ᠤᠳᠤ ᠪᠢᠳᠠ ᠠᠮᠠᠨ ᠤ ᠲᠠᠭᠯᠠᠭ᠎ᠠ ᠵᠡᠬᠦᠬᠦ ᠴᠢᠬᠤᠯᠠᠳᠠᠢ ᠤᠤ︖
ᠨᠡᠶᠢᠲᠡᠯᠡᠭᠰᠡᠨ ᠴᠠᠭ᠄
2022/8/24
     3 ᠰᠠᠷ᠎ᠠ ᠶᠢᠨ 18 ᠤ ᠡᠳᠦᠷ᠂ ᠤᠯᠤᠰ ᠤᠨ ᠡᠷᠡᠬᠦᠯ ᠬᠠᠮᠠᠭᠠᠯᠠᠯ ᠡᠷᠡᠭᠦᠯ ᠮᠡᠨᠳᠦ ᠶᠢᠨ ᠺᠣᠮᠢᠰ ᠤᠨ ᠰᠦᠯᠵᠢᠶᠠᠨ ᠳᠡᠬᠡᠷ᠎ᠡ ︽ᠰᠢᠨᠵᠢᠯᠡᠬᠦ ᠤᠬᠠᠭᠠᠨᠴᠢ ᠪᠠᠷ ᠠᠮᠠᠨ ᠤ ᠲᠠᠭᠯᠠᠭ᠎ᠠ ᠵᠡᠬᠦᠬᠦ ᠲᠤᠬᠠᠢ ᠤᠯᠠᠨ ᠨᠡᠶᠢᠳᠠ ᠳᠤ ᠦᠭᠬᠦ ᠰᠠᠨᠠᠭᠤᠯᠭ᠎ᠠ ᠶᠢ ᠳᠠᠷᠤᠮᠯᠠᠨ ᠲᠠᠷᠬᠠᠭᠠᠬᠤ ᠮᠡᠳᠡᠭᠳᠡᠯ︾ ᠢ ᠨᠡᠶᠢᠳᠡᠯᠡᠵᠦ᠂ ᠶᠠᠮᠠᠷᠰᠢᠦ ᠤᠷᠴᠢᠨ ᠳᠤ ᠶᠠᠮᠠᠷ ᠬᠡᠯᠪᠡᠷᠢ ᠶᠢᠨ ᠠᠮᠠᠨ ᠤ ᠲᠠᠭᠯᠠᠭ᠎ᠠ ᠵᠡᠬᠦᠬᠦ ᠲᠤᠬᠠᠢ ᠬᠡᠳᠦᠨ ᠲᠠᠯ᠎ᠠ ᠶᠢᠨ ᠰᠠᠨᠠᠭᠤᠯᠭ᠎ᠠ ᠳᠤᠷᠠᠳᠴᠠᠢ᠃                       ᠨᠢᠭᠡ᠂ ᠡᠩ ᠤᠨ ᠬᠥᠮᠥᠰ ᠲᠤ ᠥᠭᠬᠦ ᠰᠠᠨᠠᠭᠤᠯᠭ᠎ᠠ              1. ᠭᠡᠷ ᠲᠡᠭᠡᠨ ᠰᠠᠭᠤᠬᠤ ᠪᠤᠶᠤ ᠭᠠᠳᠠᠨ᠎ᠠ ᠬᠥᠮᠥᠨ ᠴᠥᠭᠡᠨ ᠭᠠᠵᠠᠷ ᠢᠶᠠᠷ ᠶᠠᠪᠤᠬᠤ ᠦᠶ᠎ᠡ ᠳᠤ᠂ ᠬᠡᠷᠪᠡ ᠰᠠᠯᠬᠢ ᠰᠠᠶᠢᠨ ᠨᠡᠪᠳᠡᠷᠡᠳᠡᠭ ᠣᠷᠴᠢᠨ ᠳᠤ ᠪᠠᠶᠢᠪᠠᠯ᠂ ᠠᠮᠠᠨ ᠤ ᠲᠠᠭᠯᠠᠭ᠎ᠠ ᠵᠡᠬᠦᠬᠦ ᠦᠬᠡᠢ ᠪᠠᠶᠢᠵᠤ ᠪᠣᠯᠣᠨ᠎ᠠ᠃            2. ᠠᠯᠪᠠᠨ ᠭᠡᠷ᠂ ᠬᠤᠳᠠᠯᠳᠤᠭᠠᠨ ᠤ ᠲᠠᠯᠠᠪᠤᠷ᠂ ᠬᠤᠭᠤᠯᠠᠨ ᠭᠡᠷ᠂ ᠬᠤᠷᠠᠯ ᠤᠨ ᠭᠡᠷ᠂ ᠳᠡᠷᠬᠡᠨ ᠵᠤᠭᠰᠤᠭᠠᠯ ᠤᠨ ᠭᠠᠵᠠᠷ ᠵᠡᠷᠭᠡ ᠬᠦᠮᠦᠨ ᠤᠯᠠᠨ ᠴᠤᠬᠯᠠᠷᠠᠳᠠᠭ ᠭᠠᠵᠠᠷ ᠲᠤ ᠣᠴᠢᠬᠤ᠂ ᠴᠠᠬᠢᠯᠭᠠᠨ ᠱᠠᠲᠤ ᠶᠢ ᠠᠰᠢᠭᠯᠠᠬᠤ ᠪᠤᠶᠤ ᠨᠡᠶᠢᠳᠠ ᠶᠢᠨ ᠮᠠᠰᠢᠨ ᠳᠤ ᠰᠠᠭᠤᠬᠤ ᠦᠶ᠎ᠡ᠂ ᠪᠡᠶᠡᠨ ᠳᠡᠭᠡᠨ ᠨᠢᠭᠡ ᠯᠡ ᠤᠳᠠᠭ᠎ᠠ ᠬᠡᠷᠡᠭᠯᠡᠵᠦ ᠪᠣᠯᠬᠤ ᠠᠮᠠᠨ ᠤ ᠲᠠᠭᠯᠠᠭ᠎ᠠ ᠪᠤᠶᠤ ᠡᠮᠴᠢᠯᠡᠭᠡᠨ ᠳᠤ ᠬᠡᠷᠡᠭᠯᠡᠳᠡᠭ ᠠᠮᠠᠨ ᠤ ᠲᠠᠭᠯᠠᠭ᠎ᠠ ᠠᠪᠴᠤ ᠶᠠᠪᠤᠪᠠᠯ ᠵᠣᠬᠢᠨ᠎ᠠ︔ ᠬᠡᠷᠪᠡ ᠪᠤᠰᠤᠳ ᠲᠠᠢ 1 ᠮᠧᠲᠷ ᠠᠴᠠ ᠣᠶᠢᠷᠠᠬᠠᠨ ᠵᠠᠢ ᠲᠠᠢ ᠪᠠᠶᠢᠪᠠᠯ᠂ ᠡᠷᠬᠡᠪᠰᠢ ᠨᠢᠭᠡ ᠯᠡ ᠤᠳᠠᠭ᠎ᠠ ᠬᠡᠷᠡᠭᠯᠡᠵᠦ ᠪᠣᠯᠬᠤ ᠠᠮᠠᠨ ᠤ ᠲᠠᠭᠯᠠᠭ᠎ᠠ ᠪᠤᠶᠤ ᠡᠮᠴᠢᠯᠡᠭᠡᠨ ᠳᠤ ᠬᠡᠷᠡᠭᠯᠡᠳᠡᠭ ᠠᠮᠠᠨ ᠤ ᠲᠠᠭᠯᠠᠭ᠎ᠠ ᠵᠡᠭᠦᠬᠦ ᠬᠡᠷᠡᠭᠲᠡᠢ︔ ᠬᠢᠵᠢᠭ ᠬᠠᠯᠳᠠᠪᠤᠷᠢᠯᠠᠬᠤ ᠠᠶᠤᠯ ᠲᠠᠢ ᠣᠷᠴᠢᠨ ᠳᠤ ᠡᠷᠬᠡᠪᠰᠢ ᠡᠮᠴᠢᠯᠡᠭᠡᠨ ᠳᠤ ᠬᠡᠷᠡᠭᠯᠡᠬᠦ ᠠᠮᠠᠨ ᠤ ᠲᠠᠭᠯᠠᠭ᠎ᠠ ᠵᠡᠭᠦᠬᠦ ᠬᠡᠷᠡᠭᠲᠡᠢ ᠃             3. ᠬᠠᠨᠢᠶᠠᠬᠤ᠂ ᠨᠠᠶᠢᠳᠠᠭᠠᠬᠤ ᠵᠡᠷᠬᠡ ᠢᠯᠠᠷᠠᠯ ᠲᠠᠢ ᠲᠠᠭᠰᠢᠭᠤᠷ ᠬᠦᠷᠦᠭᠰᠡᠨ ᠬᠥᠮᠥᠰ ᠡᠷᠬᠡᠪᠰᠢ ᠨᠢᠭᠡ ᠯᠡ ᠤᠳᠠᠭ᠎ᠠ ᠬᠡᠷᠡᠭᠯᠡᠵᠦ ᠪᠣᠯᠬᠤ ᠠᠮᠠᠨ ᠤ ᠲᠠᠭᠯᠠᠭ᠎ᠠ ᠪᠤᠶᠤ ᠡᠮᠴᠢᠯᠡᠭᠡᠨ ᠳᠤ ᠬᠡᠷᠡᠭᠯᠡᠳᠡᠭ ᠠᠮᠠᠨ ᠤ ᠲᠠᠭᠯᠠᠭ᠎ᠠ ᠵᠡᠭᠦᠬᠦ ᠬᠡᠷᠡᠭᠲᠡᠢ᠃            4. ᠳᠤᠰᠠᠭᠠᠷᠯᠠᠭᠳᠠᠵᠤ ᠪᠠᠶᠢᠭ᠎ᠠ ᠬᠥᠮᠥᠰ ᠪᠤᠶᠤ ᠡᠪᠡᠳᠴᠢᠨ ᠨᠢ ᠡᠳᠡᠭᠡᠷᠡᠭᠡᠳ ᠡᠮᠨᠡᠯᠭᠡ ᠠᠴᠠ ᠭᠠᠷᠤᠭᠰᠠᠳ  ᠲᠠᠢ ᠬᠠᠮᠲᠤ ᠰᠠᠭᠤᠵᠤ ᠪᠠᠶᠢᠭ᠎ᠠ ᠬᠦᠮᠦᠰ ᠡᠷᠬᠡᠪᠰᠢ ᠨᠢᠭᠡ ᠯᠡ ᠤᠳᠠᠭ᠎ᠠ ᠬᠡᠷᠡᠭᠯᠡᠵᠦ ᠪᠣᠯᠬᠤ ᠠᠮᠠᠨ ᠤ ᠲᠠᠭᠯᠠᠭ᠎ᠠ ᠪᠤᠶᠤ ᠡᠮᠴᠢᠯᠡᠭᠡᠨ ᠳᠤ ᠬᠡᠷᠡᠭᠯᠡᠳᠡᠭ ᠠᠮᠠᠨ ᠤ ᠲᠠᠭᠯᠠᠭ᠎ᠠ ᠵᠡᠭᠦᠬᠦ ᠬᠡᠷᠡᠭᠲᠡᠢ᠃             ᠬᠤᠶᠠᠷ᠂ ᠬᠥᠮᠥᠨ ᠲᠥᠪᠯᠡᠷᠡᠭᠰᠡᠨ ᠭᠠᠵᠠᠷ ᠠᠵᠢᠯᠯᠠᠵᠤ ᠰᠠᠭᠤᠵᠤ ᠪᠠᠶᠢᠭ᠎ᠠ ᠬᠦᠮᠦᠰ ᠲᠤ ᠥᠭᠬᠦ ᠰᠠᠨᠠᠭᠤᠯᠭ᠎ᠠ              1. ᠡᠮᠨᠡᠯᠬᠡ ᠶᠢᠨ ᠬᠤᠷᠢᠶ᠎ᠠ᠂ ᠠᠶᠠᠨᠴᠢᠳ ᠤᠨ ᠮᠠᠰᠢᠨ ᠤ ᠥᠷᠳᠡᠭᠡ᠂ ᠭᠠᠯᠳᠤ ᠳᠡᠷᠬᠡᠨ ᠤ ᠥᠷᠳᠡᠭᠡ᠂ ᠮᠢᠲᠷᠤ᠋ ᠶᠢᠨ ᠥᠷᠲᠡᠭᠡ᠂ ᠨᠢᠰᠬᠡᠯ ᠤᠨ ᠪᠠᠭᠤᠳᠠᠯ᠂ ᠬᠡᠲᠦ ᠳᠡᠯᠭᠡᠬᠦᠷ᠂ ᠬᠤᠭᠤᠯᠠᠨ ᠭᠡᠷ᠂ ᠨᠡᠶᠢᠬᠡᠮ ᠳᠤᠭᠤᠷᠢᠭ ᠪᠠ ᠡᠯ᠎ᠡ ᠪᠠᠶᠢᠭᠤᠯᠭ᠎ᠠ ᠶᠢᠨ ᠤᠷᠤᠵᠤ ᠭᠠᠷᠬᠤ ᠡᠬᠦᠳᠡᠨ ᠳᠤ ᠠᠵᠢᠯᠯᠠᠵᠤ ᠪᠠᠶᠢᠭ᠎ᠠ ᠬᠦᠮᠦᠰ ᠡᠩ ᠤᠨ ᠦᠶ᠎ᠡ ᠳᠤ ᠨᠢᠭᠡ ᠯᠡ ᠤᠳᠠᠭ᠎ᠠ ᠬᠡᠷᠡᠭᠯᠡᠵᠦ ᠪᠣᠯᠬᠤ ᠠᠮᠠᠨ ᠤ ᠲᠠᠭᠯᠠᠭ᠎ᠠ ᠪᠤᠶᠤ ᠡᠮᠴᠢᠯᠡᠭᠡᠨ ᠳᠤ ᠬᠡᠷᠡᠭᠯᠡᠳᠡᠭ ᠠᠮᠠᠨ ᠤ ᠲᠠᠭᠯᠠᠭ᠎ᠠ ᠵᠡᠭᠦᠬᠦ ᠬᠡᠷᠡᠭᠲᠡᠢ᠃ ᠬᠡᠷᠪᠡ ᠪᠤᠰᠤᠳ ᠲᠠᠢ ᠨᠢᠭᠲᠠ ᠣᠶᠢᠷᠠᠳᠬᠤ ᠦᠶ᠎ᠡ ᠳᠤ ᠡᠷᠬᠡᠪᠰᠢ KN95 ᠪᠤᠶᠤ N95 ᠵᠡᠷᠭᠡ ᠲᠤᠰᠬᠠᠢ ᠬᠡᠯᠪᠡᠷᠢ ᠶᠢᠨ ᠠᠮᠠᠨ ᠤ ᠲᠠᠭᠯᠠᠭ᠎ᠠ ᠵᠡᠭᠦᠬᠦ ᠬᠡᠷᠡᠭᠲᠡᠢ᠃            2. ᠬᠢᠨᠳᠠᠨ᠂ ᠠᠰᠠᠷᠠᠮᠵᠢ ᠶᠢᠨ ᠭᠠᠵᠠᠷ᠂ ᠰᠡᠳᠬᠢᠴᠠ ᠶᠢᠨ ᠡᠷᠡᠬᠦᠯ ᠮᠡᠨᠳᠤ ᠶᠢᠨ ᠡᠮᠴᠢᠯᠡᠬᠡᠨ ᠤ ᠪᠠᠶᠢᠭᠤᠯᠤᠮᠵᠢ ᠵᠢᠴᠢ ᠰᠤᠷᠭᠠᠭᠤᠯᠢ ᠶᠢᠨ ᠠᠩᠭᠢ ᠶᠢᠨ ᠭᠡᠷ᠂ ᠪᠠᠷᠢᠯᠭ᠎ᠠ ᠶᠢᠨ ᠠᠵᠢᠯᠴᠢᠳ ᠤᠨ ᠪᠠᠶᠢᠷᠢ ᠵᠡᠷᠬᠡ ᠭᠠᠵᠠᠷ ᠲᠤ ᠪᠠᠶᠢᠭ᠎ᠠ ᠬᠥᠮᠥᠰ ᠡᠩ ᠤᠨ ᠦᠶ᠎ᠡ ᠳᠤ ᠨᠢᠭᠡ ᠯᠡ ᠤᠳᠠᠭ᠎ᠠ ᠬᠡᠷᠡᠭᠯᠡᠵᠦ ᠪᠣᠯᠬᠤ ᠠᠮᠠᠨ ᠤ ᠲᠠᠭᠯᠠᠭ᠎ᠠ ᠪᠤᠶᠤ ᠡᠮᠴᠢᠯᠡᠭᠡᠨ ᠳᠤ ᠬᠡᠷᠡᠭᠯᠡᠳᠡᠭ ᠠᠮᠠᠨ ᠤ ᠲᠠᠭᠯᠠᠭ᠎ᠠ ᠵᠡᠭᠦᠬᠦ ᠬᠡᠷᠡᠭᠲᠡᠢ᠃ ᠬᠡᠷᠪᠡ ᠪᠤᠰᠤᠳ ᠲᠠᠢ ᠨᠢᠭᠲᠠ ᠣᠶᠢᠷᠠᠳᠬᠤ ᠦᠶ᠎ᠡ ᠳᠤ ᠡᠷᠬᠡᠪᠰᠢ KN95 ᠪᠤᠶᠤ N95 ᠵᠡᠷᠭᠡ ᠲᠤᠰᠬᠠᠢ ᠬᠡᠯᠪᠡᠷᠢ ᠶᠢᠨ ᠠᠮᠠᠨ ᠤ ᠲᠠᠭᠯᠠᠭ᠎ᠠ ᠵᠡᠭᠦᠬᠦ ᠬᠡᠷᠡᠭᠲᠡᠢ᠃              ᠭᠤᠷᠪᠠ᠂ ᠬᠢᠵᠢᠭ ᠲᠤ ᠨᠡᠷᠪᠡᠭᠳᠡᠭᠰᠡᠳ ᠪᠠ ᠬᠢᠵᠢᠭ ᠲᠤ ᠨᠡᠷᠪᠡᠭᠳᠡᠭᠰᠡᠳ ᠤᠨ ᠡᠪᠡᠳᠴᠢᠨ ᠤ ᠪᠠᠶᠢᠳᠠᠯ ᠲᠠᠢ ᠲᠥᠰᠥᠭᠡᠲᠡᠢ ᠬᠥᠮᠥᠰ᠂ ᠡᠪᠡᠳᠴᠢᠲᠡᠳ ᠲᠠᠢ ᠨᠢᠭᠲᠠ ᠣᠶᠢᠷᠠᠲᠤᠭᠰᠠᠨ ᠬᠥᠮᠥᠰ ᠪᠠ ᠭᠠᠳᠠᠭᠠᠳᠤ ᠠᠴᠠ ᠢᠷᠡᠭᠰᠡᠨ ᠬᠥᠮᠥᠰ ᠲᠤ ᠥᠭᠬᠦ ᠰᠠᠨᠠᠭᠤᠯᠭ᠎ᠠ              ᠬᠢᠵᠢᠭ ᠲᠤ ᠨᠡᠷᠪᠡᠭᠳᠡᠭᠰᠡᠳ ᠪᠠ ᠬᠢᠵᠢᠭ ᠲᠤ ᠨᠡᠷᠪᠡᠭᠳᠡᠭᠰᠡᠳ ᠤᠨ ᠡᠪᠡᠳᠴᠢᠨ ᠤ ᠪᠠᠶᠢᠳᠠᠯ ᠲᠠᠢ ᠲᠥᠰᠥᠭᠡᠲᠡᠢ ᠬᠥᠮᠥᠰ᠂ ᠡᠪᠡᠳᠴᠢᠲᠡᠳ ᠲᠠᠢ ᠨᠢᠭᠲᠠ ᠣᠶᠢᠷᠠᠲᠤᠭᠰᠠᠨ ᠬᠥᠮᠥᠰ ᠪᠠ ᠭᠠᠳᠠᠭᠠᠳᠤ ᠠᠴᠠ ᠢᠷᠡᠭᠰᠡᠨ ᠬᠥᠮᠥᠰ ᠡᠷᠬᠡᠪᠰᠢ ᠡᠮᠴᠢᠯᠡᠭᠡᠨ ᠳᠤ ᠬᠡᠷᠡᠭᠯᠡᠬᠦ ᠠᠮᠠᠨ ᠤ ᠲᠠᠭᠯᠠᠭ᠎ᠠ ᠪᠤᠶᠤ KN95 ᠪᠠ N95 ᠵᠡᠷᠭᠡ ᠲᠤᠰᠬᠠᠢ ᠬᠡᠯᠪᠡᠷᠢ ᠶᠢᠨ ᠠᠮᠠᠨ ᠤ ᠲᠠᠭᠯᠠᠭ᠎ᠠ ᠵᠡᠭᠦᠬᠦ ᠬᠡᠷᠡᠭᠲᠡᠢ᠃             ᠳᠦᠷᠪᠠ᠂ ᠬᠢᠵᠢᠭ ᠲᠤ ᠨᠡᠷᠪᠡᠭᠳᠡᠭᠰᠡᠳ ᠲᠠᠢ ᠤᠶᠢᠷᠠᠳᠤᠬᠤ ᠪᠣᠯᠣᠮᠵᠢ ᠶᠡᠭᠡ ᠬᠦᠮᠦᠰ ᠲᠤ ᠥᠭᠬᠦ ᠰᠠᠨᠠᠭᠤᠯᠭ᠎ᠠ              1. ᠡᠩ ᠤᠨ ᠡᠬᠦᠳᠡᠨ ᠡᠮᠨᠡᠯᠬᠡ᠂ ᠡᠪᠡᠳᠴᠢᠳᠠᠨ ᠤ ᠦᠷᠦᠭᠡ ᠵᠡᠷᠬᠡ ᠭᠠᠵᠠᠷ ᠢᠶᠠᠷ ᠣᠷᠣᠵᠤ ᠭᠠᠷᠳᠠᠭ ᠡᠮᠴᠢ ᠰᠤᠪᠢᠯᠠᠭᠴᠢᠳ᠂ ᠬᠢᠵᠢᠭ ᠬᠠᠯᠳᠠᠪᠤᠷᠢᠯᠠᠬᠤ ᠠᠶᠤᠯ ᠢᠶᠠᠷ ᠬᠠᠷᠢᠴᠠᠩᠭᠤᠢ ᠪᠠᠭ᠎ᠠ ᠪᠠᠶᠢᠭ᠎ᠠ ᠲᠦᠷᠭᠡᠨ ᠡᠮᠨᠡᠯᠭᠡ ᠶᠢᠨ ᠡᠮᠴᠢ ᠰᠤᠪᠢᠯᠠᠭᠴᠢᠳ᠂ ᠬᠢᠵᠢᠭ ᠢ ᠰᠡᠷᠬᠡᠶᠢᠯᠡᠨ ᠳᠠᠷᠤᠬᠤ ᠠᠵᠢᠯ ᠢ ᠬᠠᠷᠢᠭᠤᠴᠠᠵᠤ ᠪᠠᠶᠢᠭ᠎ᠠ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠬᠥᠮᠥᠰ᠂ ᠴᠠᠭᠳᠠᠭ᠎ᠠ᠂ ᠠᠮᠤᠷ ᠢ ᠬᠠᠮᠠᠭᠠᠯᠠᠭᠴᠢᠳ᠂ ᠴᠡᠪᠡᠷᠯᠡᠭᠴᠢᠳ ᠵᠡᠷᠬᠡ ᠬᠥᠮᠥᠰ ᠡᠷᠬᠡᠪᠰᠢ ᠡᠮᠴᠢᠯᠡᠭᠡᠨ ᠳᠤ ᠬᠡᠷᠡᠭᠯᠡᠬᠦ ᠠᠮᠠᠨ ᠤ ᠲᠠᠭᠯᠠᠭ᠎ᠠ ᠵᠡᠭᠦᠬᠦ ᠬᠡᠷᠡᠭᠲᠡᠢ᠃            2. ᠬᠢᠵᠢᠭ ᠲᠤ ᠨᠡᠷᠪᠡᠭᠳᠡᠭᠰᠡᠳ ᠪᠠ ᠬᠢᠵᠢᠭ ᠲᠤ ᠨᠡᠷᠪᠡᠭᠳᠡᠭᠰᠡᠳ ᠤᠨ ᠡᠪᠡᠳᠴᠢᠨ ᠤ ᠪᠠᠶᠢᠳᠠᠯ ᠲᠠᠢ ᠲᠥᠰᠥᠭᠡᠲᠡᠢ ᠡᠪᠡᠳᠴᠢᠲᠡᠳ ᠤᠨ ᠦᠷᠦᠬᠡ ᠪᠠᠷ ᠬᠦᠷᠦᠭᠰᠡᠨ ᠡᠮᠴᠢ ᠠᠵᠢᠯᠲᠠᠳ᠂ ICU ᠲᠠᠰᠤᠭ ᠲᠤ ᠠᠵᠢᠯᠯᠠᠵᠤ ᠪᠠᠶᠢᠭ᠎ᠠ ᠬᠦᠮᠦᠰ᠂ ᠳᠤᠭᠳᠠᠭᠰᠠᠨ ᠡᠮᠴᠢᠯᠡᠬᠡᠨ ᠤ ᠪᠠᠶᠢᠭᠤᠯᠤᠮᠵᠢ ᠶᠢᠨ ᠬᠠᠯᠠᠭᠤᠷᠠᠭᠰᠠᠨ ᠡᠪᠡᠳᠴᠢᠲᠡᠳ ᠢ ᠡᠮᠴᠢᠯᠡᠬᠦ ᠡᠬᠦᠳᠡᠨ ᠡᠮᠨᠡᠯᠬᠡ ᠶᠢᠨ ᠡᠮᠴᠢ ᠠᠵᠢᠯᠲᠠᠳ᠂ ᠬᠢᠵᠢᠭ ᠬᠠᠯᠳᠠᠪᠤᠷᠢᠯᠠᠬᠤ ᠪᠣᠯᠣᠮᠵᠢ ᠬᠠᠷᠢᠴᠠᠩᠭᠤᠢ ᠶᠡᠭᠡ ᠪᠠᠶᠢᠭ᠎ᠠ ᠲᠦᠷᠭᠡᠨ ᠡᠮᠨᠡᠯᠭᠡ ᠶᠢᠨ ᠡᠮᠴᠢ ᠰᠤᠪᠢᠯᠠᠭᠴᠢᠳ᠂ ᠲᠠᠬᠤᠯ ᠡᠪᠡᠳᠴᠢᠨ ᠤ ᠤᠬᠠᠭᠠᠨ ᠤ ᠪᠠᠶᠢᠴᠠᠭᠠᠯᠳᠠ ᠬᠢᠬᠦ ᠬᠥᠮᠥᠰ᠂ ᠳᠤᠷᠰᠢᠯᠳᠠ ᠶᠢᠨ ᠳᠠᠰᠤᠭ ᠤᠨ ᠠᠵᠢᠯᠲᠠᠳ᠂ ᠠᠷᠢᠭᠤᠳᠬᠠᠭᠴᠢᠳ ᠪᠠ ᠡᠪᠡᠳᠴᠢᠳᠠᠨ ᠢ ᠰᠢᠯᠵᠢᠬᠦᠯᠦᠨ ᠬᠦᠷᠬᠡᠬᠦ ᠬᠦᠮᠦᠰ ᠡᠷᠬᠡᠪᠰᠢ ᠡᠮᠴᠢᠯᠡᠭᠡᠨ ᠳᠤ ᠬᠡᠷᠡᠭᠯᠡᠬᠦ ᠰᠡᠷᠭᠡᠶᠢᠯᠡᠨ ᠬᠠᠮᠠᠭᠠᠯᠠᠬᠤ ᠠᠮᠠᠨ ᠤ ᠲᠠᠭᠯᠠᠭ᠎ᠠ ᠵᠡᠭᠦᠬᠦ ᠬᠡᠷᠡᠭᠲᠡᠢ᠃            3. ᠠᠮᠢᠰᠬᠤᠯ ᠤᠨ ᠵᠠᠮ ᠤᠨ ᠦᠯᠢᠬᠡᠷ ᠬᠡᠪ ᠢ ᠠᠪᠬᠤ ᠠᠵᠢᠯ ᠢ ᠬᠠᠷᠢᠭᠤᠴᠠᠵᠤ ᠪᠠᠶᠢᠭ᠎ᠠ ᠬᠥᠮᠥᠰ᠂ ᠬᠢᠵᠢᠭ ᠲᠤ ᠨᠡᠷᠪᠡᠭᠳᠡᠭᠰᠡᠨ ᠡᠪᠡᠳᠴᠢᠲᠡᠳ ᠲᠤ ᠬᠠᠮᠢᠶᠠᠲᠠᠢ ᠪᠠᠶᠢᠴᠠᠭᠠᠯᠲᠠ ᠪᠠ ᠮᠡᠰᠡ ᠵᠠᠰᠠᠯ ᠬᠢᠵᠦ ᠪᠠᠶᠢᠭ᠎ᠠ ᠡᠮᠴᠢ ᠠᠵᠢᠯᠴᠢᠳ ᠡᠷᠬᠡᠪᠰᠢ ᠨᠢᠳᠦ ᠶᠢ ᠬᠠᠮᠠᠭᠠᠯᠠᠬᠤ ᠰᠢᠯ ᠵᠡᠭᠦᠬᠦ ᠬᠡᠷᠡᠭᠲᠡᠢ ᠪᠥᠭᠡᠳ P100 ᠮᠥᠬᠦᠯᠢᠭᠲᠦ ᠪᠤᠳᠠᠰ ᠢ ᠬᠠᠯᠬᠠᠯᠠᠬᠤ ᠰᠡᠷᠭᠡᠶᠢᠯᠡᠨ ᠬᠠᠮᠠᠭᠠᠯᠠᠬᠤ ᠪᠠᠭᠠᠵᠢ ᠵᠡᠭᠦᠬᠦ ᠬᠡᠷᠡᠭᠲᠡᠢ᠃ ᠰᠡᠷᠭᠡᠶᠢᠯᠡᠨ ᠬᠠᠮᠠᠭᠠᠯᠠᠬᠤ ᠪᠠᠭᠠᠵᠢ ᠬᠡᠷᠡᠭᠰᠡᠯ ᠢ ᠠᠷᠢᠭᠤᠳᠬᠠᠭᠰᠠᠨ ᠤ ᠳᠠᠷᠠᠭ᠎ᠠ ᠳᠠᠬᠢᠨ ᠬᠡᠷᠡᠭᠯᠡᠵᠦ ᠪᠣᠯᠣᠨ᠎ᠠ᠃  
 
ᠢᠷᠡᠯᠲᠡ᠄ ᠬᠤᠯᠪᠤᠭ᠎ᠠ ᠪᠦᠷᠭᠡ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号