ᠲᠠᠩ ᠢ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠥᠷᠭᠡᠳᠬᠡᠭᠰᠡᠨ ᠬᠤᠷᠠᠯ ᠢ ᠡᠷᠭᠢᠯᠡᠨ ᠬᠤᠷᠠᠯᠳᠤᠭᠤᠯᠵᠤ ᠭᠤᠤᠯᠳᠠᠯᠭ᠎ᠠ ᠲᠠᠢ ᠠᠵᠢᠯ ᠢᠶᠠᠨ ᠠᠬᠢᠭᠤᠯᠬᠤ ᠲᠤᠬᠠᠶ ᠰᠤᠳᠤᠯᠪᠠ
ᠨᠡᠶᠢᠲᠡᠯᠡᠭᠰᠡᠨ ᠴᠠᠭ᠄
2022/8/24
     8 ᠰᠠᠷ᠎ᠠ ᠶᠢᠨ 23 ᠤ ᠡᠳᠦᠷ᠂ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠥᠷᠭᠡᠳᠬᠡᠭᠰᠡᠨ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠯᠢᠶᠣᠤᠨᠢᠩ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ︽ᠲᠠᠪᠤ ᠶᠢ ᠲᠤᠶᠢᠯᠪᠤᠷᠢᠳᠠᠢ ᠪᠠᠶᠢᠴᠠᠭᠠᠬᠤ︾ ᠠᠵᠢᠯᠯᠠᠭ᠎ᠠ ᠶᠢ ᠠᠬᠢᠭᠤᠯᠬᠤ ᠵᠡᠷᠭᠡ ᠭᠤᠣᠯᠳᠠᠯᠭ᠎ᠠ ᠲᠠᠢ ᠠᠵᠢᠯ ᠢ ᠰᠤᠳᠤᠯᠪᠠ᠃ ᠬᠤᠲᠠ ᠶᠢᠨ ᠨᠠᠮ ᠤᠨ ᠬᠤᠷᠢᠶᠠᠨ ᠤ ᠱᠦᠵᠢ ᠲᠠᠩ ᠢ ᠬᠤᠷᠠᠯ ᠡᠷᠭᠢᠯᠡᠪᠡ᠃      ᠬᠤᠷᠠᠯ ᠠᠴᠠ ᠵᠢᠭᠠᠵᠤ ᠭᠠᠷᠭᠠᠭᠰᠠᠨ   ᠨᠢ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠨᠢ ᠮᠠᠨ ᠤ ᠬᠤᠳᠠ ᠶᠢᠨ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠠᠵᠢᠯ ᠢ ᠰᠠᠶᠢᠲᠤᠷ ᠬᠢᠬᠦ ᠳᠤ ᠴᠢᠬᠤᠯᠠ ᠵᠢᠯᠣᠭᠤᠳᠬᠤ ᠠᠴᠢ ᠬᠤᠯᠪᠣᠭᠳᠠᠯ ᠲᠠᠢ ᠶᠤᠮ᠂ ᠪᠦᠬᠦ ᠬᠤᠳᠠ ᠪᠠᠷ ᠢᠶᠠᠨ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠬᠡᠷᠡᠭᠲᠡᠢ᠃ ᠦᠢᠯᠡᠳᠦᠯᠭᠡ ᠶᠢᠨ ᠳᠤᠮᠳᠠ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠤ ᠲᠤᠬᠠᠢ ᠲᠠᠨᠢᠯᠲᠠ ᠪᠠᠨ ᠲᠠᠰᠤᠷᠠᠯᠳᠡ ᠦᠭᠡᠢ ᠭᠦᠨᠵᠡᠭᠡᠶᠢᠷᠡᠭᠦᠯᠵᠦ᠂ ᠪᠠᠷᠢᠮᠵᠢᠶ᠎ᠠ ᠯᠤᠭ᠎ᠠ ᠬᠠᠷᠭᠤᠭᠤᠯᠬᠤ ᠶᠢᠨ ᠲᠤᠮᠳᠠ ᠲᠠᠰᠤᠷᠠᠯᠳᠡ ᠦᠭᠡᠢ ᠲᠡᠭᠦᠯᠳᠡᠷᠵᠢᠭᠦᠯᠦᠨ ᠳᠡᠭᠡᠭᠰᠢᠯᠡᠭᠦᠯᠵᠦ᠂ ᠨᠡᠩ ᠶᠡᠭᠡ ᠬᠠᠷᠢᠭᠤᠴᠠᠯᠭ᠎ᠠ ᠡᠭᠦᠷᠭᠡᠯᠡᠬᠦ ᠪᠠᠷ ᠡᠯ᠎ᠡ ᠵᠦᠢᠯ ᠤᠨ ᠠᠵᠢᠯ ᠢᠶᠠᠨ ᠭᠦᠨᠵᠡᠭᠡᠢ ᠠᠬᠢᠭᠤᠯᠵᠤ ᠪᠣᠳᠠᠲᠠᠶᠢᠵᠢᠭᠤᠯᠬᠤ ᠬᠡᠷᠡᠭᠲᠡᠢ᠃ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠪᠣᠬᠢᠷᠲᠤᠯ ᠦᠭᠡᠢ ᠬᠥᠭᠵᠢᠯᠲᠡ ᠶᠢᠨ ᠣᠶᠢᠯᠠᠭᠠᠭᠳᠠᠬᠤᠨ ᠢ ᠡᠯ᠎ᠡ ᠲᠠᠯ᠎ᠠ ᠳᠤ ᠲᠤᠤᠱᠯᠠᠭᠤᠯᠵᠤ᠂ ᠭᠠᠵᠠᠷ ᠣᠷᠣᠨ ᠤ ᠠᠮᠢ ᠠᠬᠤᠶ ᠶᠢᠨ ᠣᠷᠴᠢᠨ ᠲᠤᠭᠤᠷᠢᠨ ᠤ ᠦᠷᠭᠦᠯᠵᠢᠯᠡᠨ ᠰᠠᠶᠢᠵᠢᠷᠠᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠬᠥᠭᠵᠢᠯᠲᠡ ᠶᠢᠨ ᠳᠤᠮᠳᠠ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠶᠢ ᠪᠠᠷᠢᠮᠲᠠᠯᠠᠵᠤ᠂ ︽ᠨᠢᠭᠡ ᠮᠦᠴᠡᠲᠤ ᠨᠡᠶᠢᠭᠡᠮ ᠲᠣᠭᠤᠷᠢᠭ ᠤᠨ ᠠᠮᠢᠳᠤᠷᠠᠯ ᠤᠨ ᠬᠦᠷᠢᠶ᠎ᠡ︾ ᠶᠢᠨ ᠪᠦᠳᠦᠭᠡᠨ ᠪᠠᠶᠢᠭᠤᠯᠤᠯᠲᠠ ᠶᠢᠨ ᠲᠣᠭᠤᠷᠢᠨ ᠳᠤ᠂ ᠠᠷᠠᠳ ᠤᠨ ᠠᠮᠢᠳᠤᠷᠠᠯ ᠤᠨ ᠳᠤᠲᠠᠭᠤᠳᠠᠯ ᠢ ᠳᠠᠰᠤᠷᠠᠯᠳᠠ ᠦᠬᠡᠢ ᠨᠥᠬᠦᠪᠥᠷᠢᠯᠡᠬᠦ ᠬᠡᠷᠡᠭᠲᠡᠢ᠃ ᠦᠶᠡᠷ ᠢ ᠰᠡᠷᠭᠡᠶᠢᠯᠡᠵᠦ ᠭᠠᠮᠰᠢᠭ ᠢ ᠪᠠᠭᠠᠰᠬᠠᠬᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠠᠶᠤᠯᠭᠦᠢ ᠦᠢᠯᠡᠳᠪᠦᠷᠢᠯᠡᠯ ᠵᠡᠷᠭᠡ ᠠᠵᠢᠯ ᠢᠶᠠᠨ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠨᠡᠶᠢᠭᠡᠮ ᠤᠨ ᠶᠡᠭᠡ ᠲᠠᠯ᠎ᠠ ᠶᠢᠨ ᠡᠶ᠎ᠡ ᠵᠣᠬᠢᠴᠠᠩᠭᠤᠢ ᠲᠣᠭᠲᠠᠭᠤᠨ ᠪᠠᠶᠢᠳᠠᠯ ᠢ ᠬᠠᠮᠠᠭᠠᠯᠠᠬᠤ ᠬᠡᠷᠡᠭᠲᠡᠢ ᠭᠡᠵᠡᠢ᠃      ᠬᠤᠷᠠᠯ ᠠᠴᠠ ︽ ᠲᠠᠪᠤ ᠶᠢ ᠲᠤᠶᠢᠯᠪᠤᠷᠢᠳᠠᠢ ᠪᠠᠶᠢᠴᠠᠭᠠᠬᠤ︾ ᠠᠵᠢᠯᠯᠠᠭ᠎ᠠ ᠶᠢ ᠠᠬᠢᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ ᠬᠤᠷᠠᠯ ᠠᠴᠠ ᠴᠢᠬᠤᠯᠠᠴᠢᠯᠠᠭᠰᠠᠨ ᠨᠢ᠂ ︽ ᠲᠠᠪᠤ ᠶᠢ ᠲᠤᠶᠢᠯᠪᠤᠷᠢᠳᠠᠢ ᠪᠠᠶᠢᠴᠠᠭᠠᠬᠤ︾ ᠠᠵᠢᠯᠯᠠᠭ᠎ᠠ ᠶᠢ ᠥᠷᠨᠢᠭᠦᠯᠬᠦ ᠪᠣᠯ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠠᠴᠠ ᠭᠠᠷᠭᠠᠭᠰᠠᠨ ᠴᠢᠬᠤᠯᠠ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠪᠣᠯᠤᠨ᠎ᠠ᠂ ᠡᠯ᠎ᠡ ᠲᠣᠭᠤᠷᠢᠭ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠵᠣᠭᠰᠣᠴᠠ ᠪᠠᠨ ᠳᠡᠭᠡᠭᠰᠢᠯᠡᠭᠦᠯᠵᠦ᠂ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ︽ᠲᠠᠪᠤ ᠶᠢ ᠪᠠᠶᠢᠴᠠᠭᠠᠨ ᠲᠤᠳᠣᠯᠠᠬᠤ︾ ᠶᠢ ᠴᠢᠬᠤᠯᠠ ᠵᠥᠪᠯᠡᠬᠦ ᠵᠦᠢᠯᠡᠰ ᠲᠡᠭᠡᠨ ᠣᠷᠣᠭᠤᠯᠵᠤ᠂ ᠨᠢᠭᠲᠠ ᠲᠤᠬᠢᠷᠠᠭᠤᠯᠵᠤ᠂ ᠬᠦᠴᠦᠲᠡᠢ ᠠᠬᠢᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ︽ᠲᠠᠪᠤᠨ ᠲᠦᠷᠢ ᠲᠥᠷᠬᠦ ᠶᠢ ᠪᠤᠰᠬᠠᠬᠤ︾ ᠶᠢ ᠠᠬᠢᠭᠤᠯᠬᠤ ᠬᠡᠷᠡᠭᠲᠡᠢ᠃ ᠨᠠᠶᠢᠳᠠᠪᠤᠷᠢᠵᠢᠭᠤᠯᠤᠯᠲᠠ ᠪᠠᠨ ᠴᠢᠩᠭᠠᠳᠬᠠᠵᠤ᠂ ᠪᠣᠳᠠᠲᠤ ᠦᠷ᠎ᠡ ᠪᠦᠲᠦᠮᠵᠢ ᠤᠯᠬᠤ ᠪᠠᠷ ᠴᠢᠷᠮᠠᠶᠢᠵᠤ᠂ ᠣᠷᠣᠰᠢᠵᠤ ᠪᠠᠶᠢᠭ᠎ᠠ ᠠᠰᠠᠭᠤᠳᠠᠯ ᠢᠶᠠᠨ ᠵᠦᠢᠯ ᠳᠠᠷᠠᠭᠠᠯᠠᠨ ᠵᠠᠳᠠᠯᠤᠨ ᠰᠤᠳᠤᠯᠵᠤ᠂ ᠠᠵᠢᠯ ᠤᠨ ᠠᠷᠭ᠎ᠠ ᠬᠡᠮᠵᠢᠶ᠎ᠡ ᠪᠠᠨ ᠲᠣᠳᠣᠷᠬᠠᠶᠢᠯᠠᠵᠤ᠂ ᠠᠰᠠᠭᠤᠳᠠᠯ ᠢᠶᠠᠨ ᠪᠦᠲᠦᠮᠵᠢᠲᠡᠢ ᠰᠢᠢᠳᠪᠦᠷᠢᠯᠡᠬᠦ ᠶᠢ ᠦᠨᠡᠨᠬᠦ ᠠᠬᠢᠭᠤᠯᠬᠤ ᠬᠡᠷᠡᠭᠲᠡᠢ᠃ ᠨᠢᠭᠡ ᠠᠴᠠ ᠵᠦᠢᠴᠢᠯᠡᠵᠦ ᠨᠦᠬᠦᠭᠡ ᠶᠢ ᠮᠡᠳᠡᠵᠦ᠂ ᠲᠣᠭᠲᠠᠴᠠ  ᠪᠠᠨ ᠰᠠᠶᠢᠲᠤᠷ ᠪᠠᠶᠢᠭᠤᠯᠵᠤ᠂ ᠲᠡᠦᠬᠡ ᠪᠠ ᠢᠷᠡᠭᠡᠳᠦᠢ ᠳᠤ ᠬᠠᠷᠢᠭᠤᠴᠠᠬᠤ ᠣᠪᠣᠷ ᠢᠶᠠᠷ ᠣᠷᠣᠰᠢᠵᠤ ᠪᠠᠶᠢᠭ᠎ᠠ ᠠᠰᠠᠭᠤᠳᠠᠯ ᠢᠶᠠᠨ ᠪᠦᠬᠦ ᠲᠠᠯ᠎ᠠ ᠪᠠᠷ ᠰᠢᠢᠳᠪᠦᠷᠢᠯᠡᠨ᠂ ᠠᠰᠠᠭᠤᠳᠠᠯ ᠤᠨ ᠬᠠᠳᠠᠭᠠᠯᠠᠯᠲᠠ ᠪᠠᠨ ᠪᠠᠭᠠᠰᠬᠠᠵᠤ᠂ ᠠᠰᠠᠭᠤᠳᠠᠯ ᠤᠨ ᠨᠡᠮᠡᠭᠳᠡᠯ ᠢ ᠬᠤᠷᠢᠭᠯᠠᠬᠤ ᠬᠡᠷᠡᠭᠲᠡᠢ᠃ ᠰᠠᠬᠢᠯᠭ᠎ᠠ ᠪᠠᠲᠤ ᠶᠢ ᠴᠢᠩᠳᠠᠯᠠᠵᠤ᠂ ᠪᠦᠬᠦ ᠲᠠᠯ᠎ᠠ ᠪᠠᠷ ᠰᠢᠯᠭᠠᠷᠠᠵᠤ᠂ ᠠᠵᠢᠯ ᠤᠨ ᠰᠠᠬᠢᠯᠭ᠎ᠠ ᠪᠠᠲᠤ᠂ ᠡᠳ᠋ ᠤᠨ ᠵᠠᠰᠠᠭ ᠠᠵᠤ ᠠᠬᠤᠶ ᠶᠢᠨ ᠰᠠᠬᠢᠯᠭ᠎ᠠ ᠪᠠᠲᠤ ᠶᠢ ᠴᠢᠩᠭ᠎ᠠ  ᠠᠴᠠ ᠴᠢᠩᠭ᠎ᠠ ᠬᠡᠷᠡᠭᠵᠢᠭᠦᠯᠬᠦ ᠬᠡᠷᠡᠭᠲᠡᠶ᠃ ᠬᠠᠮᠵᠢᠯᠴᠠᠭ᠎ᠠ ᠪᠠᠨ ᠴᠢᠩᠭᠠᠳᠬᠠᠵᠤ᠂ ᠤᠯᠠᠨ ᠲᠠᠯ᠎ᠠ ᠪᠠᠷ ᠬᠤᠯᠪᠣᠭᠠᠯᠠᠨ ᠬᠥᠳᠡᠯᠦᠯᠴᠡᠵᠦ᠂ ︽ᠲᠠᠪᠤ ᠶᠢ ᠲᠤᠶᠢᠯᠪᠤᠷᠢᠳᠠᠢ ᠪᠠᠶᠢᠴᠠᠭᠠᠬᠤ︾ ᠶᠢ ᠴᠢᠩᠭ᠎ᠠ ᠪᠦᠭᠡᠳ ᠪᠣᠳᠠᠲᠠᠢ ᠠᠳᠬᠤᠵᠤ᠂ ᠦᠨᠡᠨ ᠪᠣᠳᠠᠲᠠᠢ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ ᠭᠡᠵᠡᠢ᠃      ᠬᠤᠷᠠᠯ ᠠᠴᠠ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠴᠠ ᠨᠠᠰᠢᠬᠢ ᠮᠠᠨ ᠤ ᠬᠤᠳᠠ ᠶᠢᠨ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠤᠭᠰᠠᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ ᠬᠤᠷᠠᠯ ᠠᠴᠠ ᠴᠢᠬᠤᠯᠠᠴᠢᠯᠠᠭᠰᠠᠨ ᠨᠢ᠂ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠪᠣᠯ ᠤᠯᠤᠰ ᠲᠦᠷᠦ ᠶᠢᠨ ᠡᠭᠦᠷᠭᠡ ᠮᠥᠨ᠂ ᠡᠷᠬᠡᠪᠰᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠲᠡᠷᠡ ᠶᠣᠰᠣᠭᠠᠷ ᠨᠢ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ᠃ ᠴᠡᠭᠴᠡᠯᠡᠨ ᠰᠠᠶᠢᠵᠢᠷᠠᠭᠤᠯᠤᠭᠠᠳᠤᠶ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠲᠦᠭᠵᠢᠷᠡᠯ ᠤᠨ ᠴᠢᠭ ᠪᠠ ᠬᠦᠴᠢᠷ ᠠᠰᠠᠭᠤᠳᠠᠯ ᠳᠤ ᠭᠦᠨᠵᠡᠭᠡᠶ ᠵᠠᠳᠠᠯᠤᠯᠲᠠ ᠬᠢᠵᠦ᠂ ᠬᠦᠴᠦᠲᠡᠶ ᠳᠥᠯᠭᠢᠨ ᠠᠬᠢᠭᠤᠯᠵᠤ᠂ ᠠᠰᠠᠭᠤᠳᠠᠯ ᠢ ᠪᠣᠳᠠᠲᠠᠶ ᠪᠠᠷ ᠥᠭᠡᠷᠡᠴᠢᠯᠡᠬᠦ᠂ ᠲᠦᠢᠯᠪᠤᠷᠢᠲᠠᠶ ᠥᠭᠡᠷᠡᠴᠢᠯᠡᠬᠦ᠂ ᠯᠠᠪᠳᠠᠭᠤᠨ ᠪᠠᠲᠤᠲᠠᠶ ᠥᠭᠡᠷᠡᠴᠢᠯᠡᠬᠦ ᠶᠢ ᠦᠨᠡᠨ ᠬᠦ ᠪᠠᠲᠤᠯᠠᠬᠤ ᠬᠡᠷᠡᠭᠲᠡᠶ᠃ ᠨᠢᠭᠡᠨᠲᠡ ᠴᠡᠭᠴᠡᠯᠡᠨ ᠰᠠᠶᠢᠵᠢᠷᠠᠭᠤᠯᠤᠭᠰᠠᠨ ᠠᠰᠠᠭᠤᠳᠠᠯ ᠤᠨ ᠪᠠᠶᠢᠳᠠᠯ ᠢᠶᠠᠨ ᠲᠣᠭᠲᠠᠮᠠᠯ ᠬᠤᠭᠤᠴᠠᠭ᠎ᠠ ᠲᠠᠢ ᠪᠠᠷ ᠲᠤᠬᠢᠷᠠᠭᠤᠯᠵᠤ᠂ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠮᠵᠢ ᠪᠠᠨ ᠦᠷᠭᠦᠯᠵᠢᠯᠡᠨ ᠪᠠᠬᠢᠵᠢᠭᠦᠯᠦᠨ ᠥᠷᠭᠡᠳᠬᠡᠵᠦ᠂ ᠠᠰᠠᠭᠤᠳᠠᠯ ᠤᠨ ᠲᠠᠬᠢᠨ ᠰᠡᠷᠭᠦᠬᠦ ᠶᠢ ᠰᠡᠷᠭᠡᠶᠢᠯᠡᠬᠦ ᠬᠡᠷᠡᠭᠲᠡᠢ ᠬᠡᠵᠡᠢ᠃      ᠬᠤᠷᠠᠯ ᠠᠴᠠ ︽2023 ᠣᠨ ᠤ ᠬᠤᠳᠠ ᠶᠢᠨ ᠲᠤᠰ ᠱᠠᠲᠤᠨ ᠤ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠲᠦᠷᠦᠯ ᠵᠦᠢᠯ ᠤᠨ ᠠᠩᠬ᠎ᠠ ᠠᠯᠬᠤᠮ ᠤᠨ ᠲᠤᠬᠢᠷᠠᠭᠤᠯᠤᠯᠳᠠ ᠶᠢᠨ ᠲᠥᠯᠥᠪᠯᠡᠭᠡ︾ ︽ᠦᠬᠠᠢ ᠬᠤᠳᠠ ᠶᠢᠨ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠶᠡᠷᠦᠩᠬᠡᠢ ᠲᠥᠯᠥᠪᠵᠢᠭᠦᠯᠭᠡ ︵2021 — 2035 ᠣᠨ︶︾ ᠶᠢ ᠬᠢᠨᠠᠨ ᠵᠥᠪᠯᠡᠵᠦ ᠪᠠᠲᠤᠯᠠᠪᠠ᠃      ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠵᠠᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号