ᠪᠥᠬᠦ ᠣᠷᠣᠨ ᠤ ᠡᠮ ᠡᠮᠨᠡᠯᠭᠡ ᠶᠢᠨ ᠦᠨ᠎ᠡ ᠬᠠᠩᠰᠢ ᠪᠠ ᠳᠠᠭᠠᠭᠠᠴᠢᠯᠠᠯᠲᠠ ᠵᠠᠷᠯᠠᠵᠤ ᠬᠤᠳᠠᠯᠳᠤᠨ ᠠᠪᠬᠤ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠤᠨ ᠠᠩᠭᠢ ᠮᠠᠨ ᠤ ᠬᠤᠲᠠ ᠳᠤ ᠶᠠᠪᠤᠭᠳᠠᠪᠠ
ᠨᠡᠶᠢᠲᠡᠯᠡᠭᠰᠡᠨ ᠴᠠᠭ᠄
2022/8/4
     8 ᠰᠠᠷ᠎ᠠ ᠶᠢᠨ 3 ᠤ ᠡᠳᠦᠷ ᠠᠴᠠ 4  ᠤ ᠡᠳᠦᠷ ᠪᠣᠯᠲᠠᠯ᠎ᠠ᠂ ᠪᠦᠬᠦ ᠣᠷᠣᠨ ᠤ ᠡᠮ ᠡᠮᠨᠡᠯᠭᠡ ᠶᠢᠨ ᠦᠨ᠎ᠡ ᠬᠠᠩᠰᠢ ᠪᠠ ᠳᠠᠭᠠᠭᠠᠴᠢᠯᠠᠯᠲᠠ ᠵᠠᠷᠯᠠᠵᠤ ᠬᠤᠳᠠᠯᠳᠤᠨ ᠠᠪᠬᠤ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠤᠨ ᠠᠩᠭᠢ ᠶᠢ ᠮᠠᠨ ᠤ ᠬᠤᠳᠠ ᠳᠤ ᠡᠷᠬᠢᠯᠡᠵᠦ᠂ ᠤᠯᠤᠰ ᠤᠨ ᠡᠮ ᠡᠮᠨᠡᠯᠭᠡ ᠶᠢᠨ ᠳᠠᠭᠠᠳᠬᠠᠯ ᠤᠨ ᠰᠤᠳᠤᠯᠭᠠᠨ ᠤ ᠬᠦᠷᠢᠶᠡᠯᠡᠩ ᠤᠨ ᠳᠠᠷᠤᠭ᠎ᠠ ᠶᠢᠨ ᠲᠤᠰᠠᠯᠠᠭᠴᠢ᠂ ᠦᠨ᠎ᠡ ᠬᠠᠩᠰᠢ ᠬᠤᠳᠠᠯᠳᠤᠨ ᠠᠪᠬᠤ ᠲᠠᠰᠤᠭ ᠤᠨ ᠡᠷᠬᠢᠯᠡᠭᠴᠢ ᠵᠢᠶᠠᠩ ᠴᠠᠩ ᠰᠦᠩ ᠢ ᠤᠷᠢᠵᠤ ᠬᠤᠷᠠᠯ ᠳᠤ ᠣᠷᠣᠯᠴᠠᠭᠤᠯᠤᠨ ᠬᠢᠴᠢᠶᠡᠯ ᠵᠢᠭᠠᠵᠤ᠂ ᠪᠦᠬᠦ ᠣᠷᠣᠨ ᠤ ᠡᠮ ᠡᠮᠨᠡᠯᠭᠡ ᠶᠢᠨ ᠳᠠᠭᠠᠳᠬᠠᠯ ᠤᠨ ᠰᠢᠰᠲ᠋ᠧᠮ ᠤᠨ ᠬᠠᠮᠢᠶ᠎ᠠ ᠪᠦᠬᠦᠢ ᠲᠤᠬᠠᠶᠢᠯᠠᠭᠰᠠᠨ ᠠᠵᠢᠯ ᠤᠨ ᠬᠠᠷᠢᠭᠤᠴᠠᠯᠭᠠᠲᠠᠨ ᠢ ᠪᠣᠯᠪᠠᠰᠤᠷᠠᠯ ᠳᠤ ᠣᠷᠣᠯᠴᠠᠭᠤᠯᠵᠠᠢ᠃      ᠰᠤᠷᠤᠯᠭ᠎ᠠ ᠡᠬᠢᠯᠡᠬᠦ ᠶᠣᠰᠣᠯᠠᠯ ᠳᠡᠭᠡᠷ᠎ᠡ᠂ 2022 ᠣᠨ ᠤ ᠪᠦᠬᠦ ᠣᠷᠣᠨ ᠤ ᠡᠮ ᠤᠨ ᠵᠦᠢᠯ ᠪᠣᠯᠣᠨ ᠡᠮ ᠡᠮᠨᠡᠯᠭᠡ ᠶᠢᠨ ᠬᠡᠷᠡᠭᠰᠡᠯ ᠤᠨ ᠬᠤᠷᠣᠭᠳᠠᠯ ᠮᠠᠲ᠋ᠧᠷᠢᠶᠠᠯ ᠢ ᠲᠤᠰᠬᠠᠢ ᠵᠠᠰᠠᠬᠤ ᠠᠵᠢᠯ ᠢ ᠡᠬᠢᠯᠡᠭᠦᠯᠵᠡᠢ᠃ ᠵᠢᠶᠠᠩ ᠴᠠᠩ ᠰᠥᠩ ︽ᠡᠮᠴᠢᠯᠡᠭᠡᠨ ᠤ ᠦᠢᠯᠡᠴᠢᠯᠡᠭᠡᠨ ᠤ ᠦᠨ᠎ᠡ ᠬᠠᠩᠰᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠦᠨᠳᠦᠰᠦᠯᠡᠯ ᠪᠠ ᠭᠤᠣᠯᠳᠠᠯᠭ᠎ᠠ ᠲᠠᠢ ᠠᠵᠢᠯ︾ ᠭᠡᠬᠦ ᠰᠡᠳᠦᠪ ᠢᠶᠠᠷ ᠪᠣᠯᠪᠠᠰᠤᠷᠠᠭᠤᠯᠤᠯ ᠬᠢᠵᠡᠢ᠃      ᠤᠯᠤᠰ ᠠᠴᠠ ᠡᠮ ᠤᠨ ᠵᠦᠢᠯ ᠪᠠ ᠬᠤᠷᠣᠭᠳᠠᠯ ᠮᠠᠲ᠋ᠧᠷᠢᠶᠠᠯ ᠢ ᠲᠥᠪᠯᠡᠷᠡᠭᠦᠯᠦᠨ ᠬᠤᠳᠠᠯᠳᠤᠨ ᠠᠪᠬᠤ ᠶᠢ ᠵᠣᠬᠢᠶᠠᠨ ᠪᠠᠶᠢᠭᠤᠯᠬᠤ ᠪᠣᠯ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠠᠴᠠ ᠪᠠᠶᠢᠷᠢᠯᠠᠭᠤᠯᠤᠭᠰᠠᠨ ᠴᠢᠬᠤᠯᠠ ᠶᠡᠭᠡ ᠥᠭᠡᠷᠡᠴᠢᠯᠡᠯᠲᠡ ᠶᠢᠨ ᠡᠭᠦᠷᠭᠡ ᠮᠥᠨ᠂ ᠳᠤᠮᠳᠠᠳᠤ ᠤᠯᠤᠰ ᠤᠨ ᠣᠨᠴᠠᠯᠢᠭ ᠪᠦᠬᠦᠢ ᠡᠮ ᠡᠮᠨᠡᠯᠭᠡ ᠶᠢᠨ ᠪᠠᠲᠤᠯᠠᠭ᠎ᠠ ᠶᠢᠨ ᠳᠦᠷᠢᠮ ᠢ ᠲᠡᠭᠦᠯᠳᠡᠷᠵᠢᠭᠦᠯᠬᠦ ᠭᠤᠣᠯ ᠪᠦᠷᠢᠯᠳᠦᠭᠦᠨ ᠬᠡᠰᠡᠭ ᠮᠥᠨ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠰᠢᠪᠲᠤᠯᠤᠯᠲᠠ ᠶᠢᠨ ᠴᠡᠭ ᠮᠥᠨ᠂ ᠡᠮ ᠤᠨ ᠵᠦᠢᠯ ᠤᠨ ᠦᠨ᠎ᠡ ᠬᠠᠩᠰᠢ ᠶᠢ ᠪᠦᠲᠦᠮᠵᠢᠲᠡᠶ ᠪᠠᠭᠤᠷᠠᠭᠤᠯᠬᠤ᠂ ᠣᠯᠠᠨ ᠲᠦᠮᠡᠨ ᠤ ᠳᠠᠷᠤᠭᠠᠰᠤ ᠶᠢ ᠬᠥᠩᠭᠡᠷᠡᠭᠦᠯᠬᠦ᠂ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠨᠡᠮᠡᠭᠳᠡᠭᠦᠯᠬᠦ ᠴᠢᠬᠤᠯᠠ ᠠᠷᠭ᠎ᠠ ᠬᠡᠮᠵᠢᠶ᠎ᠡ ᠮᠥᠨ᠃ ᠪᠣᠯᠪᠠᠰᠤᠷᠠᠭᠤᠯᠤᠯ ᠢᠶᠠᠷ ᠳᠡᠮᠵᠢᠨ᠂ ᠪᠥᠬᠦ ᠣᠷᠣᠨ ᠤ ᠡᠮ ᠡᠮᠨᠡᠯᠭᠡ ᠶᠢᠨ ᠳᠠᠭᠠᠳᠬᠠᠯ ᠤᠨ ᠰᠢᠰᠲ᠋ᠧᠮ ᠤᠨ ᠬᠠᠮᠢᠶ᠎ᠠ ᠪᠦᠬᠦᠢ ᠲᠤᠬᠠᠶᠢᠯᠠᠭᠰᠠᠨ ᠠᠵᠢᠯ ᠤᠨ ᠬᠠᠷᠢᠭᠤᠴᠠᠯᠭᠠᠲᠠᠨ ᠠᠵᠢᠯ ᠤᠨ ᠰᠡᠳᠬᠢᠮᠵᠢ ᠪᠠᠨ ᠥᠷᠭᠡᠳᠬᠡᠵᠦ᠂ ᠲᠥᠷᠥ ᠶᠢᠨ ᠪᠣᠳᠣᠯᠭ᠎ᠠ ᠶᠢᠨ ᠬᠢᠷᠢ ᠬᠡᠮᠵᠢᠶ᠎ᠡ ᠪᠠᠨ ᠳᠡᠭᠡᠭᠰᠢᠯᠡᠭᠦᠯᠦᠨ᠂ ᠲᠤᠬᠠᠶᠢᠯᠠᠭᠰᠠᠨ ᠠᠵᠢᠯ ᠤᠨ ᠴᠢᠳᠠᠪᠤᠷᠢ ᠪᠠᠨ ᠴᠢᠩᠭᠠᠳᠬᠠᠪᠠ᠃ ᠤᠯᠠᠨ ᠢᠶᠠᠷ ᠢᠶᠠᠨ ᠢᠯᠡᠳᠭᠡᠭᠰᠡᠨ ᠨᠢ᠂ ᠲᠤᠰ ᠤᠳᠠᠭ᠎ᠠ ᠶᠢᠨ ᠪᠣᠯᠪᠠᠰᠤᠷᠠᠯ ᠰᠤᠷᠤᠯᠴᠠᠯᠭ᠎ᠠ ᠶᠢᠨ ᠦᠷ᠎ᠡ ᠪᠦᠲᠦᠭᠡᠯ ᠢ ᠠᠵᠢᠯ ᠢ ᠠᠬᠢᠭᠤᠯᠬᠤ ᠪᠣᠳᠠᠲᠠᠢ ᠠᠷᠭ᠎ᠠ ᠬᠡᠮᠵᠢᠶ᠎ᠡ ᠪᠣᠯᠭᠠᠨ ᠬᠤᠪᠢᠷᠠᠭᠤᠯᠵᠤ᠂ ᠡᠯ᠎ᠡ ᠵᠦᠢᠯ ᠤᠨ ᠡᠮ ᠡᠮᠨᠡᠯᠭᠡ ᠶᠢᠨ ᠦᠨ᠎ᠡ ᠬᠠᠩᠰᠢ ᠪᠣᠯᠣᠨ ᠳᠠᠭᠠᠭᠠᠴᠢᠯᠠᠯᠲᠠ ᠵᠠᠷᠯᠠᠵᠤ ᠬᠤᠳᠠᠯᠳᠤᠨ ᠠᠪᠬᠤ ᠠᠵᠢᠯ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠬᠤ ᠶᠢ ᠪᠠᠲᠤᠯᠠᠵᠤ᠂ ᠡᠮ ᠡᠮᠨᠡᠯᠭᠡ ᠶᠢᠨ ᠳᠠᠭᠠᠳᠬᠠᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ ᠭᠡᠵᠡᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号