ᠮᠠᠨ ᠤ ᠬᠤᠲᠠ ︽ᠨᠢᠭᠡ ᠮᠥᠴᠡ ᠨᠡᠶᠢᠭᠡᠮ ᠲᠣᠭᠤᠷᠢᠭ ᠤᠨ ᠠᠮᠢᠳᠤᠷᠠᠯ ᠤᠨ ᠬᠦᠷᠢᠶ᠎ᠡ︾ ᠶᠢᠨ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/8/4
     8 ᠰᠠᠷ᠎ᠠ ᠶᠢᠨ 2 ᠤ ᠡᠳᠦᠷ᠂ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠮᠧᠩ ᠫᠧᠢ ᠶᠦᠨ ᠪᠦᠯᠬᠦᠮ ᠳᠠᠭᠠᠭᠤᠯᠤᠨ ᠬᠠᠶᠢᠷᠤᠪ ᠤᠨ ᠲᠣᠬᠤᠢ ᠲᠣᠭᠤᠷᠢᠭ᠂ ᠤᠳᠠ ᠲᠣᠭᠤᠷᠢᠭ ᠤᠨ ︽ᠨᠢᠭᠡ ᠮᠥᠴᠡ ᠨᠡᠶᠢᠭᠡᠮ ᠲᠣᠭᠤᠷᠢᠭ ᠤᠨ ᠠᠮᠢᠳᠤᠷᠠᠯ ᠤᠨ ᠬᠦᠷᠢᠶ᠎ᠡ︾ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠳᠤ ᠪᠠᠶᠢᠴᠠᠭᠠᠨ ᠰᠤᠳᠤᠯᠤᠯᠲᠠ ᠬᠢᠬᠦ ᠶᠢᠨ ᠬᠠᠮᠲᠤ ︽ᠨᠢᠭᠡ ᠮᠥᠴᠡ ᠨᠡᠶᠢᠭᠡᠮ ᠲᠣᠭᠤᠷᠢᠭ ᠤᠨ ᠠᠮᠢᠳᠤᠷᠠᠯ ᠤᠨ ᠬᠦᠷᠢᠶ᠎ᠡ︾ ᠶᠢᠨ ᠠᠵᠢᠯ ᠢ ᠠᠬᠢᠭᠤᠯᠬᠤ ᠬᠤᠷᠠᠯ ᠢ ᠡᠷᠬᠢᠯᠡᠨ ᠬᠤᠷᠠᠯᠳᠤᠭᠤᠯᠪᠠ᠃ ᠬᠤᠲᠠ   ᠶᠢᠨ ᠳᠡᠳ᠋ ᠳᠠᠷᠤᠭ᠎ᠠ ᠴᠢᠶᠣᠤ ᠢᠦᠢ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ᠬᠤᠷᠠᠯ ᠳᠤ ᠣᠷᠣᠯᠴᠠᠪᠠ᠃      ᠮᠧᠩ ᠫᠧᠢ ᠶᠦᠨ ᠨᠠᠷ ᠤᠷᠢᠳ ᠬᠤᠵᠢᠳ ᠤᠳᠠ ᠲᠣᠭᠤᠷᠢᠭ ᠤᠨ ᠣᠶᠤᠨᠲᠤ ᠨᠠᠰᠤᠵᠢᠯ ᠤᠨ ᠠᠰᠠᠷᠠᠮᠵᠢ ᠶᠢᠨ ᠲᠠᠪᠴᠠᠩ᠂ ᠤᠳᠠ ᠲᠣᠭᠤᠷᠢᠭ ᠤᠨ ᠨᠠᠰᠤᠲᠠᠶᠢᠴᠤᠳ ᠲᠤ ᠦᠢᠯᠡᠴᠢᠯᠡᠬᠦ ᠬᠤᠭᠤᠯᠠᠨ ᠲᠢᠩᠬᠢᠮ᠂ ᠬᠤᠳᠠ ᠶᠢᠨ ︽ᠬᠤᠳᠠ ᠶᠢᠨ ᠶᠡᠭᠡ ᠲᠠᠷᠢᠬᠢ︾ ᠶᠢᠨ ᠡᠵᠡᠩᠨᠡᠯᠲᠡ ᠬᠠᠮᠢᠶᠠᠷᠤᠯᠲᠠ ᠶᠢᠨ ᠲᠥᠪ᠂ ᠬᠠᠶᠢᠷᠤᠪ ᠤᠨ ᠲᠣᠬᠤᠢ ᠲᠣᠭᠤᠷᠢᠭ ᠤᠨ ᠬᠠᠶᠢᠷ᠎ᠠ ᠬᠠᠯᠠᠮᠵᠢ ᠶᠢᠨ ᠬᠡᠳᠦ ᠳᠡᠯᠭᠡᠭᠦᠷ ᠵᠡᠷᠭᠡ ᠭᠠᠵᠠᠷ ᠲᠤ ᠬᠦᠷᠴᠦ᠂ ᠣᠶᠤᠨᠲᠤ ᠨᠠᠰᠤᠵᠢᠯ ᠤᠨ ᠠᠰᠠᠷᠠᠮᠵᠢ᠂ ︽ᠬᠤᠳᠠ ᠶᠢᠨ ᠶᠡᠭᠡ ᠲᠠᠷᠢᠬᠢ︾ ᠶᠢᠨ ᠡᠵᠡᠩᠨᠡᠯᠲᠡ ᠵᠡᠷᠭᠡ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠪᠣᠳᠠᠲᠠᠢ ᠭᠠᠵᠠᠷ ᠲᠤᠨᠢ ᠣᠶᠢᠯᠠᠭᠠᠪᠠ᠃      ᠡᠯ᠎ᠡ ᠲᠣᠭᠤᠷᠢᠭ᠂ ᠡᠯ᠎ᠡ ᠰᠠᠯᠠᠭ᠎ᠠ ᠮᠥᠴᠢᠷ ᠤᠨ ︽ᠨᠢᠭᠡ ᠮᠥᠴᠡ ᠨᠡᠶᠢᠭᠡᠮ ᠲᠣᠭᠤᠷᠢᠭ ᠤᠨ ᠠᠮᠢᠳᠤᠷᠠᠯ ᠤᠨ ᠬᠦᠷᠢᠶ᠎ᠡ  ︾ ᠶᠢᠨ ᠠᠵᠢᠯ ᠢ ᠥᠷᠨᠢᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠤ ᠳᠠᠷᠠᠭ᠎ᠠ᠂ ᠮᠧᠩ ᠫᠧᠢ ᠶᠦᠨ ᠴᠢᠬᠤᠯᠠᠴᠢᠯᠠᠭᠰᠠᠨ ᠨᠢ᠂ ᠦᠵᠦ ᠲᠥᠯᠥᠪᠯᠡᠭᠡ ᠶᠢ ᠴᠢᠨᠠᠭᠰᠢᠳᠠ ᠴᠢᠩᠭᠠᠳᠬᠠᠵᠤ᠂ ᠲᠥᠯᠦᠪᠵᠢᠭᠦᠯᠭᠡ ᠪᠠᠷ ᠬᠥᠲᠥᠯᠥᠨ ᠳᠠᠭᠠᠭᠤᠯᠬᠤ᠂ ᠳᠦᠷᠦᠯ ᠬᠤᠪᠢᠶᠠᠨ ᠬᠡᠷᠡᠭᠵᠢᠭᠦᠯᠬᠦ᠂ ᠲᠤᠷᠰᠢᠯᠲᠠ ᠶᠢ ᠤᠷᠢᠳᠠᠪᠠᠷ ᠬᠢᠬᠦ ᠶᠢ ᠪᠠᠷᠢᠮᠲᠠᠯᠠᠵᠤ᠂ ᠲᠤᠷᠰᠢᠯᠲᠠ ᠶᠢᠨ ᠴᠡᠭ ᠤᠨ ᠪᠦᠲᠦᠭᠡᠨ ᠪᠠᠶᠢᠭᠤᠯᠤᠯᠲᠠ ᠪᠠᠷ ᠪᠦᠬᠦ ᠬᠤᠳᠠ ᠶᠢᠨ ︽ᠨᠢᠭᠡ ᠮᠥᠴᠡ ᠨᠡᠶᠢᠭᠡᠮ ᠲᠣᠭᠤᠷᠢᠭ ᠤᠨ ᠠᠮᠢᠳᠤᠷᠠᠯ ᠤᠨ ᠬᠦᠷᠢᠶ᠎ᠡ︾ ᠶᠢᠨ ᠠᠵᠢᠯ ᠳᠤ ᠰᠢᠨ᠎ᠡ ᠰᠢᠪᠲᠤᠯᠤᠯᠲᠠ ᠲᠠᠢ ᠪᠣᠯᠬᠤ ᠶᠢ ᠠᠬᠢᠭᠤᠯᠬᠤ ᠬᠡᠷᠡᠭᠲᠡᠢ᠃ ᠡᠯ᠎ᠡ ᠲᠠᠯ᠎ᠠ ᠶᠢᠨ ᠬᠠᠷᠢᠭᠤᠴᠠᠯᠭ᠎ᠠ ᠪᠠᠨ ᠪᠦᠬᠦ ᠲᠠᠯ᠎ᠠ ᠪᠠᠷ ᠪᠣᠳᠠᠲᠠᠶᠢᠵᠢᠭᠤᠯᠵᠤ᠂ ᠡᠯ᠎ᠡ ᠲᠣᠭᠤᠷᠢᠭ ᠡᠯ᠎ᠡ ᠰᠠᠯᠠᠭ᠎ᠠ ᠮᠥᠴᠢᠷ ᠤᠨ ᠦᠢᠯᠡᠴᠢᠯᠡᠭᠡ᠂ ᠬᠦᠴᠦᠨ᠂ ᠡᠬᠢ ᠪᠠᠶᠠᠯᠢᠭ ᠢ ᠲᠤᠷᠰᠢᠯᠲᠠ ᠶᠢᠨ ᠴᠡᠭ ᠲᠤ ᠣᠷᠣᠭᠤᠯᠬᠤ ᠶᠢ ᠪᠠᠲᠤᠯᠠᠵᠤ᠂ ᠡᠯ᠎ᠡ ᠵᠦᠢᠯ ᠤᠨ ᠠᠵᠢᠯ ᠢ ᠪᠣᠳᠠᠲᠠᠶᠢᠵᠢᠭᠤᠯᠤᠨ ᠨᠠᠷᠢᠯᠢᠭᠵᠢᠭᠤᠯᠵᠤ᠂ ︽ᠨᠢᠭᠡ ᠮᠥᠴᠡ ᠨᠡᠶᠢᠭᠡᠮ ᠲᠣᠭᠤᠷᠢᠭ ᠤᠨ ᠠᠮᠢᠳᠤᠷᠠᠯ ᠤᠨ ᠬᠦᠷᠢᠶ᠎ᠡ︾ ᠶᠢ ᠪᠠᠶᠢᠭᠤᠯᠬᠤ ᠳᠤ ᠬᠦᠴᠦᠲᠡᠢ ᠪᠠᠲᠤᠯᠠᠭ᠎ᠠ ᠬᠠᠩᠭᠠᠬᠤ ᠬᠡᠷᠡᠭᠲᠡᠢ᠃ ᠠᠵᠢᠯᠯᠠᠭᠠᠨ ᠤ ᠠᠵᠢᠯ ᠤᠨ ᠲᠣᠭᠲᠠᠴᠠ ᠪᠠᠨ ᠤᠯᠠᠮ ᠨᠢᠭᠡ ᠠᠯᠬᠤᠮ ᠰᠢᠯᠤᠭᠤᠳᠬᠠᠵᠤ᠂ ᠰᠠᠯᠠᠭ᠎ᠠ ᠮᠥᠴᠢᠷ ᠤᠨ ᠬᠤᠯᠪᠤᠭᠠᠯᠠᠨ ᠬᠥᠳᠡᠯᠦᠯᠴᠡᠬᠦ ᠪᠠᠨ ᠴᠢᠩᠭᠠᠳᠬᠠᠵᠤ᠂ ᠪᠦᠬᠦ ᠬᠦᠴᠦᠨ ᠢᠶᠠᠷ ᠢᠶᠠᠨ ᠪᠣᠭᠤᠮᠲᠠ ᠰᠢᠪᠲᠤᠯᠤᠯᠲᠠ ᠬᠢᠵᠦ᠂ ᠲᠤᠷᠰᠢᠯᠲᠠ ᠶᠢᠨ ᠴᠡᠭ ᠤᠨ ᠪᠠᠶᠢᠭᠤᠯᠤᠯᠲᠠ ᠪᠠᠨ ᠲᠦᠷᠭᠡᠳᠬᠡᠵᠦ᠂ ᠴᠡᠭ ᠢᠶᠠᠷ ᠨᠡᠶᠢᠳᠡᠮ ᠢ ᠳᠠᠶᠢᠴᠢᠯᠠᠬᠤ᠂ ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠰᠠᠶᠢᠨ ᠰᠠᠶᠢᠬᠠᠨ ᠪᠠᠶᠢᠳᠠᠯ ᠢ ᠪᠤᠢ ᠪᠣᠯᠭᠠᠵᠤ᠂ ᠠᠷᠠᠳ ᠤᠯᠠᠨ ᠤ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠦᠨᠡᠨᠬᠦ ᠨᠡᠮᠡᠭᠳᠡᠭᠦᠯᠬᠦ ᠬᠡᠷᠡᠭᠲᠡᠢ ᠭᠡᠵᠡᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号