ᠲᠠᠩ ᠢ ᠨᠢᠭᠡ ᠮᠥᠴᠡᠲᠦ ᠨᠡᠶᠢᠭᠡᠮ ᠲᠣᠭᠤᠷᠢᠭ ᠤᠨ ᠠᠮᠢᠳᠤᠷᠠᠯ ᠤᠨ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2022/8/25
     8 ᠰᠠᠷ᠎ᠠ ᠶᠢᠨ 24  ᠤ ᠡᠳᠦᠷ᠂ ᠬᠤᠳᠠ ᠶᠢᠨ ᠨᠠᠮ ᠤᠨ ᠬᠤᠷᠢᠶᠠᠨ ᠤ ᠱᠦᠵᠢ ᠲᠠᠩ ᠢ ᠬᠠᠶᠢᠷᠤᠪ ᠤᠨ ᠲᠣᠬᠤᠢ ᠲᠣᠭᠤᠷᠢᠭ ᠲᠤ ᠨᠢᠭᠡ ᠮᠥᠴᠡᠲᠦ ᠨᠡᠶᠢᠭᠡᠮ ᠲᠣᠭᠤᠷᠢᠭ ᠤᠨ ᠠᠮᠢᠳᠤᠷᠠᠯ ᠤᠨ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠪᠠᠶᠢᠴᠠᠭᠠᠨ ᠰᠤᠳᠤᠯᠵᠠᠢ᠃ ᠬᠤᠲᠠ   ᠶᠢᠨ ᠤᠳᠤᠷᠢᠳᠤᠯᠭ᠎ᠠ ᠰᠦᠨ ᠬᠤᠤ᠂ ᠯᠢ ᠴᠦᠨ ᠰᠢᠶᠣᠣ᠂ ᠴᠢᠶᠣᠤ ᠢᠦᠢ ᠬᠠᠮᠲᠤ ᠪᠠᠶᠢᠴᠠᠭᠠᠨ ᠰᠤᠳᠤᠯᠤᠯᠲᠠ ᠬᠢᠪᠡ᠃      ᠰᠢᠨ ᠶᠠᠩ ᠵᠠᠬ᠎ᠠ ᠳᠡᠯᠭᠡᠭᠦᠷ᠂ ᠢ ᠯᠢᠨ ᠵᠠᠬ᠎ᠠ ᠳᠡᠯᠭᠡᠭᠦᠷ ᠲᠤ᠂ ᠲᠠᠩ ᠢ ᠵᠠᠬ᠎ᠠ ᠳᠡᠯᠭᠡᠭᠦᠷ ᠤᠨ ᠴᠢᠳᠠᠮᠵᠢ ᠶᠢᠨ ᠬᠤᠪᠢᠶᠠᠷᠢ ᠲᠣᠭᠤᠷᠢᠭ᠂ ᠬᠥᠮᠥᠨ ᠤ ᠤᠷᠤᠰᠬᠠᠯ ᠤᠨ ᠬᠡᠮᠵᠢᠶ᠎ᠡ ᠵᠢᠴᠢ ᠵᠠᠬ᠎ᠠ ᠳᠡᠯᠭᠡᠭᠦᠷ ᠤᠨ ᠡᠵᠡᠩᠨᠡᠯᠲᠡ ᠬᠠᠮᠢᠶᠠᠷᠤᠯᠲᠠ ᠵᠡᠷᠭᠡ ᠪᠠᠶᠢᠳᠠᠯ ᠢ ᠲᠤᠬᠠᠢ ᠶᠢᠨ ᠭᠠᠵᠠᠷ ᠲᠤᠨᠢ ᠣᠶᠢᠯᠠᠭᠠᠪᠠ᠃ ᠲᠡᠷᠡ ᠬᠡᠯᠡᠭᠰᠡᠨ ᠨᠢ᠂ ᠨᠡᠶᠢᠭᠡᠮ ᠲᠣᠭᠤᠷᠢᠭ ᠤᠨ ᠬᠤᠳᠠᠯᠳᠤᠭ᠎ᠠ ᠪᠣᠯ ᠰᠠᠭᠤᠭᠠᠯᠢ ᠠᠷᠠᠳ ᠤᠨ ᠬᠡᠷᠡᠭᠯᠡᠭᠡᠨ ᠤ ᠴᠢᠬᠤᠯᠠ ᠠᠴᠢᠶᠠᠯᠠᠪᠤᠷᠢ ᠮᠥᠨ᠃ ᠡᠵᠡᠩᠨᠡᠯᠲᠡ ᠶᠢᠨ ᠵᠠᠭᠪᠤᠷ ᠤᠨ ᠰᠢᠨ᠎ᠡ ᠶᠢ ᠡᠭᠦᠳᠴᠦ᠂ ᠬᠤᠳᠠᠯᠳᠤᠭᠠᠨ ᠤ ᠡᠵᠡᠩᠨᠡᠯᠲᠡ ᠶᠢᠨ ᠬᠡᠯᠪᠡᠷᠢ ᠶᠢ ᠪᠠᠶᠠᠯᠢᠭᠵᠢᠭᠤᠯᠵᠤ᠂ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠢ ᠳᠡᠭᠡᠭᠰᠢᠯᠡᠭᠦᠯᠦᠨ ᠥᠭᠡᠷᠡᠴᠢᠯᠡᠬᠦ ᠠᠵᠢᠯ ᠢ ᠰᠠᠶᠢᠲᠤᠷ ᠠᠳᠬᠤᠵᠤ᠂ ᠣᠨᠴᠠᠯᠢᠭᠲᠤ ᠬᠤᠳᠠᠯᠳᠤᠭᠠᠨ ᠤ ᠡᠮᠬᠢ ᠵᠢᠷᠤᠮ ᠲᠠᠢ ᠲᠠᠷᠬᠠᠯᠲᠠ ᠶᠢ ᠠᠬᠢᠭᠤᠯᠵᠤ᠂ ᠡᠷᠬᠢᠨ ᠲᠣᠭᠤᠷᠢᠨ ᠤ ᠰᠠᠭᠤᠭᠠᠯᠢ ᠠᠷᠠᠳ ᠤᠨ ᠡᠳᠦᠷ ᠳᠤᠳᠤᠮ ᠤᠨ ᠠᠮᠢᠳᠤᠷᠠᠯ ᠤᠨ ᠬᠡᠷᠡᠭᠯᠡᠭᠡ ᠪᠠ ᠴᠢᠨᠠᠷ ᠰᠠᠶᠢᠲᠠᠢ ᠠᠮᠢᠳᠤᠷᠠᠯ ᠤᠨ ᠬᠡᠷᠡᠭᠴᠡᠭᠡ ᠶᠢ ᠨᠡᠩ ᠰᠠᠶᠢᠲᠤᠷ ᠬᠠᠩᠭᠠᠬᠤ ᠬᠡᠷᠡᠭᠲᠡᠢ ᠭᠡᠵᠡᠢ᠃      ᠦᠬᠠᠢ ᠶᠢᠨ ᠳᠥᠷᠪᠡᠳᠦᠭᠡᠷ ᠴᠡᠴᠡᠷᠯᠢᠭ ᠤᠨ ᠪᠡᠶ᠎ᠡ ᠲᠠᠮᠢᠷ ᠤᠨ ᠲᠠᠯᠠᠪᠠᠢ ᠳᠤ ᠬᠦᠷᠴᠦ᠂ ᠲᠠᠩ ᠢ ᠠᠷᠠᠳ ᠲᠤ ᠲᠦᠬᠦᠮ ᠦᠵᠡᠭᠦᠯᠬᠦ ᠪᠡᠶ᠎ᠡ ᠲᠠᠮᠢᠷ ᠤᠨ ᠬᠥᠳᠡᠯᠭᠡᠭᠡᠨ ᠤ ᠪᠡᠶ᠎ᠡ ᠴᠢᠭᠢᠷᠠᠭᠵᠢᠭᠤᠯᠬᠤ ᠲᠥᠬᠦᠭᠡᠷᠦᠮᠵᠢ ᠶᠢᠨ ᠬᠡᠷᠡᠭᠯᠡᠯᠲᠡ ᠶᠢᠨ ᠪᠠᠶᠢᠳᠠᠯ ᠢ ᠪᠠᠶᠢᠴᠠᠭᠠᠨ ᠦᠵᠡᠪᠡ᠃ ᠲᠡᠷᠡ ᠢᠯᠡᠷᠬᠡᠶᠢᠯᠡᠭᠰᠡᠨ ᠨᠢ᠂ ᠣᠳᠣᠬᠠᠨ ᠳᠤ ᠰᠡᠯᠡᠭᠦᠴᠡᠯ ᠪᠡᠶ᠎ᠡ ᠴᠢᠭᠢᠷᠠᠭᠵᠢᠭᠤᠯᠤᠯᠲᠠ ᠨᠢ ᠨᠢᠭᠡᠨᠲᠡ ᠠᠷᠠᠳ ᠣᠯᠠᠨ ᠤ ᠡᠳᠦᠷ ᠲᠤᠲᠤᠮ ᠤᠨ ᠠᠮᠢᠳᠤᠷᠠᠯ ᠤᠨ ᠲᠤᠲᠠᠭᠳᠠᠵᠤ ᠪᠣᠯᠣᠰᠢ ᠦᠭᠡᠢ ᠨᠢᠭᠡ ᠶᠠᠪᠤᠳᠠᠯ ᠪᠣᠯᠵᠠᠢ᠃ ᠬᠤᠳᠠ ᠶᠢ ᠰᠢᠨᠡᠳᠬᠡᠬᠦ ᠪᠠ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠬᠦ ᠠᠵᠢᠯ ᠲᠠᠢ ᠤᠶᠠᠯᠳᠤᠭᠤᠯᠵᠤ᠂ ᠵᠢᠵᠢᠭ ᠬᠡᠰᠡᠭ ᠰᠤᠯᠠ ᠵᠠᠳᠠᠭᠠᠢ ᠭᠠᠵᠠᠷ᠂ ᠥᠨᠴᠥᠭ ᠪᠤᠯᠤᠩ ᠭᠠᠵᠠᠷ᠂ ᠰᠤᠯᠠ ᠪᠠᠶᠢᠭ᠎ᠠ ᠭᠠᠵᠠᠷ ᠢ ᠵᠣᠬᠢᠰᠲᠠᠢ ᠠᠰᠢᠭᠯᠠᠵᠤ᠂ ᠪᠢᠴᠢᠯ ᠥᠭᠡᠷᠡᠴᠢᠯᠡᠯᠲᠡ ᠪᠠᠷ ᠳᠠᠮᠵᠢᠨ ᠪᠡᠶ᠎ᠡ ᠴᠢᠭᠢᠷᠠᠭᠵᠢᠭᠤᠯᠬᠤ ᠲᠥᠬᠦᠭᠡᠷᠦᠮᠵᠢ ᠶᠢ ᠲᠡᠭᠦᠯᠳᠡᠷᠵᠢᠭᠦᠯᠵᠦ᠂ ᠴᠢᠳᠠᠮᠵᠢ ᠶᠢᠨ ᠳᠤᠲᠠᠭᠤᠳᠠᠯ ᠢ ᠨᠥᠬᠦᠪᠦᠷᠢᠯᠡᠵᠦ᠂ ᠰᠠᠭᠤᠭᠠᠯᠢ ᠠᠷᠠᠳ ᠤᠨ ᠳᠡᠷᠭᠡᠳᠡᠬᠢ ᠤᠯᠠᠨ ᠨᠡᠶᠢᠲᠡ ᠶᠢᠨ ᠠᠵᠢᠯᠯᠠᠭᠠᠨ ᠤ ᠲᠠᠯᠠᠪᠤᠷ ᠢ ᠰᠠᠶᠢᠲᠤᠷ ᠪᠠᠶᠢᠭᠤᠯᠵᠤ᠂ ᠠᠳᠠᠯᠢ ᠪᠤᠰᠤ ᠨᠠᠰᠤᠨ ᠤ ᠬᠥᠮᠥᠰ ᠤᠨ ᠤᠯᠠᠨ ᠶᠠᠩᠵᠤᠴᠢᠯᠠᠭᠰᠠᠨ ᠪᠡᠶ᠎ᠡ ᠴᠢᠭᠢᠷᠠᠭᠵᠢᠭᠤᠯᠬᠤ ᠬᠡᠷᠡᠭᠴᠡᠭᠡ ᠶᠢ ᠨᠡᠩ ᠰᠠᠶᠢᠲᠤᠷ ᠬᠠᠩᠭᠠᠬᠤ ᠬᠡᠷᠡᠭᠲᠡᠢ ᠭᠡᠵᠡᠢ᠃      ᠰᠢᠨᠬᠤᠸᠠ ᠵᠡᠭᠡᠯᠢ ᠭᠤᠳᠤᠮᠵᠢ ᠶᠢᠨ ᠰᠢᠨ ᠨᠠᠨ ᠨᠡᠶᠢᠭᠡᠮ ᠲᠣᠭᠤᠷᠢᠭ ᠤᠨ ᠭᠡᠷ ᠲᠡᠭᠡᠨ ᠰᠠᠭᠤᠭ᠎ᠠ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠦᠷᠳᠡᠭᠡ ᠳᠤ᠂ ᠲᠠᠩ ᠢ ᠦᠢᠯᠡᠴᠢᠯᠡᠭᠡᠨ ᠤ ᠬᠡᠪᠴᠢᠶ᠎ᠡ᠂  ᠬᠥᠮᠥᠨ ᠠᠮᠠ ᠶᠢᠨ ᠪᠦᠷᠬᠦᠴᠡ᠂ ᠦᠢᠯᠡᠴᠢᠯᠡᠭᠡᠨ ᠤ ᠠᠭᠤᠯᠭ᠎ᠠ ᠵᠢᠴᠢ ᠡᠵᠡᠩᠨᠡᠯᠲᠡ ᠶᠢᠨ ᠵᠠᠭᠪᠤᠷ ᠵᠡᠷᠭᠡ ᠪᠠᠶᠢᠳᠠᠯ ᠢ ᠨᠠᠷᠢᠨ ᠯᠠᠪᠯᠠᠨ ᠠᠰᠠᠭᠤᠪᠠ᠃ ᠲᠡᠷᠡ ᠬᠠᠷᠢᠭᠤᠴᠠᠯᠭᠠᠲᠠᠨ ᠳᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠡᠵᠡᠩᠨᠡᠯᠲᠡ ᠶᠢᠨ ᠣᠳᠣᠬᠢ ᠪᠠᠶᠢᠳᠠᠯ ᠢ ᠨᠠᠷᠢᠨ ᠬᠢᠨᠠᠮᠠᠭᠠᠢ ᠵᠠᠳᠠᠯᠤᠨ ᠰᠤᠳᠤᠯᠵᠤ᠂ ᠬᠠᠨᠳᠤᠯᠭᠠᠲᠤ ᠴᠢᠨᠠᠷᠲᠠᠢ ᠪᠠᠷ ᠢᠵᠢ ᠪᠦᠷᠢᠳᠦᠭᠦᠯᠬᠦ ᠴᠢᠳᠠᠮᠵᠢ ᠶᠢ ᠲᠡᠭᠦᠯᠳᠡᠷᠵᠢᠭᠦᠯᠵᠦ᠂ ᠦᠢᠯᠡᠴᠢᠯᠡᠭᠡᠨ ᠤ ᠬᠡᠯᠬᠢᠶ᠎ᠡ ᠶᠢ ᠤᠷᠲᠤᠳᠬᠠᠵᠤ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠬᠠᠩᠭᠠᠯᠭ᠎ᠠ᠂ ᠨᠠᠰᠤᠵᠢᠯ ᠤᠨ ᠠᠰᠠᠷᠠᠮᠵᠢ ᠶᠢᠨ ᠲᠠᠯᠠᠪᠤᠷ ᠤᠨ ᠣᠷᠴᠢᠨ ᠨᠥᠬᠦᠴᠡᠯ ᠢ ᠳᠡᠭᠡᠭᠰᠢᠯᠡᠭᠦᠯᠬᠦ᠂ ᠨᠠᠰᠤᠵᠢᠯ ᠤᠨ ᠠᠰᠠᠷᠠᠮᠵᠢ ᠶᠢᠨ ᠣᠶᠤᠨᠴᠢ ᠦᠢᠯᠡᠴᠢᠯᠡᠭᠡᠨ ᠤ ᠴᠢᠳᠠᠪᠤᠷᠢ ᠶᠢᠨ ᠪᠠᠶᠢᠭᠤᠯᠤᠯᠲᠠ ᠵᠡᠷᠭᠡ ᠲᠠᠯ᠎ᠠ ᠪᠠᠷ ᠢᠳᠡᠪᠬᠢᠲᠡᠢ ᠪᠠᠷ ᠬᠠᠶᠢᠨ ᠰᠦᠪᠡᠭᠴᠢᠯᠡᠵᠦ ᠰᠢᠨ᠎ᠡ ᠶᠢ ᠡᠭᠦᠳᠴᠦ᠂ ᠲᠤᠰᠬᠠᠶᠢᠵᠢᠭᠰᠠᠨ᠂ ᠪᠠᠷᠢᠮᠵᠢᠶᠠᠵᠢᠭᠰᠠᠨ᠂ ᠴᠢᠨᠠᠷ ᠰᠠᠶᠢᠲᠠᠢ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠨᠡᠷᠡᠳᠤ ᠲᠡᠮᠳᠡᠭ ᠢ ᠬᠦᠴᠦᠯᠡᠨ ᠡᠭᠦᠳᠴᠦ᠂ ᠤᠯᠠᠨ ᠲᠦᠮᠡᠨ ᠳᠤ ᠦᠢᠯᠡᠴᠢᠯᠡᠬᠦ ︽ᠡᠴᠦᠰ ᠤᠨ ᠨᠢᠭᠡ ᠮᠧᠲᠷ︾ ᠢ ᠦᠨᠡᠨ ᠬᠦ ᠨᠡᠪᠲᠡᠷᠡᠭᠦᠯᠬᠦ ᠬᠡᠷᠡᠭᠲᠡᠢ ᠭᠡᠵᠡᠢ᠃      ᠲᠠᠩ ᠢ ᠬᠡᠯᠡᠭᠰᠡᠨ ᠨᠢ᠂ ᠨᠢᠭᠡ ᠮᠥᠴᠡᠲᠦ ᠨᠡᠶᠢᠭᠡᠮ ᠲᠣᠭᠤᠷᠢᠭ ᠤᠨ ᠠᠮᠢᠳᠤᠷᠠᠯ ᠤᠨ ᠬᠦᠷᠢᠶ᠎ᠡ ᠶᠢ ᠪᠠᠶᠢᠭᠤᠯᠬᠤ ᠪᠣᠯ ᠬᠤᠳᠠ ᠶᠢᠨ ᠴᠢᠳᠠᠪᠬᠢ ᠶᠢ ᠲᠡᠭᠦᠯᠳᠡᠷᠵᠢᠭᠦᠯᠬᠦ᠂ ᠬᠤᠳᠠ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠪᠦᠲᠦᠮᠵᠢᠲᠡᠢ ᠠᠷᠭ᠎ᠠ ᠬᠡᠮᠵᠢᠶ᠎ᠡ᠂ ᠴᠢᠬᠤᠯᠠ ᠠᠷᠠᠳ ᠤᠨ ᠰᠡᠳᠬᠢᠯ ᠤᠨ ᠢᠨᠵᠧᠨᠧᠷᠢᠩ᠂ ᠠᠷᠠᠳ ᠤᠨ ᠠᠮᠢᠳᠤᠷᠠᠯ ᠤᠨ ᠢᠨᠵᠧᠨᠧᠷᠢᠩ ᠪᠣᠯᠣᠨ᠎ᠠ᠃ ᠡᠯ᠎ᠡ ᠲᠣᠭᠤᠷᠢᠭ ᠡᠯ᠎ᠡ ᠰᠠᠯᠠᠭ᠎ᠠ ᠮᠥᠴᠢᠷ ᠤᠨ ᠬᠢᠨ ᠬᠡᠷᠡᠭᠴᠡᠭᠡ ᠶᠢ ᠠᠷᠠᠳ ᠠᠴᠠ ᠠᠰᠠᠭᠤᠬᠤ ᠶᠢ ᠢᠮᠠᠭᠲᠠ ᠪᠠᠷᠢᠮᠲᠠᠯᠠᠵᠤ᠂ ︽ᠠᠷᠠᠳ ᠲᠤ ᠲᠦᠭᠦᠮ ᠦᠵᠡᠭᠦᠯᠬᠦ᠂ ᠠᠷᠠᠳ ᠲᠤ ᠠᠰᠢᠭᠲᠠᠢ᠂ ᠠᠷᠠᠳ ᠲᠤ ᠠᠰᠢᠭ ᠬᠦᠷᠲᠡᠭᠡᠬᠦ︾ ᠤᠳᠤᠷᠢᠳᠤᠮᠵᠢ ᠶᠢ ᠲᠤᠪᠤᠶᠢᠯᠭᠠᠵᠦ᠂ ᠠᠷᠠᠳ ᠤᠯᠠᠨ ᠤ ᠬᠠᠯᠠᠭᠤᠨ ᠬᠦᠢᠲᠡᠨ ᠢ ᠠᠩᠬᠠᠷᠴᠤ᠂ ᠠᠷᠠᠳ ᠤᠨ ᠠᠮᠢᠳᠤᠷᠠᠯ ᠤᠨ ᠬᠠᠯᠠᠮᠵᠢᠯᠠᠯ ᠢ ᠢᠯᠡᠷᠡᠭᠦᠯᠵᠦ᠂ ᠤᠯᠠᠨ ᠲᠦᠮᠡᠨ ᠳᠤ ᠡᠭᠡᠯ ᠵᠢᠷ ᠤᠨ ᠬᠤᠳᠠ ᠶᠢᠨ ᠠᠮᠢᠳᠤᠷᠠᠯ ᠤᠨ ᠵᠠᠩᠰᠢᠯ ᠤᠨ ᠠᠭᠤᠷ ᠠᠮᠢᠰᠬᠤᠯ ᠢ ᠦᠨᠡᠨᠬᠦ ᠮᠡᠳᠡᠷᠡᠭᠦᠯᠬᠦ ᠬᠡᠷᠡᠭᠲᠡᠢ ᠭᠡᠵᠡᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号