ᠲᠠᠩ ᠢ ᠦᠶᠡᠷ ᠢ ᠰᠡᠷᠭᠡᠶᠢᠯᠡᠵᠦ ᠭᠠᠮᠰᠢᠭ ᠢ ᠰᠡᠷᠭᠡᠶᠢᠯᠡᠬᠦ ᠠᠵᠢᠯ ᠳᠤ ᠪᠠᠶᠢᠴᠠᠭᠠᠨ ᠰᠣᠳᠣᠯᠣᠯᠳᠠ ᠬᠢᠪᠡ
ᠨᠡᠶᠢᠲᠡᠯᠡᠭᠰᠡᠨ ᠴᠠᠭ᠄
2022/8/23
     8 ᠰᠠᠷ᠎ᠠ ᠶᠢᠨ 22 ᠤᠨ ᠡᠳᠦᠷ ᠤᠨ ᠦᠳᠡ ᠶᠢᠨ ᠬᠤᠶᠢᠨ᠎ᠠ᠂ ᠬᠤᠳᠠ ᠶᠢᠨ ᠨᠠᠮ ᠤᠨ ᠬᠤᠷᠢᠶᠠᠨ ᠤ ᠱᠦᠵᠢ ᠲᠠᠩ ᠢ ᠬᠠᠶᠢᠷᠤᠪ ᠤᠨ ᠲᠤᠬᠤᠢ ᠲᠣᠭᠤᠷᠢᠭ ᠲᠤ ᠦᠶᠡᠷ ᠢ ᠰᠡᠷᠭᠡᠶᠢᠯᠡᠵᠦ ᠭᠠᠮᠰᠢᠭ ᠢ ᠰᠡᠷᠭᠡᠶᠢᠯᠡᠬᠦ ᠠᠵᠢᠯ ᠳᠤ ᠪᠠᠶᠢᠴᠠᠭᠠᠨ ᠰᠣᠳᠣᠯᠣᠯᠳᠠ ᠬᠢᠪᠡ᠃ ᠬᠤᠲᠠ ᠶᠢᠨ ᠤᠳᠤᠷᠢᠳᠤᠯᠭ᠎ᠠ ᠰᠦᠨ ᠬᠤᠤ᠂ ᠯᠢ ᠴᠦᠨ ᠰᠢᠶᠤᠤ ᠬᠠᠮᠲᠤ ᠪᠠᠷ ᠪᠠᠶᠢᠴᠠᠭᠠᠨ ᠰᠤᠳᠤᠯᠤᠯᠲᠠ ᠬᠢᠪᠠ᠃      ᠲᠠᠩ ᠢ ᠨᠡᠷ ᠡᠩ ᠲᠡᠷᠢᠭᠦᠨ ᠳᠤ ᠬᠤᠲᠠ ᠶᠢᠨ ᠴᠠᠭ ᠠᠭᠤᠷ ᠤᠨ ᠲᠣᠪᠴᠢᠶ᠎ᠠ ᠳᠤ ᠬᠦᠷᠴᠦ᠂ ᠢᠷᠡᠭᠡᠳᠦᠶ ᠶᠢᠨ ᠪᠣᠷᠣᠭᠠᠨ ᠤ ᠪᠠᠶᠢᠳᠠᠯ ᠤᠨ ᠬᠠᠨᠳᠤᠰᠢ᠂ ᠴᠠᠭ ᠠᠭᠤᠷ ᠤᠨ ᠤᠷᠢᠳᠴᠢᠯᠠᠨ ᠮᠡᠳᠡᠭᠡᠯᠡᠬᠦ ᠤᠷᠢᠳᠴᠢᠯᠠᠨ ᠰᠡᠷᠡᠮᠵᠢᠯᠡᠭᠦᠯᠬᠦ ᠦᠢᠯᠡᠴᠢᠯᠡᠭᠡᠨ ᠤ ᠠᠵᠢᠯ ᠵᠡᠷᠭᠡ ᠪᠠᠶᠢᠳᠠᠯ ᠢ ᠨᠢ ᠨᠠᠷᠢᠨ ᠣᠶᠢᠯᠠᠭᠠᠪᠠ᠃ ᠲᠡᠷᠡ ᠬᠡᠯᠡᠭᠰᠡᠨ ᠨᠢ᠂ ᠣᠳᠣᠬᠠᠨ ᠳᠤ ᠶᠠᠭ ᠦᠶᠡᠷᠯᠡᠬᠦ ᠬᠤᠭᠤᠴᠠᠭ᠎ᠠ ᠪᠣᠯᠵᠣ ᠪᠠᠶᠢᠨ᠎ᠠ᠂ ᠴᠠᠭ ᠠᠭᠤᠷ ᠤᠨ ᠰᠠᠯᠠᠭ᠎ᠠ ᠮᠥᠴᠢᠷ ᠤᠨ ᠬᠢᠨ ᠴᠠᠭ ᠠᠭᠤᠷ ᠤᠨ ᠬᠤᠪᠢᠷᠠᠯᠲᠠ ᠪᠣᠯᠤᠨ ᠪᠣᠷᠣᠭᠠᠨ ᠤ ᠤᠰᠤᠨ ᠤ ᠦᠶᠡᠷ ᠤᠨ ᠪᠠᠶᠢᠳᠠᠯ ᠤᠨ ᠬᠥᠭᠵᠢᠯᠲᠡ ᠶᠢ ᠨᠢᠭᠲᠠ ᠠᠩᠬᠠᠷᠴᠤ᠂ ᠬᠡᠲᠦᠷᠡᠮᠡᠬᠡᠶ ᠴᠠᠭ ᠠᠭᠤᠷ ᠢ ᠬᠢᠨᠠᠨ ᠬᠡᠮᠵᠢᠵᠦ ᠤᠷᠢᠳᠴᠢᠯᠠᠨ ᠮᠡᠳᠡᠭᠡᠯᠡᠬᠦ ᠤᠷᠢᠳᠴᠢᠯᠠᠨ ᠰᠡᠷᠡᠮᠵᠢᠯᠡᠭᠦᠯᠬᠦ ᠬᠠᠮᠲᠤᠷᠠᠨ ᠬᠥᠳᠡᠯᠦᠯᠴᠡᠬᠦ ᠲᠣᠭᠲᠠᠴᠠ ᠪᠠᠨ ᠲᠡᠭᠦᠯᠳᠡᠷᠵᠢᠭᠦᠯᠦᠨ᠂ ᠴᠠᠭ ᠠᠭᠤᠷ ᠤᠨ ᠤᠷᠢᠳᠴᠢᠯᠠᠭᠰᠠᠨ ᠮᠡᠳᠡᠭᠡ᠂ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠴᠠᠭ ᠲᠤᠬᠠᠶ ᠳᠤᠨᠢ ᠣᠨᠣᠪᠴᠢᠲᠠᠶ ᠨᠡᠶᠢᠲᠡᠯᠡᠵᠦ᠂ ᠮᠠᠨ ᠤ ᠬᠤᠲᠠ ᠶᠢᠨ ᠦᠶᠡᠷ ᠢ ᠰᠡᠷᠭᠡᠶᠢᠯᠡᠵᠦ ᠭᠠᠮᠰᠢᠭ ᠢ ᠰᠡᠷᠭᠡᠶᠢᠯᠡᠬᠦ ᠠᠵᠢᠯ ᠳᠤ ᠮᠡᠳᠡᠭᠡ ᠵᠠᠩᠭᠢ ᠶᠢᠨ ᠲᠤᠯᠭᠠᠭᠤᠷᠢᠯᠠᠯ ᠬᠠᠩᠭᠠᠬᠤ ᠬᠡᠷᠡᠭᠲᠡᠶ ᠭᠡᠵᠡᠶ᠃      ᠬᠤᠶᠢᠲᠤ ᠮᠤᠷᠤᠢ ᠭᠤᠣᠯ ᠤᠨ ᠭᠤᠤᠯ ᠤᠨ ᠵᠠᠮ ᠢ ᠵᠠᠰᠠᠬᠤ ᠢᠨᠵᠧᠨᠧᠷᠢᠩ᠂ ᠬᠠᠶᠢᠷᠤᠪ ᠤᠨ ᠲᠤᠬᠤᠢ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠭᠠᠬᠤ ᠡᠳ᠋ ᠪᠣᠳᠠᠰ ᠤᠨ ᠨᠥᠭᠡᠴᠡ ᠶᠢᠨ ᠬᠥᠮᠥᠷᠭᠡ ᠳᠤ᠂ ᠲᠠᠩ ᠢ ᠦᠶᠡᠷ ᠵᠠᠯᠠᠬᠤ ᠭᠤᠣᠯ ᠤᠨ ᠵᠠᠮ ᠤᠨ ᠬᠡᠮ ᠰᠣᠭᠤᠭ ᠢ ᠪᠠᠶᠢᠴᠠᠭᠠᠬᠤ ᠵᠢᠴᠢ ᠴᠡᠭᠴᠡᠯᠡᠨ ᠵᠠᠰᠠᠬᠤ᠂ ᠪᠠᠴᠢᠮ ᠪᠠᠶᠢᠳᠠᠯ ᠢ ᠠᠷᠭᠠᠴᠠᠭᠠᠬᠤ ᠡᠳ᠋ ᠪᠣᠳᠠᠰ ᠤᠨ ᠨᠥᠭᠡᠴᠡ ᠵᠡᠷᠭᠡ ᠪᠠᠶᠢᠳᠠᠯ ᠢ ᠨᠢ ᠨᠠᠷᠢᠨ ᠬᠢᠨᠠᠮᠠᠭᠠᠢ ᠪᠠᠶᠢᠴᠠᠭᠠᠨ ᠦᠵᠡᠪᠡ᠃ ᠲᠠᠩ ᠢ ᠬᠡᠯᠡᠭᠰᠡᠨ   ᠨᠢ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠶᠡᠷᠦᠩᠬᠡᠶ ᠱᠦᠵᠢ ᠰᠢ ᠶᠢᠨ ᠫᠢᠩ ᠤᠨ ᠦᠶᠡᠷ ᠢ ᠰᠡᠷᠭᠡᠶᠢᠯᠡᠨ ᠭᠠᠮᠰᠢᠭ ᠠᠴᠠ ᠠᠪᠤᠷᠠᠬᠤ ᠠᠵᠢᠯ ᠢ ᠰᠠᠶᠢᠲᠤᠷ ᠬᠢᠬᠦ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠵᠤ᠂ ᠦᠶᠡᠷ ᠢ ᠰᠡᠷᠭᠡᠶᠢᠯᠡᠵᠦ ᠭᠠᠮᠰᠢᠭ ᠢ ᠰᠡᠷᠭᠡᠶᠢᠯᠡᠬᠦ ᠴᠢᠬᠤᠯᠠ ᠶᠡᠭᠡ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠴᠠᠭ ᠢᠮᠠᠭᠲᠠ ᠳᠡᠭᠡᠳᠦ ᠬᠡᠮᠵᠢᠶᠡᠨ ᠤ ᠰᠣᠨᠣᠷ ᠰᠡᠷᠡᠮᠵᠢ ᠲᠠᠢ ᠪᠠᠶᠢᠵᠤ᠂ ᠠᠵᠠ ᠵᠠᠪᠰᠢᠶᠠᠨ ᠢ ᠡᠷᠢᠬᠦ ᠪᠤᠳᠤᠯ ᠪᠠ ᠮᠢᠨᠴᠦᠭᠦᠷᠡᠬᠦ ᠦᠵᠡᠯ ᠰᠠᠨᠠᠭ᠎ᠠ ᠶᠢ ᠡᠷᠡᠰ ᠲᠡᠪᠴᠢᠵᠦ᠂ ᠦᠶᠡᠷ ᠢ ᠰᠡᠷᠭᠡᠶᠢᠯᠡᠵᠦ ᠭᠠᠮᠰᠢᠭ ᠢ ᠰᠡᠷᠭᠡᠶᠢᠯᠡᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠨᠠᠷᠢᠨ ᠪᠣᠳᠠᠲᠠᠢ ᠠᠳᠬᠤᠵᠤ᠂ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠪᠦᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠢ᠃ ︽ᠪᠠᠴᠢᠮ ᠪᠠᠶᠢᠳᠠᠯ ᠢ ᠠᠷᠭᠠᠴᠠᠭᠠᠬᠤ ᠪᠤᠯ ᠬᠠᠮᠤᠭ ᠠᠴᠠ ᠴᠢᠬᠤᠯᠠᠴᠢᠯᠠᠬᠤ︾ ᠬᠠᠮᠢᠶᠠᠷᠤᠯᠲᠠ ᠶᠢᠨ ᠰᠢᠰᠲ᠋ᠧᠮ ᠤᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ᠰᠠᠯᠠᠭ᠎ᠠ ᠮᠥᠴᠢᠷ ᠤᠨ ᠬᠤᠯᠪᠣᠭᠠᠯᠠᠨ ᠬᠠᠮᠵᠢᠯᠴᠠᠬᠤ ᠪᠠᠨ ᠴᠢᠩᠭᠠᠳᠬᠠᠵᠤ᠂ ᠮᠡᠳᠡᠭᠡ ᠵᠠᠩᠭᠢ ᠶᠢ ᠬᠠᠮᠲᠤᠪᠠᠷ ᠡᠳ᠋ᠯᠡᠬᠦ ᠲᠣᠭᠲᠠᠴᠠ ᠶᠢ ᠪᠠᠶᠢᠭᠤᠯᠵᠤ᠂ ᠰᠢᠨᠵᠢᠯᠡᠬᠦ ᠤᠬᠠᠭᠠᠨᠴᠢ ᠪᠠᠷ ᠨᠢᠭᠡᠳᠦᠯᠲᠡᠢ ᠲᠥᠯᠥᠪᠵᠢᠭᠦᠯᠵᠦ᠂ ᠤᠨᠢᠨ ᠳᠡᠭᠡᠷ᠎ᠡ ᠨᠢ ᠳᠤᠬᠢᠷᠠᠭᠤᠯᠵᠤ᠂ ᠦᠶᠡᠷ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠡᠯ᠎ᠡ ᠵᠦᠢᠯ ᠤᠨ ᠠᠵᠢᠯ ᠢᠶᠠᠨ ᠰᠠᠶᠢᠲᠤᠷ ᠬᠢᠬᠦ ᠬᠡᠷᠡᠭᠲᠡᠢ᠃ ᠭᠤᠣᠯᠳᠠᠯᠭ᠎ᠠ ᠲᠠᠢ ᠬᠦᠷᠢᠶ᠎ᠡ᠂ ᠵᠠᠩᠭᠢᠯᠠᠭ᠎ᠠ ᠶᠢᠨ ᠣᠷᠣᠨ ᠪᠠᠶᠢᠷᠢ ᠶᠢ ᠴᠢᠩᠭ᠎ᠠ ᠠᠩᠬᠠᠷᠴᠤ᠂ ᠭᠡᠮ ᠰᠣᠭᠤᠭ ᠢ ᠪᠠᠶᠢᠴᠠᠭᠠᠬᠤ ᠪᠠ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠪᠠᠨ ᠴᠢᠩᠭᠠᠳᠬᠠᠵᠤ᠂ ᠵᠢᠵᠢᠭᠦᠷᠯᠡᠨ ᠰᠠᠬᠢᠬᠤ ᠪᠠᠨ ᠰᠠᠶᠢᠲᠤᠷ ᠬᠢᠵᠦ᠂ ᠠᠮᠤᠷ ᠲᠦᠪᠰᠢᠨ ᠤ ᠬᠠᠯᠬᠠᠪᠴᠢ ᠶᠢ ᠡᠷᠡᠰ ᠪᠠᠲᠤ ᠴᠣᠭᠴᠠᠯᠠᠬᠤ ᠬᠡᠷᠡᠭᠲᠡᠢ᠃ ᠦᠶᠡᠷ ᠢ ᠰᠡᠷᠭᠡᠶᠢᠯᠡᠬᠦ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠢᠶᠠᠨ ᠲᠡᠭᠦᠯᠳᠡᠷᠵᠢᠭᠦᠯᠵᠦ᠂ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠢᠶᠠᠨ ᠴᠢᠩᠭᠠᠳᠬᠠᠵᠤ᠂ ᠪᠣᠳᠠᠲᠤ ᠪᠠᠶᠢᠯᠳᠤᠭᠠᠨ ᠤ ᠰᠣᠷᠢᠯᠲᠠ ᠪᠠᠨ ᠴᠢᠩᠭᠠᠳᠬᠠᠵᠤ᠂ ᠦᠶᠡᠷ ᠢ ᠰᠡᠷᠭᠡᠶᠢᠯᠡᠵᠦ ᠠᠶᠤᠯ ᠠᠴᠠ ᠠᠪᠤᠷᠠᠬᠤ ᠴᠢᠳᠠᠪᠤᠷᠢ ᠪᠠᠨ ᠲᠠᠰᠤᠷᠠᠯᠳᠠ ᠦᠭᠡᠢ ᠳᠡᠭᠡᠭᠰᠢᠯᠡᠭᠦᠯᠵᠦ᠂ ᠦᠶᠡᠷ ᠤᠨ ᠪᠠᠶᠢᠳᠠᠯ ᠲᠣᠬᠢᠶᠠᠯᠳᠤᠪᠠᠯ ᠪᠠᠴᠢᠮ ᠪᠠᠶᠢᠳᠠᠯ ᠢ ᠠᠷᠭᠠᠴᠠᠭᠠᠬᠤ ᠴᠤᠤᠷᠢᠶᠠᠲᠤᠯ ᠢ ᠬᠠᠮᠤᠭ ᠲᠡᠷᠢᠭᠦᠨ ᠳᠤ ᠡᠬᠢᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠢ ᠭᠡᠵᠡᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号