ᠪᠥᠬᠦ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠠᠶᠤᠯᠭᠦᠶ ᠦᠢᠯᠡᠳᠪᠦᠷᠢᠯᠡᠯ ᠪᠠ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠠᠵᠢᠯ ᠤᠨ ᠸᠢᠳᠢᠤ᠋ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/8/24
     8 ᠰᠠᠷ᠎ᠠ ᠶᠢᠨ 22 ᠤᠨ ᠡᠳᠦᠷ᠂ ᠪᠦᠬᠦ ᠬᠤᠳᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠠᠶᠤᠯᠭᠦᠢ ᠦᠢᠯᠡᠳᠪᠦᠷᠢᠯᠡᠯ ᠪᠣᠯᠤᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠠᠵᠢᠯ ᠤᠨ ᠸᠢᠳᠢᠤ᠋ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠵᠤ᠂ ᠪᠦᠬᠦ ᠬᠤᠳᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠠᠶᠤᠯᠭᠦᠢ ᠦᠢᠯᠡᠳᠪᠦᠷᠢᠯᠡᠬᠦ᠂ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠠᠵᠢᠯ ᠤᠨ ᠪᠠᠶᠢᠳᠠᠯ ᠢ ᠮᠡᠳᠡᠭᠳᠡᠵᠦ᠂ ᠳᠠᠷᠠᠭᠠᠴᠢ ᠶᠢᠨ ᠠᠯᠬᠤᠮ ᠤᠨ ᠠᠵᠢᠯ ᠢᠶᠠᠨ ᠲᠤᠬᠢᠷᠠᠭᠤᠯᠤᠨ ᠪᠠᠶᠢᠷᠢᠯᠠᠭᠤᠯᠪᠠ᠃ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠳᠠ ᠶᠢᠨ ᠳᠠᠷᠤᠭ᠎ᠠ ᠶᠠᠩ ᠶᠢᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠡ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠭᠧᠩ ᠬᠠᠶ ᠵᠢᠶᠦ᠋ᠨ ᠬᠤᠷᠠᠯ ᠡᠷᠭᠢᠯᠡᠪᠡ᠃ ᠬᠤᠳᠠ ᠶᠢᠨ ᠳᠡᠳ᠋ ᠳᠠᠷᠤᠭ᠎ᠠ ᠬᠤᠤ ᠰᠢ ᠬᠤᠩ᠂ ᠮᠤᠤ ᠵᠧᠨ ᠬᠠᠢ᠂ ᠸᠠᠩ ᠵᠢᠢ ᠫᠢᠩ ᠬᠤᠷᠠᠯ ᠳᠤ ᠣᠷᠣᠯᠴᠠᠪᠠ᠃      ᠶᠠᠩ ᠶᠢᠨ ᠬᠡᠯᠡᠭᠰᠡᠨ ᠨᠢ᠂ ᠣᠳᠣᠬᠠᠨ ᠳᠤ᠂ ᠤᠯᠤᠰ ᠤᠨ ᠳᠣᠲᠣᠭᠠᠳᠤ ᠶᠢᠨ ᠬᠢᠵᠢᠭ ᠤᠨ ᠪᠠᠶᠢᠳᠠᠯ ᠣᠯᠠᠨ ᠭᠠᠵᠠᠷ ᠲᠤ ᠲᠠᠷᠬᠠᠵᠤ᠂ ᠠᠶᠤᠯᠭᠦᠶ ᠦᠢᠯᠡᠳᠪᠦᠷᠢᠯᠡᠯ ᠤᠨ ᠠᠳᠡᠯ ᠪᠠᠶᠢᠨ ᠳᠠᠬᠢᠨ ᠭᠠᠷᠴᠤ᠂ ᠦᠶᠡᠷ ᠤᠰᠤᠲᠤᠯ ᠤᠨ ᠭᠠᠮᠰᠢᠭ ᠠᠮᠠᠷᠬᠠᠨ ᠡᠭᠦᠰᠴᠦ ᠣᠯᠠᠨ ᠭᠠᠷᠴᠤ ᠪᠠᠶᠢᠨ᠎ᠠ᠂ ᠡᠯ᠎ᠡ ᠵᠦᠢᠯ ᠤᠨ ᠠᠵᠢᠯ ᠢᠯᠠᠩᠭᠤᠶ᠎ᠠ ᠠᠮᠤᠷ ᠲᠦᠪᠰᠢᠨ ᠲᠣᠭᠲᠠᠭᠤᠨ ᠢ ᠪᠠᠲᠤᠯᠠᠬᠤ ᠠᠵᠢᠯ ᠬᠠᠮᠤᠭ ᠤᠨ ᠬᠦᠴᠢᠷᠲᠡᠶ ᠦᠶ᠎ᠡ ᠳᠤ  ᠬᠦᠷᠴᠦ ᠢᠷᠡᠪᠡ᠃ ᠡᠯ᠎ᠡ ᠲᠣᠭᠤᠷᠢᠭ᠂ ᠡᠯ᠎ᠡ ᠰᠠᠯᠠᠭ᠎ᠠ ᠮᠥᠴᠢᠷ ᠤᠨ ᠬᠢᠨ ᠰᠢ ᠶᠢᠨ ᠫᠢᠩ ᠶᠡᠷᠦᠩᠬᠡᠶ ᠱᠦᠵᠢ ᠶᠢᠨ ᠠᠮᠤᠷ ᠲᠦᠪᠰᠢᠨ ᠲᠣᠭᠲᠠᠭᠤᠨ ᠤ ᠠᠵᠢᠯ ᠤᠨ ᠲᠤᠬᠠᠶ ᠴᠢᠬᠤᠯᠠ ᠥᠭᠦᠯᠡᠯᠲᠡ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠶ ᠲᠥᠯᠥᠪᠯᠡᠵᠦ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠶ ᠲᠥᠯᠥᠪᠯᠡᠨ᠂ ᠠᠮᠤᠷ ᠲᠦᠪᠰᠢᠨ ᠲᠣᠭᠲᠠᠭᠤᠨ ᠤ ᠠᠵᠢᠯ ᠢ ᠴᠢᠩᠭ᠎ᠠ ᠨᠢᠮᠪᠠᠶ ᠪᠣᠳᠠᠲᠠᠶ ᠪᠠᠷ ᠰᠠᠶᠢᠲᠤᠷ ᠬᠢᠵᠦ᠂ ᠲᠡᠷᠢᠭᠦᠯᠡᠭᠴᠢ ᠸᠠᠩ ᠯᠢ ᠰᠢᠶᠠ ᠶᠢᠨ ᠳᠤᠷᠠᠳᠤᠭᠰᠠᠨ ︽ᠭᠤᠷᠪᠠᠨ ᠦᠭᠡ ᠶᠢ ᠪᠠᠲᠤ ᠴᠡᠭᠡᠵᠢᠯᠡᠵᠦ᠂ ᠭᠤᠷᠪᠠᠨ ᠣᠷᠴᠢᠨ ᠲᠣᠭᠤᠷᠢᠨ ᠢ ᠪᠠᠲᠤ ᠬᠠᠮᠠᠭᠠᠯᠠᠵᠤ᠂ ᠭᠤᠷᠪᠠᠨ ᠰᠠᠷ᠎ᠠ ᠪᠠᠲᠤ ᠰᠠᠬᠢᠬᠤ︾ ᠱᠠᠭᠠᠷᠳᠠᠯᠭ᠎ᠠ ᠶᠣᠰᠣᠭᠠᠷ ᠡᠯ᠎ᠡ ᠵᠦᠢᠯ ᠤᠨ ᠠᠵᠢᠯ ᠢᠶᠠᠨ ᠰᠠᠶᠢᠲᠤᠷ ᠠᠳᠬᠤᠵᠤ᠂ ᠨᠡᠩ ᠥᠨᠳᠥᠷ ᠲᠦᠪᠰᠢᠨ ᠪᠦᠬᠦᠢ ᠠᠮᠤᠷ ᠠᠮᠤᠭᠤᠯᠠᠩ ᠦᠬᠠᠢ ᠶᠢᠨ ᠪᠦᠳᠦᠭᠡᠨ ᠪᠠᠶᠢᠭᠤᠯᠤᠯᠲᠠ ᠶᠢ ᠭᠦᠨᠵᠡᠭᠡᠢ ᠠᠬᠢᠭᠤᠯᠵᠤ᠂ ᠴᠤᠭ ᠪᠠᠳᠠᠷᠠᠩᠭᠤᠢ ᠥᠭᠡᠳᠡᠯᠡᠨ ᠳᠠᠪᠰᠢᠬᠤ ᠲᠡᠮᠡᠴᠡᠯ ᠤᠨ ᠳᠦᠷᠢ ᠪᠠᠶᠢᠳᠠᠯ ᠢᠶᠠᠷ ᠠᠮᠤᠷ ᠲᠦᠪᠰᠢᠨ ᠲᠣᠭᠲᠠᠭᠤᠨ ᠤ ᠪᠣᠳᠠᠲᠤ ᠦᠷ᠎ᠡ ᠪᠦᠲᠦᠮᠵᠢ ᠶᠢ ᠬᠠᠮᠠᠭᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠬᠡᠷᠡᠭᠲᠡᠢ ᠭᠡᠵᠡᠢ᠃      ᠶᠠᠩ ᠶᠢᠨ ᠴᠢᠬᠤᠯᠠᠴᠢᠯᠠᠭᠰᠠᠨ ᠨᠢ᠂ ᠨᠠᠩ ᠪᠣᠳᠠᠲᠠᠶ ᠠᠷᠭ᠎ᠠ ᠬᠡᠮᠵᠢᠶ᠎ᠡ ᠪᠠᠷ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠨᠠᠷᠢᠨ ᠠᠳᠬᠤᠵᠤ᠂ ᠰᠡᠷᠭᠡᠶᠢᠯᠡᠨ ᠡᠵᠡᠮᠳᠡᠬᠦ ᠲᠥᠰᠦᠯ ᠢᠶᠠᠨ ᠨᠠᠷᠢᠯᠢᠬᠵᠢᠭᠤᠯᠤᠨ᠂ ᠭᠤᠤᠯᠳᠠᠯᠭ᠎ᠠ ᠲᠠᠢ ᠭᠤᠭᠴᠤᠭ᠎ᠠ ᠶᠢ ᠴᠢᠩᠭ᠎ᠠ ᠠᠩᠬᠠᠷᠴᠤ᠂ ᠰᠡᠷᠭᠡᠶᠢᠯᠡᠨ ᠡᠵᠡᠮᠳᠡᠬᠦ ᠴᠢᠳᠠᠪᠤᠷᠢ ᠪᠠᠨ ᠳᠡᠭᠡᠭᠰᠢᠯᠡᠭᠦᠯᠦᠨ ᠂ ᠪᠣᠭᠤᠮᠲᠠ ᠪᠠᠷ ᠥᠩᠭᠡᠷᠡᠬᠦ ᠶᠢᠨ ᠰᠠᠭᠠᠳ ᠥᠬᠡᠶ ᠶᠠᠪᠤᠭᠳᠠᠬᠤ ᠶᠢ ᠪᠠᠲᠤᠯᠠᠵᠤ᠂ ᠬᠢᠯᠪᠠᠷ ᠪᠤᠰᠤ ᠪᠠᠷ ᠣᠯᠤᠭᠰᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠦᠷ᠎ᠡ ᠪᠦᠲᠦᠭᠡᠯ ᠢᠶᠠᠨ ᠦᠷᠭᠦᠯᠵᠢᠯᠡᠨ ᠪᠠᠬᠢᠵᠢᠭᠦᠯᠬᠦ ᠬᠡᠷᠡᠭᠲᠡᠶ᠃ ᠨᠡᠩ ᠥᠨᠳᠥᠷ ᠪᠠᠷᠢᠮᠵᠢᠶ᠎ᠠ ᠪᠠᠷ ᠠᠶᠤᠯᠭᠦᠢ ᠦᠢᠯᠡᠳᠪᠦᠷᠢᠯᠡᠯ ᠢ ᠪᠣᠳᠠᠲᠠᠢ ᠠᠳᠬᠤᠵᠤ᠂ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠶᠢᠨ ᠬᠡᠮ ᠰᠣᠭᠤᠭ ᠢ ᠪᠠᠶᠢᠴᠠᠭᠠᠬᠤ ᠶᠢ ᠴᠢᠩᠭ᠎ᠠ ᠠᠩᠬᠠᠷᠴᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ  ᠪᠠᠨ ᠴᠢᠩᠭᠠᠳᠬᠠᠨ ᠳᠡᠭᠡᠭᠰᠢᠯᠡᠭᠦᠯᠬᠦ ᠶᠢ ᠠᠬᠢᠭᠤᠯᠵᠤ᠂ ᠬᠠᠷᠢᠭᠤᠴᠠᠯᠭ᠎ᠠ ᠪᠠᠨ ᠴᠢᠩᠭᠠᠳᠬᠠᠵᠤ ᠨᠠᠶᠢᠳᠠᠪᠦᠷᠢᠵᠢᠭᠤᠯᠤᠯᠳᠠ ᠶᠢ ᠠᠳᠬᠤᠵᠤ᠂ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠪᠦᠬᠦ ᠬᠦᠴᠦᠨ ᠢᠶᠠᠷ ᠢᠶᠠᠨ ᠬᠠᠮᠠᠭᠠᠯᠠᠬᠤ ᠬᠡᠷᠡᠭᠲᠡᠢ᠃ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠠᠵᠢᠯ ᠢ ᠨᠡᠩ ᠶᠡᠭᠡ ᠡᠷᠴᠢᠮ ᠢᠶᠠᠷ ᠰᠠᠶᠢᠲᠤᠷ ᠠᠳᠬᠤᠵᠤ᠂ ᠭᠤᠣᠯᠳᠠᠯᠭ᠎ᠠ ᠪᠠᠨ ᠲᠤᠪᠤᠶᠢᠯᠭᠠᠨ᠂ ᠨᠠᠷᠢᠨ ᠨᠢᠭᠲᠠ ᠲᠤᠬᠢᠷᠠᠭᠤᠯᠵᠤ᠂ ᠪᠡᠯᠡᠳᠬᠡᠯ ᠲᠥᠰᠦᠯ ᠢᠶᠠᠨ ᠲᠡᠭᠦᠯᠳᠡᠷᠵᠢᠭᠦᠯᠬᠦ᠂ ᠡᠳ᠋ ᠪᠣᠳᠠᠰ ᠨᠥᠭᠡᠴᠡᠯᠡᠬᠦ᠂ ᠡᠩᠨᠡᠭᠡ ᠵᠣᠬᠢᠶᠠᠨ ᠪᠠᠶᠢᠭᠤᠯᠬᠤ᠂ ᠲᠠᠯᠳᠠ ᠭᠡᠮ ᠢ ᠵᠢᠭᠰᠠᠭᠠᠨ ᠪᠠᠶᠢᠴᠠᠭᠠᠬᠤ᠂ ᠠᠷᠭ᠎ᠠ ᠬᠡᠮᠵᠢᠶ᠎ᠡ ᠪᠠᠨ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠡᠶᠡᠯᠡᠭᠦᠯᠵᠦ᠂ ᠡᠯ᠎ᠡ ᠵᠦᠢᠯ ᠤᠨ ᠪᠡᠯᠡᠳᠬᠡᠯ ᠠᠵᠢᠯ ᠢᠶᠠᠨ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ ᠭᠡᠵᠡᠢ᠃      ᠬᠤᠷᠠᠯ ᠠᠴᠠ ᠪᠠᠰᠠ ᠵᠠᠬᠢᠳᠠᠯ ᠰᠤᠷᠪᠤᠯᠵᠢᠯᠠᠭ᠎ᠠ ᠲᠣᠭᠲᠠᠭᠤᠨ ᠢ ᠬᠠᠮᠠᠭᠠᠯᠠᠬᠤ ᠪᠠ ᠲᠦᠷᠦ ᠶᠢᠨ ᠶᠠᠪᠤᠳᠠᠯ ᠤᠨ ᠬᠤᠷᠢᠶᠠᠨ ᠤ ᠶᠢᠰᠦᠳᠦᠭᠡᠷ ᠣᠳᠠᠭᠠᠨ ᠤ ᠶᠡᠭᠡ ᠰᠢᠮᠳᠠᠭᠤᠯᠤᠨ ᠪᠠᠶᠢᠴᠠᠭᠠᠯᠲᠠ ᠶᠢ ᠤᠭᠲᠤᠬᠤ ᠪᠡᠯᠡᠳᠬᠡᠯ ᠠᠵᠢᠯ ᠢᠶᠠᠨ ᠰᠠᠶᠢᠲᠤᠷ ᠬᠢᠬᠦ ᠲᠤᠬᠠᠢ ᠲᠤᠬᠢᠷᠠᠭᠤᠯᠤᠯᠲᠠ ᠪᠠᠶᠢᠷᠢᠯᠠᠭᠤᠯᠤᠯᠲᠠ ᠬᠢᠵᠡᠢ᠃      ᠬᠤᠷᠠᠯ ᠨᠢ ᠸᠢᠳᠢᠣ᠋ ᠬᠡᠯᠪᠡᠷᠢ ᠪᠠᠷ ᠬᠤᠷᠠᠯᠳᠤᠵᠤ᠂ ᠡᠯ᠎ᠡ ᠲᠣᠭᠤᠷᠢᠭ ᠲᠤ ᠬᠤᠪᠢᠶᠠᠷᠢ ᠬᠤᠷᠠᠯ ᠤᠨ ᠲᠠᠯᠠᠪᠠᠢ ᠲᠤᠬᠢᠷᠠᠭᠤᠯᠪᠠ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号