8 ᠰᠠᠷ᠎ᠠ ᠶᠢᠨ 21 ᠤ ᠡᠳᠦᠷ᠂ ᠬᠤᠲᠠ ᠶᠢᠨ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ | ᠬᠠᠯᠳᠠᠪᠤᠷᠢᠯᠠᠭᠰᠠᠨ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ 61 | ᠳ᠋ᠣᠭᠡᠷ ᠤᠳᠠᠭᠠᠨ ᠤ ᠠᠵᠢᠯ ᠤᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠵᠤ᠂ ᠥᠪᠡᠷᠲᠡᠭᠡᠨ ᠵᠠᠰᠠᠬᠤ ᠣᠷᠣᠨ ᠤ | ᠬᠤᠯᠪᠣᠭᠳᠠᠯ ᠪᠦᠬᠦᠢ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠪᠠᠶᠢᠩᠭᠤᠵᠢᠭᠰᠠᠨ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠥᠷᠨᠢᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ | ᠳᠠᠷᠠᠭᠠᠴᠢ ᠶᠢᠨ ᠠᠯᠬᠤᠮ ᠤᠨ ᠭᠤᠣᠯᠳᠠᠯᠭ᠎ᠠ ᠲᠠᠢ ᠠᠵᠢᠯ ᠢᠶᠠᠨ ᠲᠤᠬᠢᠷᠠᠭᠤᠯᠤᠨ ᠪᠠᠶᠢᠷᠢᠯᠠᠭᠤᠯᠪᠠ᠃ ᠬᠤᠳᠠ ᠶᠢᠨ | ᠨᠠᠮ ᠤᠨ ᠬᠤᠷᠢᠶᠠᠨ ᠤ ᠳᠡᠳ᠋ ᠱᠦᠵᠢ᠂ ᠬᠤᠳᠠ ᠶᠢᠨ ᠳᠠᠷᠤᠭ᠎ᠠ ᠶᠠᠩ ᠶᠢᠨ ᠬᠤᠷᠠᠯ ᠳᠤ ᠣᠷᠣᠯᠴᠠᠵᠤ ᠶᠠᠷᠢᠶ᠎ᠠ | ᠲᠠᠯᠪᠢᠪᠡ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠭᠧᠩ | ᠬᠠᠶ ᠵᠢᠶᠦ᠋ᠨ ᠬᠤᠷᠠᠯ ᠳᠤ ᠣᠷᠣᠯᠴᠠᠪᠡ᠃ | ᠶᠠᠩ ᠶᠢᠨ ᠵᠢᠭᠠᠵᠤ ᠭᠠᠷᠭᠠᠭᠰᠠᠨ ᠨᠢ᠂ ᠣᠳᠣᠬᠠᠨ ᠳᠤ᠂ ᠪᠥᠬᠦ ᠤᠯᠤᠰ᠂ ᠪᠥᠬᠦ ᠣᠷᠣᠨ ᠤ ᠬᠢᠵᠢᠭ ᠤᠨ | ᠪᠠᠶᠢᠳᠠᠯ ᠪᠤᠳᠤᠯᠢᠶᠠᠨᠲᠠᠶ ᠪᠥᠭᠡᠳ ᠬᠦᠨᠳᠦ ᠨᠣᠴᠢᠲᠠᠶ ᠪᠤᠯᠵᠤ᠂ ᠭᠠᠳᠠᠨ᠎ᠠ ᠠᠴᠠ ᠬᠠᠯᠳᠠᠪᠤᠷᠢᠯᠠᠨ ᠣᠷᠣᠵᠣ ᠢᠷᠡᠬᠦ ᠶᠢ | ᠰᠡᠷᠭᠡᠶᠢᠯᠡᠬᠦ ᠳᠠᠷᠤᠯᠲᠠ ᠮᠥᠨ ᠬᠦ ᠮᠠᠰᠢ ᠶᠡᠭᠡ ᠪᠠᠶᠢᠨ᠎ᠠ᠃ ᠰᠢ ᠶᠢᠨ ᠫᠢᠩ ᠶᠡᠷᠦᠩᠬᠡᠶ ᠱᠦᠵᠢ ᠶᠢᠨ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ | ᠲᠤᠤᠱᠯᠠᠭᠤᠯᠵᠤ᠂ ︽ᠬᠢᠵᠢᠭ ᠤᠨ ᠪᠠᠶᠢᠳᠠᠯ ᠢ ᠰᠡᠷᠭᠡᠶᠢᠯᠡᠬᠦ᠂ ᠠᠵᠤ ᠠᠬᠤᠶ ᠶᠢ ᠲᠣᠭᠲᠠᠪᠤᠷᠢᠵᠢᠭᠤᠯᠬᠤ᠂ | ᠬᠥᠭᠵᠢᠯᠲᠡ ᠶᠢ ᠠᠮᠤᠷ ᠲᠦᠪᠰᠢᠨ ᠪᠠᠶᠢᠯᠭᠠᠬᠤ︾ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠬᠢᠨᠠᠮᠠᠭᠠᠶ | ᠨᠠᠶᠢᠳᠠᠪᠤᠷᠢᠵᠢᠭᠤᠯᠵᠤ᠂ ᠮᠢᠨᠴᠦᠭᠦᠷᠡᠬᠦ ᠦᠵᠡᠯ ᠰᠠᠨᠠᠭ᠎ᠠ ᠪᠠ ᠠᠵᠠ ᠵᠠᠪᠰᠢᠶᠠᠨ ᠢ ᠡᠷᠢᠬᠦ ᠰᠡᠳᠬᠢᠴᠡ ᠶᠢ ᠡᠷᠡᠰ | ᠬᠤᠷᠢᠭᠯᠠᠵᠤ᠂ ︽ ᠭᠠᠳᠠᠨ᠎ᠠ ᠠᠴᠠ ᠬᠠᠯᠳᠠᠪᠤᠷᠢᠯᠠᠨ ᠣᠷᠣᠵᠣ ᠢᠷᠡᠬᠦ ᠶᠢ ᠰᠡᠷᠭᠡᠶᠢᠯᠡᠬᠦ᠂ ᠲᠤᠲᠤᠨ᠎ᠠ ᠪᠠᠨ ᠲᠠᠬᠢᠨ | ᠲᠠᠷᠬᠠᠨ ᠲᠡᠯᠭᠡᠷᠡᠬᠦ ᠶᠢ ᠰᠡᠷᠭᠡᠶᠢᠯᠡᠬᠦ︾ ᠶᠡᠷᠦᠩᠬᠡᠶ ᠠᠷᠭ᠎ᠠ ᠪᠤᠳᠤᠯᠭ᠎ᠠ ᠪᠠ ︽ᠬᠥᠳᠡᠯᠦᠩᠭᠦᠶ ᠪᠠᠷ ᠦᠭᠡᠢ ᠪᠤᠯᠭᠠᠬᠤ︾ | ᠶᠡᠷᠦᠩᠬᠡᠶ ᠴᠢᠭᠯᠡᠯᠲᠡ ᠶᠢ ᠭᠤᠶᠢᠪᠢᠰᠢ ᠦᠭᠡᠢ ᠪᠠᠷᠢᠮᠲᠠᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ | ᠵᠦᠢᠯ ᠤᠨ ᠠᠵᠢᠯ ᠢᠶᠠᠨ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠨᠠᠮ ᠤᠨ ᠬᠤᠷᠢᠳᠤᠭᠠᠷ ᠶᠡᠭᠡ ᠬᠤᠷᠠᠯ ᠤᠨ | ᠠᠮᠵᠢᠯᠲᠠ ᠲᠠᠢ ᠪᠠᠷ ᠬᠤᠷᠠᠯᠳᠤᠬᠤ ᠳᠤ ᠠᠮᠤᠷ ᠲᠦᠪᠰᠢᠨ᠂ ᠲᠣᠭᠲᠠᠭᠤᠨ ᠨᠡᠶᠢᠭᠡᠮ ᠤᠨ ᠣᠷᠴᠢᠨ ᠲᠤᠭᠤᠷᠢᠨ ᠢ ᠪᠤᠢ | ᠪᠣᠯᠭᠠᠵᠤ ᠥᠭᠬᠦ ᠬᠡᠷᠡᠭᠲᠡᠶ ᠭᠡᠵᠡᠢ᠃ | ᠶᠠᠩ ᠶᠢᠨ ᠴᠢᠬᠤᠯᠠᠴᠢᠯᠠᠭᠰᠠᠨ ᠨᠢ᠂ ᠵᠢᠯᠣᠭᠤᠳᠬᠤ ᠭᠠᠵᠠᠷ ᠤᠨ ᠠᠵᠢᠯᠯᠠᠭᠠᠨ ᠤ ᠲᠣᠭᠲᠠᠴᠠ ᠪᠠᠨ | ᠲᠡᠭᠦᠯᠳᠡᠷᠵᠢᠭᠦᠯᠵᠦ᠂ ᠵᠢᠯᠣᠭᠤᠳᠤᠨ ᠲᠤᠬᠢᠷᠠᠭᠤᠯᠬᠤ ᠰᠢᠰᠲ᠋ᠧᠮ ᠢᠶᠠᠨ ᠰᠢᠯᠢᠳᠡᠭᠵᠢᠭᠦᠯᠵᠦ᠂ ᠲᠤᠷᠰᠢᠯᠭ᠎ᠠ | ᠰᠤᠷᠭᠠᠮᠵᠢ ᠪᠠᠨ ᠳ᠋ᠦᠩᠨᠡᠵᠦ᠂ ᠳᠤᠲᠠᠭᠤᠳᠠᠯ ᠪᠠᠭᠤᠷᠠᠢ ᠲᠠᠯ᠎ᠠ ᠪᠠᠨ ᠨᠥᠬᠦᠪᠥᠷᠢᠯᠡᠵᠦ᠂ ᠵᠢᠯᠣᠭᠤᠳᠤᠨ ᠲᠤᠬᠢᠷᠠᠭᠤᠯᠬᠤ | ᠰᠢᠰᠲ᠋ᠧᠮ ᠤᠨ ᠥᠨᠳᠥᠷ ᠪᠦᠲᠦᠮᠵᠢᠲᠡᠢ ᠠᠵᠢᠯᠯᠠᠬᠤ ᠶᠢ ᠪᠠᠲᠤᠯᠠᠬᠤ ᠬᠡᠷᠡᠭᠲᠡᠢ᠃ ᠦᠬᠠᠢ ᠳᠤ ᠣᠷᠣᠬᠤ ᠪᠣᠭᠤᠮᠲᠠ ᠶᠢ | ᠴᠢᠩᠭ᠎ᠠ ᠠᠳᠬᠤᠵᠤ᠂ ︽ᠨᠢᠭᠡ ᠲᠠᠯᠠᠪᠤᠷ ᠬᠤᠶᠠᠷ ᠥᠷᠲᠡᠭᠡ︾᠂ ᠵᠠᠰᠠᠮᠠᠯ ᠵᠠᠮ ᠤᠨ ᠪᠣᠭᠤᠮᠲᠠ ᠳᠠᠬᠢ ᠵᠢᠭᠰᠠᠭᠠᠨ | ᠪᠠᠶᠢᠴᠠᠭᠠᠵᠤ ᠬᠠᠮᠢᠶᠠᠷᠤᠨ ᠡᠵᠡᠮᠳᠡᠬᠦ ᠪᠠᠨ ᠴᠢᠩᠭᠠᠳᠬᠠᠵᠤ᠂ ᠡᠷᠡᠭᠦᠯ ᠮᠡᠨᠳᠦ ᠶᠢᠨ ᠺᠣᠳ᠋ ︵ᠠᠶᠠᠯᠠᠯ ᠤᠨ ᠺᠣᠳ᠋︶᠂ | ᠪᠥᠭᠡᠮ ᠬᠦᠴᠢᠯ ᠤᠨ ᠪᠠᠶᠢᠴᠠᠭᠠᠨ ᠰᠢᠯᠭᠠᠭᠰᠠᠨ ᠪᠢᠯᠢᠭ ᠴᠢᠨᠠᠷ ᠤᠨ ᠭᠡᠷᠡᠴᠢ ᠶᠢ ᠪᠠᠶᠢᠴᠠᠭᠠᠨ ᠦᠵᠡᠬᠦ ᠵᠡᠷᠭᠡ | ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠬᠢᠯᠪᠠᠷ ᠪᠤᠰᠤ ᠪᠠᠷ ᠣᠯᠤᠭᠰᠠᠨ | ᠰᠡᠷᠭᠡᠶᠢᠯᠡᠨ ᠡᠵᠡᠮᠳᠡᠬᠦ ᠦᠷ᠎ᠡ ᠪᠦᠲᠦᠭᠡᠯ ᠢᠶᠠᠨ ᠡᠷᠡᠰ ᠪᠠᠲᠤ ᠰᠠᠬᠢᠬᠤ ᠬᠡᠷᠡᠭᠲᠡᠶ᠃ ᠰᠡᠷᠭᠡᠶᠢᠯᠡᠨ ᠡᠵᠡᠮᠳᠡᠬᠦ | ᠴᠢᠳᠠᠪᠤᠷᠢ ᠪᠠᠨ ᠳᠡᠭᠡᠭᠰᠢᠯᠡᠭᠦᠯᠵᠦ᠂ ᠪᠥᠭᠡᠮ ᠬᠦᠴᠢᠯ ᠢ ᠪᠠᠶᠢᠴᠠᠭᠠᠨ ᠰᠢᠯᠭᠠᠬᠤ᠂ ᠲᠠᠬᠤᠯ ᠡᠪᠡᠳᠴᠢᠨ ᠤ ᠰᠣᠳᠣᠯᠭᠠᠨ | ᠤ ᠪᠠᠶᠢᠴᠠᠭᠠᠯᠳᠠ ᠪᠠᠷ ᠡᠭᠢ ᠶᠢ ᠨᠢ ᠡᠷᠢᠬᠦ᠂ ᠪᠠᠴᠢᠮ ᠪᠠᠶᠢᠳᠠᠯ ᠢ ᠠᠷᠭᠠᠴᠠᠭᠠᠬᠤ ᠡᠳ᠋ ᠪᠣᠳᠠᠰ ᠤᠨ ᠬᠠᠩᠭᠠᠯᠭ᠎ᠠ᠂ | ᠰᠢᠩᠭᠡᠯᠢᠭ ᠡᠮᠨᠡᠯᠭᠡ ᠶᠢᠨ ᠬᠤᠷᠢᠶᠠᠨ ᠤ ᠪᠥᠲᠥᠭᠡᠨ ᠪᠠᠶᠢᠭᠤᠯᠤᠯᠲᠠ᠂ ᠲᠤᠰᠠᠭᠠᠷᠯᠠᠬᠤ ᠴᠢᠭ ᠤᠨ ᠨᠥᠭᠡᠴᠡᠯᠡᠯ ᠵᠡᠷᠭᠡ | ᠴᠢᠳᠠᠪᠤᠷᠢ ᠶᠢᠨ ᠪᠠᠶᠢᠭᠤᠯᠤᠯᠲᠠ ᠪᠠᠨ ᠨᠢᠭᠡᠳᠦᠯᠲᠡᠶ ᠲᠥᠯᠥᠪᠯᠡᠨ ᠰᠠᠶᠢᠲᠤᠷ ᠠᠳᠬᠤᠵᠤ᠂ 60 ᠨᠠᠰᠤ ᠵᠢᠴᠢ 60 | ᠨᠠᠰᠤᠨ ᠠᠴᠠ ᠳᠡᠭᠡᠭᠰᠢᠬᠢ ᠨᠠᠰᠤᠲᠠᠶᠢᠴᠤᠳ ᠤᠨ ᠸᠠᠺᠼᠢᠨ ᠤ ᠲᠠᠷᠢᠯᠭ᠎ᠠ ᠶᠢᠨ ᠠᠵᠢᠯ ᠢᠶᠠᠨ ᠦᠷᠭᠦᠯᠵᠢᠯᠡᠨ | ᠠᠬᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠲᠤ ᠪᠠᠬᠢ ᠬᠠᠯᠬᠠᠪᠴᠢ ᠪᠠᠨ ᠦᠨᠡᠨ ᠬᠦ ᠪᠠᠬᠢᠵᠢᠭᠦᠯᠬᠦ | ᠬᠡᠷᠡᠭᠲᠡᠶ᠃ ᠰᠤᠷᠭᠠᠭᠤᠯᠢ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢᠶᠠᠨ ᠰᠠᠶᠢᠲᠤᠷ ᠬᠢᠵᠦ᠂ ︽ | ᠬᠥᠮᠦᠨ᠂ ᠪᠣᠳᠠᠰ᠂ ᠮᠡᠷᠭᠡᠵᠢᠯ︾ ᠢᠶᠠᠷ ᠰᠡᠷᠭᠡᠶᠢᠯᠡᠬᠦ ᠪᠠᠨ ᠴᠢᠩᠭᠠᠳᠬᠠᠵᠤ᠂ ᠴᠤᠭᠯᠠᠷᠠᠯ ᠤᠨ ᠴᠢᠨᠠᠷᠲᠠᠢ ᠬᠢᠵᠢᠭ ᠤᠨ | ᠪᠠᠶᠢᠳᠠᠯ ᠦᠯᠦ ᠡᠭᠦᠰᠬᠦ ᠬᠤᠷᠢᠭ᠎ᠠ ᠱᠤᠭᠤᠮ ᠢ ᠡᠷᠡᠰ ᠰᠠᠬᠢᠬᠤ ᠬᠡᠷᠡᠭᠲᠡᠢ᠃ ᠬᠢᠨᠠᠨ ᠵᠢᠯᠣᠭᠤᠳᠴᠤ ᠪᠠᠶᠢᠴᠠᠭᠠᠬᠤ ᠪᠠᠨ | ᠴᠢᠩᠭᠠᠳᠬᠠᠵᠤ᠂ ︽ᠳᠥᠷᠪᠡᠨ ᠥᠬᠡᠶ ᠬᠤᠶᠠᠷ ᠰᠢᠭᠤᠳ︾ ᠵᠡᠷᠭᠡ ᠠᠷᠭ᠎ᠠ ᠮᠠᠶ᠋ᠢᠭ ᠢᠶᠠᠷ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠠᠵᠢᠯ ᠥᠷᠨᠢᠭᠦᠯᠵᠦ ᠪᠠᠶᠢᠭ᠎ᠠ ᠪᠠᠶᠢᠳᠠᠯ ᠢ ᠰᠤᠭᠤᠴᠢᠨ ᠪᠠᠶᠢᠴᠠᠭᠠᠵᠤ᠂ ᠴᠠᠭ ᠲᠤᠬᠠᠶ ᠳᠤᠨᠢ | ᠪᠠᠶᠢᠴᠠᠭᠠᠵᠤ ᠳᠤᠲᠠᠭᠤ ᠪᠠᠨ ᠨᠥᠬᠦᠪᠥᠷᠢᠯᠡᠵᠦ᠂ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ ᠭᠡᠵᠡᠢ᠃ |