ᠬᠠᠶᠢᠷᠤᠪ ᠤᠨ ᠲᠣᠬᠤᠢ ᠲᠣᠭᠤᠷᠢᠭ ᠤᠨ ᠬᠢᠨ 2022 ᠣᠨ ᠤ ᠠᠩᠬᠠᠳᠠᠭᠴᠢ ᠰᠦᠯᠵᠢᠶᠡᠨ ᠭᠠᠳᠠᠨᠠᠬᠢ ᠠᠵᠢᠯᠲᠠᠨ ᠡᠯᠰᠡᠬᠦ ᠴᠤᠭᠯᠠᠭᠠᠨ ᠢ ᠠᠮᠵᠢᠯᠲᠠ ᠲᠠᠢ ᠡᠷᠬᠢᠯᠡᠪᠡ
ᠨᠡᠶᠢᠲᠡᠯᠡᠭᠰᠡᠨ ᠴᠠᠭ᠄
2022/8/3
     7 ᠰᠠᠷ᠎ᠠ ᠶᠢᠨ 30  ᠤ ᠡᠳᠦᠷ᠂ ︽ᠦᠬᠠᠢ ᠳᠤ ︿ᠲᠤᠰᠢᠶᠠᠯ ᠳᠤ ᠭᠠᠷᠬᠤ﹀᠂ ᠢᠷᠡᠭᠡᠳᠦᠢ ᠪᠠᠨ ᠤᠭᠲᠤᠶ᠎ᠠ︾ ᠭᠡᠬᠦ ᠭᠤᠣᠯ ᠰᠡᠳᠦᠪ ᠲᠠᠢ ᠬᠠᠶᠢᠷᠤᠪ ᠤᠨ ᠲᠣᠬᠤᠢ ᠲᠣᠭᠤᠷᠢᠭ ᠤᠨ 2022 ᠣᠨ ᠤ ᠠᠩᠬᠠᠳᠠᠭᠴᠢ ᠰᠦᠯᠵᠢᠶᠡᠨ ᠭᠠᠳᠠᠨᠠᠬᠢ ᠠᠵᠢᠯᠲᠠᠨ ᠡᠯᠰᠡᠬᠦ ᠴᠤᠭᠯᠠᠭᠠᠨ ᠥᠨᠳᠥᠷᠯᠡᠪᠡ᠃      ᠣᠶᠢᠯᠠᠭᠠᠭᠰᠠᠨ ᠢᠶᠠᠷ᠂ ᠲᠣᠰ ᠤᠳᠠᠭᠠᠨ ᠤ ᠠᠵᠢᠯᠲᠠᠨ ᠡᠯᠰᠡᠬᠦ ᠴᠤᠭᠯᠠᠭᠠᠨ ᠢ ᠬᠠᠶᠢᠷᠤᠪ ᠤᠨ ᠲᠣᠬᠤᠢ ᠲᠣᠭᠤᠷᠢᠭ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠠᠴᠠ ᠭᠤᠣᠯᠯᠠᠨ ᠡᠷᠭᠢᠯᠡᠵᠦ᠂ ᠬᠠᠶᠢᠷᠤᠪ ᠤᠨ ᠲᠣᠬᠤᠢ ᠲᠣᠭᠤᠷᠢᠭ ᠤᠨ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠠᠴᠠ ᠳᠠᠭᠠᠭᠠᠨ ᠡᠷᠭᠢᠯᠡᠵᠦ᠂ ᠬᠠᠶᠢᠷᠤᠪ ᠤᠨ ᠲᠣᠬᠤᠢ ᠲᠣᠭᠤᠷᠢᠭ ᠤᠨ ᠡᠮᠡᠭᠲᠡᠶᠢᠴᠦᠳ ᠤᠨ ᠬᠤᠯᠪᠣᠭᠠᠲᠤ ᠬᠤᠷᠠᠯ᠂ ᠬᠠᠶᠢᠷᠤᠪ ᠤᠨ ᠲᠣᠬᠤᠢ ᠲᠣᠭᠤᠷᠢᠭ ᠤᠨ  ᠡᠪᠯᠡᠯ ᠤᠨ ᠬᠤᠷᠢᠶ᠎ᠠ᠂ ᠬᠠᠶᠢᠷᠤᠪ ᠤᠨ ᠲᠣᠬᠤᠢ ᠲᠣᠭᠤᠷᠢᠭ ᠤᠨ ᠵᠡᠮᠳᠡᠭᠴᠦᠳ ᠤᠨ ᠬᠤᠯᠪᠤᠭ᠎ᠠ ᠬᠠᠮᠵᠢᠯᠴᠠᠨ ᠡᠷᠬᠢᠯᠡᠪᠡ᠃ ᠬᠠᠶᠢᠷᠤᠪ ᠤᠨ ᠲᠣᠬᠤᠢ ᠲᠣᠭᠤᠷᠢᠭ ᠤᠨ 60 ᠭᠠᠷᠤᠢ ᠠᠵᠤ ᠠᠬᠤᠶᠢᠯᠠᠯ ᠲᠣᠰ ᠤᠳᠠᠭᠠᠨ ᠤ ᠠᠵᠢᠯᠲᠠᠨ ᠡᠯᠰᠡᠬᠦ ᠬᠤᠷᠠᠯ ᠳᠤ ᠣᠷᠣᠯᠴᠠᠵᠤ᠂ ᠨᠢᠭᠡᠳᠦᠭᠡᠷ ᠹᠷᠣᠨᠲ ᠤᠨ ᠠᠵᠢᠯᠯᠠᠭᠴᠢ᠂ ᠮᠡᠷᠭᠡᠵᠢᠯ ᠤᠨ ᠢᠨᠵᠧᠨᠧᠷᠢᠩ ᠤᠨ ᠠᠵᠢᠯᠲᠠᠨ᠂ ᠠᠵᠢᠯᠲᠠᠨ ᠤ ᠶᠠᠪᠤᠳᠠᠯ ᠤᠨ ᠲᠤᠰᠬᠠᠢ ᠲᠤᠰᠢᠶᠠᠯᠲᠠᠨ᠂ ᠪᠣᠷᠤᠯᠠᠭᠤᠯᠭ᠎ᠠ ᠶᠢᠨ ᠬᠥᠲᠥᠴᠢ᠂ ᠪᠣᠯᠪᠠᠰᠤᠷᠠᠭᠤᠯᠤᠯ ᠤᠨ ᠪᠠᠭᠰᠢ᠂ ᠲᠦᠷᠭᠡᠨ ᠬᠦᠷᠭᠡᠭᠴᠢ᠂ ᠠᠳᠠᠯ ᠠᠬᠤᠢ ᠶᠢᠨ ᠠᠵᠢᠯᠲᠠᠨ᠂ ᠵᠣᠴᠢᠳ ᠤᠨ ᠪᠠᠭᠤᠳᠠᠯ ᠤᠨ ᠦᠢᠯᠡᠴᠢᠯᠡᠭᠴᠢ᠂ ᠣᠶᠣᠳᠠᠯ ᠤᠨ ᠠᠵᠢᠯᠴᠢᠨ ᠵᠡᠷᠭᠡ ᠠᠵᠢᠯ ᠤᠨ ᠪᠠᠶᠢᠷᠢ ᠶᠢᠨ ᠲᠥᠷᠥᠯ ᠵᠦᠢᠯ ᠢ 100 ᠭᠠᠷᠤᠢ ᠬᠠᠩᠭᠠᠵᠤ᠂ ᠪᠠᠷᠤᠭ 7000 ᠠᠵᠢᠯ ᠤᠨ ᠪᠠᠶᠢᠷᠢ ᠠᠵᠢᠯᠲᠠᠨ ᠡᠯᠰᠡᠬᠦ ᠪᠠᠷ ᠪᠣᠶ᠃ ᠲᠣᠰ ᠤᠳᠠᠭ᠎ᠠ 1300 ᠭᠠᠷᠤᠢ ᠬᠥᠮᠥᠨ ᠲᠠᠯᠠᠪᠠᠶ ᠳᠤ ᠣᠷᠣᠵᠤ᠂ 800 ᠭᠠᠷᠤᠢ ᠬᠥᠮᠥᠨ ᠠᠴᠠ ᠠᠰᠠᠭᠤᠨ ᠯᠠᠪᠯᠠᠵᠤ᠂ ᠲᠤᠬᠠᠢ ᠶᠢᠨ ᠲᠠᠯᠠᠪᠤᠷ ᠲᠤ ᠠᠵᠢᠯ ᠣᠯᠬᠤ ᠰᠠᠨᠠᠮᠵᠢ ᠲᠠᠢ ᠪᠣᠯᠤᠭᠰᠠᠨ ᠨᠢ 200 ᠭᠠᠷᠤᠢ ᠬᠥᠮᠥᠨ ᠪᠠᠶᠢᠨ᠎ᠠ᠃ ᠠᠵᠢᠯᠲᠠᠨ ᠡᠯᠰᠡᠬᠦ ᠴᠤᠭᠯᠠᠭᠠᠨ ᠤ ᠲᠤᠬᠠᠢ ᠶᠢᠨ ᠲᠠᠯᠠᠪᠤᠷ ᠲᠤ ᠴᠠᠭ ᠲᠤᠬᠠᠢ  ᠳᠤᠨᠢ  ᠲᠢᠺᠡ ᠲᠣᠺ ᠢᠶᠠᠷ ᠰᠢᠭᠤᠳ ᠨᠡᠪᠲᠡᠷᠡᠭᠦᠯᠵᠦ᠂ ᠬᠤᠶᠠᠷ ᠴᠠᠭ ᠦᠷᠭᠦᠯᠵᠢᠯᠡᠭᠰᠡᠨ ᠰᠦᠯᠵᠢᠶᠡᠨ ᠤ ᠰᠢᠭᠤᠳ ᠨᠡᠪᠲᠡᠷᠡᠭᠦᠯᠭᠡ ᠪᠠᠷ ︽ᠠᠵᠢᠯᠲᠠᠨ ᠡᠯᠰᠡᠬᠦ︾ ᠠᠵᠢᠯᠯᠠᠭ᠎ᠠ ᠥᠷᠨᠢᠭᠦᠯᠵᠦ᠂ ᠲᠤᠬᠠᠢ ᠶᠢᠨ ᠲᠠᠯᠠᠪᠤᠷ ᠲᠤ ᠬᠦᠷᠴᠦ ᠳᠡᠶᠢᠯᠬᠦ ᠦᠭᠡᠢ ᠠᠵᠢᠯ ᠡᠷᠢᠭᠰᠡᠳ ᠲᠤ ᠰᠦᠯᠵᠢᠶᠡᠨ ᠳᠡᠭᠡᠷ᠎ᠡ ᠠᠵᠢᠯᠲᠠᠨ ᠡᠯᠰᠡᠬᠦ ᠴᠤᠭᠯᠠᠭᠠᠨ ᠳᠤ ᠣᠷᠤᠯᠴᠠᠬᠤ ᠳᠤ ᠲᠥᠬᠦᠮ ᠦᠵᠡᠭᠦᠯᠪᠡ᠃      ᠳᠠᠷᠠᠭᠠᠴᠢ ᠶᠢᠨ ᠠᠯᠬᠤᠮ ᠳᠤ᠂ ᠬᠠᠶᠢᠷᠤᠪ ᠤᠨ ᠲᠣᠬᠤᠢ ᠶᠢᠨ ᠲᠣᠭᠤᠷᠢᠭ ᠤᠨ ︽ᠵᠠᠭᠤᠨ ᠡᠳᠦᠷ ᠲᠤ ᠮᠢᠩᠭᠠᠨ ᠲᠦᠮᠡᠨ ᠬᠥᠮᠥᠨ ᠤᠷᠢᠵᠤ ᠬᠡᠷᠡᠭᠯᠡᠬᠦ ᠲᠤᠰᠬᠠᠢ ᠠᠵᠢᠯᠯᠠᠭ᠎ᠠ︾ ᠶᠢᠨ ᠥᠷᠨᠢᠯᠲᠡ ᠶᠢ ᠦᠷᠭᠦᠯᠵᠢᠯᠡᠨ ᠠᠬᠢᠭᠤᠯᠵᠤ᠂ ᠬᠠᠶᠢᠷᠤᠪ ᠤᠨ ᠲᠣᠬᠤᠢ ᠲᠣᠭᠤᠷᠢᠭ ᠤᠨ ᠭᠤᠣᠯᠳᠠᠯᠭ᠎ᠠ ᠲᠠᠢ ᠬᠦᠮᠦᠰ ᠤᠨ ᠠᠵᠤ ᠠᠬᠤᠶᠢᠯᠠᠯ ᠲᠠᠢ ᠨᠡᠪᠲᠡᠷᠡᠯᠴᠡᠬᠦ ᠬᠥᠭᠦᠷᠭᠡ ᠪᠠᠶᠢᠭᠤᠯᠵᠤ᠂ ᠭᠤᠣᠯᠳᠠᠯᠭ᠎ᠠ ᠲᠠᠢ ᠬᠦᠮᠦᠰ ᠤᠨ ᠠᠵᠢᠯ ᠣᠯᠭᠤᠯᠲᠠ ᠶᠢᠨ ᠠᠷᠭ᠎ᠠ ᠵᠠᠮ ᠢ ᠲᠠᠰᠤᠷᠠᠯᠳᠡ ᠦᠭᠡᠢ ᠥᠷᠭᠡᠳᠬᠡᠵᠦ᠂ ᠠᠵᠤ ᠠᠬᠤᠶᠢᠯᠠᠯ ᠤᠨ ᠡᠷᠳᠡᠮᠲᠡᠨ ᠴᠢᠳᠠᠪᠤᠷᠢᠲᠠᠨ ᠢ ᠡᠯᠰᠡᠵᠦ ᠠᠪᠬᠤ ᠳᠤ ᠬᠦᠴᠦᠨ ᠨᠡᠮᠡᠷᠢᠯᠡᠨ᠎ᠡ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号