋ᠧᠮ ᠢ ᠲᠦᠷᠭᠡᠨ ᠪᠠᠶᠢᠭᠤᠯᠪᠠ᠃ ᠣᠳᠣᠬᠠᠨ ᠳᠤ᠂ ᠦᠬᠠᠶ ᠬᠤᠲᠠ ᠲᠡᠭᠡᠲᠤ ᠬᠤᠷᠲᠤᠴᠠᠲᠤ ᠲᠡᠮᠦᠷ ᠵᠠᠮ ᠤᠨ ᠲᠣᠤᠷ ᠢ ᠲᠦᠷᠭᠡᠪᠴᠢᠯᠡᠨ ᠪᠠᠶᠢᠭᠤᠯᠵᠤ᠂ ᠵᠠᠰᠠᠮᠠᠯ ᠵᠠᠮ ᠤᠨ ᠲᠣᠤᠷ᠂ ᠪᠥᠬᠦ ᠲᠠᠯ᠎ᠠ ᠶᠢᠨ ᠠᠭᠠᠷ ᠤᠨ ᠠᠶᠠᠯᠠᠯ ᠤᠨ ᠲᠣᠤᠷ ᠢ ᠥᠷᠭᠡᠨ ᠢᠶᠠᠷ ᠬᠠᠮᠤᠷᠴᠤ᠂ ᠣᠷᠣᠨ ᠪᠦᠰᠡ ᠶᠢᠨ ᠵᠠᠮ ᠬᠠᠷᠢᠯᠴᠠᠭᠠᠨ ᠤ ᠵᠠᠩᠭᠢᠯᠠᠭ᠎ᠠ ᠶᠢᠨ ᠴᠢᠭ ᠤᠨ ᠬᠤᠲᠠ ᠶᠢᠨ ᠪᠥᠲᠥᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠳᠥᠯᠭᠢᠨ ᠠᠬᠢᠭᠤᠯᠵᠤ᠂ ︽ᠳᠥᠷᠪᠡᠨ ᠬᠥᠨᠳᠡᠯᠡᠨ ᠳᠥᠷᠪᠡᠨ ᠭᠤᠯᠳᠤ ᠲᠠᠪᠤᠨ ᠬᠥᠭᠦᠷᠭᠡ ᠭᠤᠷᠪᠠᠨ ᠵᠠᠮ︾ ᠤᠨ ᠵᠠᠮ ᠬᠠᠷᠢᠯᠴᠠᠭᠠᠨ ᠤ ᠲᠣᠤᠷ ᠢ ᠪᠠᠶᠢᠭᠤᠯᠵᠤ ᠪᠠᠶᠢᠨ᠎ᠠ᠃ ᠳᠤᠮᠳᠠᠳᠤ ᠤᠯᠤᠰ ᠤᠨ ᠲᠡᠮᠦᠷ ᠵᠠᠮ ᠤᠨ ᠪᠥᠲᠥᠭᠡᠨ ᠪᠠᠶᠢᠭᠤᠯᠤᠯᠲᠠ ᠶᠢᠨ ᠪᠠᠯᠠ ᠣᠷᠣᠭᠤᠯᠤᠯᠲᠠ ᠶᠢᠨ ᠪᠦᠯᠦᠭᠯᠡᠯ ᠲᠥᠪ ᠤᠨ ᠠᠵᠤ ᠠᠬᠤᠶᠢᠯᠠᠯ ᠤᠨ ᠳᠠᠪᠠᠭᠤᠯᠢᠭ ᠢᠶᠠᠨ ᠪᠠᠳᠠᠷᠠᠭᠤᠯᠵᠤ᠂ S37 ᠲᠡᠭᠡᠲᠤ ᠬᠤᠷᠲᠤᠴᠠᠲᠤ ᠵᠠᠰᠠᠮᠠᠯ ᠵᠠᠮ ᠤᠨ ᠲᠥᠷᠥᠯ ᠵᠦᠢᠯ ᠤᠨ ᠪᠠᠷᠢᠯᠭ᠎ᠠ ᠡᠬᠢᠯᠡᠭᠦᠯᠦᠨ ᠪᠥᠲᠥᠭᠡᠨ ᠪᠠᠶᠢᠭᠤᠯᠬᠤ ᠶᠢ ᠲᠦᠷᠭᠡᠳᠬᠡᠨ ᠠᠬᠢᠭᠤᠯᠵᠤ ᠂ ᠲᠥᠷᠥᠯ ᠵᠦᠢᠯ ᠢᠶᠠᠨ ᠰᠣᠳᠣᠨ ᠪᠠᠷᠢᠯᠭ᠎ᠠ᠂ ᠳᠠᠭᠤᠷᠢᠶᠠᠯ ᠪᠠᠷᠢᠯᠭ᠎ᠠ ᠪᠣᠯᠭᠠᠨ ᠪᠥᠲᠥᠭᠡᠨ ᠪᠠᠶᠢᠭᠤᠯᠬᠤ ᠪᠠᠷ ᠴᠢᠷᠮᠠᠶᠢᠬᠤ ᠶᠢᠨ ᠬᠠᠮᠲᠤ ᠮᠠᠨ ᠤ ᠬᠤᠲᠠ ᠲᠠᠢ ᠪᠣᠳᠠᠲᠠᠶ ᠶᠢ ᠡᠷᠬᠢᠮᠯᠡᠭᠰᠡᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠬᠠᠮᠲᠤ ᠪᠠᠷ ᠠᠰᠢᠭ ᠭᠥᠷᠳᠡᠬᠦ ᠬᠥᠭᠵᠢᠯᠲᠡ ᠶᠢ ᠪᠡᠶᠡᠯᠡᠭᠦᠯᠬᠦ ᠶᠢ ᠬᠦᠰᠡᠵᠦ ᠪᠠᠶᠢᠨ᠎ᠠ᠃ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠵᠢᠯ ᠤᠨ ᠲᠤᠰᠬᠠᠶ ᠪᠠᠭ ᠪᠠᠶᠢᠭᠤᠯᠵᠤ᠂ ᠠᠵᠤ ᠠᠬᠤᠶᠢᠯᠠᠯ ᠳᠤ ᠪᠥᠬᠦ ᠲᠠᠯ᠎ᠠ ᠶᠢᠨ ᠴᠢᠨᠠᠷ ᠰᠠᠶᠢᠲᠠᠶ ᠦᠢᠯᠡᠴᠢᠯᠡᠭᠡ ᠬᠠᠩᠭᠠᠵᠤ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠠᠬᠢᠴᠠ ᠪᠠᠨ ᠲᠦᠷᠭᠡᠳᠬᠡᠬᠦ ᠳᠤ ᠪᠥᠬᠦ ᠬᠦᠴᠦᠨ ᠢᠶᠠᠷ ᠢᠶᠠᠨ ᠲᠡᠮᠵᠢᠨ᠎ᠡ ᠭᠡᠵᠡᠢ᠃      ᠯᠢ ᠸᠧᠶ ᠬᠤᠸᠠ ᠢᠯᠡᠷᠭᠡᠶᠢᠯᠡᠭᠰᠡᠨ ᠨᠢ᠂ ᠳᠤᠮᠳᠠᠳᠤ ᠤᠯᠤᠰ ᠤᠨ ᠲᠡᠮᠦᠷ ᠵᠠᠮ ᠤᠨ ᠪᠥᠲᠥᠭᠡᠨ ᠪᠠᠶᠢᠭᠤᠯᠤᠯᠲᠠ ᠶᠢᠨ ᠪᠠᠯᠠ ᠣᠷᠣᠭᠤᠯᠤᠯᠲᠠ ᠶᠢᠨ ᠪᠦᠯᠦᠭᠯᠡᠯ ᠪᠠᠯᠠ ᠣᠷᠣᠭᠤᠯᠤᠯᠲᠠ ᠪᠠᠯᠠ ᠲᠣᠬᠢᠷᠠᠭᠤᠯᠭ᠎ᠠ᠂ ᠵᠢᠷᠤᠭ ᠲᠥᠯᠥᠪᠯᠡᠭᠡ᠂ ᠪᠠᠷᠢᠯᠭ᠎ᠠ ᠶᠢᠨ ᠠᠵᠢᠯ ᠪᠠ ᠬᠠᠮᠢᠶᠠᠷᠤᠯᠲᠠ ᠵᠡᠷᠭᠡ ᠲᠠᠯ᠎ᠠ ᠶᠢᠨ ᠶᠡᠷᠦᠩᠬᠡᠶᠢᠯᠡᠭᠰᠡᠨ ᠳᠠᠪᠠᠭᠤᠯᠢᠭ ᠢᠶᠠᠨ ᠬᠦᠢᠴᠡᠳ ᠪᠠᠳᠠᠷᠠᠭᠤᠯᠵᠤ᠂ ᠳᠡᠭᠡᠳᠦ ᠬᠤᠷᠲᠤᠴᠠᠲᠤ ᠵᠠᠰᠠᠮᠠᠯ ᠵᠠᠮ ᠤᠨ ᠲᠥᠷᠥᠯ ᠵᠦᠢᠯ ᠢ ᠡᠷᠲᠡᠬᠡᠨ ᠪᠠᠶᠢᠭᠤᠯᠤᠨ ᠳᠠᠭᠤᠰᠬᠠᠵᠤ᠂ ᠠᠯᠢ ᠲᠦᠷᠭᠡᠨ ᠢᠶᠠᠷ ᠠᠰᠢᠭᠯᠠᠯᠲᠠ ᠳᠤ ᠣᠷᠣᠭᠤᠯᠬᠤ ᠶᠢ ᠦᠨᠡᠨ ᠬᠦ ᠪᠠᠲᠤᠯᠠᠵᠤ᠂ ᠬᠠᠮᠲᠤᠷᠠᠯᠴᠠᠭᠠᠨ ᠤ ᠠᠵᠠ ᠲᠣᠬᠢᠶᠠᠯ ᠢ ᠡᠷᠢᠯᠬᠢᠯᠡᠨ᠂ ᠨᠠᠩ ᠣᠯᠠᠨ ᠲᠥᠷᠥᠯ ᠵᠦᠢᠯ ᠢ ᠨᠠᠶᠢᠳᠠᠪᠤᠷᠢᠵᠢᠭᠤᠯᠬᠤ ᠶᠢ ᠳᠥᠯᠭᠢᠨ ᠠᠬᠢᠭᠤᠯᠵᠤ᠂ ᠦᠬᠠᠶ ᠬᠤᠲᠠ ᠶᠢᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠲᠡᠮᠦᠷ ᠵᠠᠮ ᠤᠨ ᠪᠥᠲᠥᠭᠡᠨ ᠪᠠᠶᠢᠭᠤᠯᠤᠯᠲᠠ ᠶᠢᠨ ᠬᠦᠴᠦᠨ ᠴᠢᠳᠠᠯ ᠢᠶᠠᠨ ᠨᠡᠮᠡᠷᠢᠯᠡᠨ᠎ᠡ ᠭᠡᠵᠡᠶ᠃      ᠭᠠᠷ ᠤᠨ ᠦᠰᠦᠭ ᠵᠢᠷᠤᠬᠤ ᠶᠣᠰᠣᠯᠠᠯ ᠳᠡᠭᠡᠷ᠎ᠡ ᠴᠢᠶᠣᠤ ᠢᠦᠢ ᠬᠤᠲᠠ ᠶᠢᠨ ᠵᠠᠰᠠᠭ ᠤᠨ ᠣᠷᠳᠣᠨ ᠤ ᠡᠮᠦᠨ᠎ᠡ ᠠᠴᠠ ᠳᠤᠮᠳᠠᠳᠤ ᠤᠯᠤᠰ ᠤᠨ ᠲᠡᠮᠦᠷ ᠵᠠᠮ ᠤᠨ ᠪᠦᠲᠦᠭᠡᠨ ᠪᠠᠶᠢᠭᠤᠯᠤᠯᠲᠠ ᠶᠢᠨ ᠪᠡᠯᠡ ᠣᠷᠣᠭᠤᠯᠤᠯᠲᠠ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠲᠠᠢ ᠪᠡᠯᠡ ᠣᠷᠣᠭᠤᠯᠤᠯᠲᠠ ᠶᠢᠨ ᠬᠡᠯᠡᠯᠴᠡᠭᠡᠷ ᠲᠣᠭᠲᠠᠪᠠ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号