ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠥᠷᠭᠡᠳᠬᠡᠭᠰᠡᠨ ᠬᠤᠷᠠᠯ ᠬᠤᠷᠠᠯᠳᠤᠭᠤᠯᠵᠤ ᠲᠥᠪ ᠤᠨ ᠨᠢᠭᠡᠳᠦᠮᠡᠯ ᠹᠷᠣᠨᠲ ᠤᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ  ᠲᠠᠩ ᠢ ᠬᠤᠷᠠᠯ ᠡᠷᠭᠢᠯᠡᠪᠡ
ᠨᠡᠶᠢᠲᠡᠯᠡᠭᠰᠡᠨ ᠴᠠᠭ᠄
2022/8/4
     8 ᠰᠠᠷ᠎ᠠ ᠶᠢᠨ 2 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠥᠷᠭᠡᠳᠬᠡᠭᠰᠡᠨ ᠬᠤᠷᠠᠯ ᠬᠤᠷᠠᠯᠳᠤᠭᠤᠯᠵᠤ᠂ ᠲᠥᠪ ᠤᠨ ᠨᠢᠭᠡᠳᠦᠮᠡᠯ ᠹᠷᠣᠨᠲ ᠤᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠪᠣᠯᠣᠨ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠬᠤᠲᠠ ᠶᠢᠨ ᠨᠠᠮ ᠤᠨ ᠬᠤᠷᠢᠶᠠᠨ ᠤ ᠱᠦᠵᠢ ᠲᠠᠩ ᠢ ᠬᠤᠷᠠᠯ ᠡᠷᠭᠢᠯᠡᠪᠡ᠃      ᠬᠤᠷᠠᠯ ᠠᠴᠠ ᠵᠢᠭᠠᠨ ᠭᠠᠷᠭᠠᠭᠰᠠᠨ ᠨᠢ᠂ ᠶᠡᠷᠦᠩᠬᠡᠢ ᠱᠦᠵᠢ ᠰᠢ ᠶᠢᠨ ᠫᠢᠩ ᠲᠥᠪ ᠤᠨ ᠨᠢᠭᠡᠳᠦᠮᠡᠯ ᠹᠷᠣᠨᠲ ᠤᠨ ᠠᠵᠢᠯ ᠤᠨ ᠬᠤᠷᠠᠯ ᠳᠡᠭᠡᠷᠡᠬᠢ ᠴᠢᠬᠤᠯᠠ ᠶᠠᠷᠢᠶ᠎ᠠ ᠨᠢ ᠰᠢᠨ᠎ᠡ ᠴᠠᠭ ᠦᠶ᠎ᠡ ᠶᠢᠨ ᠨᠢᠭᠡᠳᠦᠮᠡᠯ ᠹᠷᠣᠨᠲ ᠤᠨ ᠠᠵᠢᠯ ᠢ ᠰᠠᠶᠢᠲᠤᠷ ᠬᠢᠬᠦ ᠳᠤ ᠤᠷᠤᠭᠰᠢᠯᠠᠯᠲᠠ ᠶᠢᠨ ᠴᠢᠭᠯᠡᠯ ᠢ ᠵᠢᠭᠠᠵᠤ᠂ ᠦᠨᠳᠦᠰᠦᠨ ᠵᠢᠷᠤᠮᠯᠠᠯ ᠬᠠᠩᠭᠠᠵᠠᠢ᠃ ᠪᠦᠬᠦ ᠬᠤᠳᠠ ᠪᠠᠷ ᠢᠶᠠᠨ ᠨᠠᠷᠢᠨ ᠬᠢᠨᠠᠮᠠᠭᠠᠢ ᠰᠤᠷᠤᠯᠴᠠᠨ ᠤᠬᠠᠭᠤᠯᠵᠤ ᠲᠤᠤᠱᠯᠠᠭᠤᠯᠵᠤ᠂ ᠰᠢᠨ᠎ᠡ ᠴᠠᠭ ᠦᠶ᠎ᠡ ᠶᠢᠨ ᠤᠯᠤᠰ ᠢᠶᠠᠨ ᠬᠠᠶᠢᠷᠠᠯᠠᠬᠤ ᠨᠢᠭᠡᠳᠦᠮᠡᠯ ᠹᠷᠣᠨᠲ ᠤᠨ ᠲᠡᠦᠬᠡᠨ ᠣᠷᠣᠨ ᠪᠠᠶᠢᠷᠢ᠂ ᠴᠢᠬᠤᠯᠠ ᠡᠭᠦᠷᠭᠡ ᠬᠠᠷᠢᠭᠤᠴᠠᠯᠭ᠎ᠠ ᠶᠢ ᠪᠠᠲᠤ ᠡᠵᠡᠮᠳᠡᠵᠦ᠂ ᠨᠢᠭᠡᠳᠦᠮᠡᠯ ᠹᠷᠣᠨᠲ ᠤᠨ ᠦᠵᠡᠯ ᠰᠠᠨᠠᠭ᠎ᠠ ᠤᠯᠤᠰ ᠲᠦᠷᠦ ᠶᠢᠨ ᠵᠢᠯᠣᠭᠤᠳᠤᠯᠭ᠎ᠠ ᠶᠢ ᠭᠦᠨᠵᠡᠭᠡᠶᠢᠷᠡᠭᠦᠯᠵᠦ᠂ ᠪᠦᠬᠦ ᠬᠤᠳᠠ ᠶᠢᠨ ᠨᠢᠭᠡᠳᠦᠮᠡᠯ ᠹᠷᠣᠨᠲ ᠤᠨ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠵᠦ᠂ ᠦᠷ᠎ᠡ ᠠᠰᠢᠭ ᠢ ᠨᠡᠮᠡᠭᠳᠡᠭᠦᠯᠬᠦ ᠶᠢ ᠲᠠᠰᠤᠷᠠᠯᠲᠠ ᠦᠭᠡᠢ ᠠᠬᠢᠭᠤᠯᠬᠤ ᠬᠡᠷᠡᠭᠲᠡᠢ ᠭᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠶᠡᠭᠡ ᠪᠦᠯᠬᠦᠮᠳᠡᠯ ᠶᠡᠭᠡ ᠬᠤᠯᠪᠣᠭᠠᠯᠠᠯ ᠢ ᠢᠮᠠᠭᠲᠠ ᠪᠠᠷᠢᠮᠲᠠᠯᠠᠵᠤ᠂ ᠪᠦᠯᠬᠦᠮᠳᠡᠵᠦ ᠪᠣᠯᠬᠤ ᠬᠦᠴᠦᠨ ᠪᠦᠬᠦᠨ ᠲᠠᠢ ᠪᠦᠯᠬᠦᠮᠳᠡᠵᠦ᠂ ᠢᠳᠡᠪᠬᠢ ᠬᠦᠴᠦᠨ ᠵᠦᠢᠯ ᠪᠦᠬᠦᠨ ᠢ ᠳᠠᠶᠢᠴᠢᠯᠠᠵᠤ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠨᠡᠩ ᠰᠠᠶᠢᠲᠤᠷ ᠠᠬᠢᠭᠤᠯᠬᠤ ᠳᠤ ᠬᠥᠮᠥᠰ ᠤᠨ ᠰᠡᠳᠬᠢᠯ ᠢ ᠨᠢᠭᠲᠠᠷᠠᠭᠤᠯᠵᠤ᠂ ᠬᠦᠴᠦᠨ ᠴᠢᠳᠠᠯ ᠢ ᠨᠢᠭᠲᠠᠷᠠᠭᠤᠯᠬᠤ ᠬᠡᠷᠡᠭᠲᠡᠢ᠃ ᠰᠢᠨ᠎ᠡ ᠴᠠᠭ ᠦᠶ᠎ᠡ ᠶᠢᠨ ᠨᠢᠭᠡᠳᠦᠮᠡᠯ ᠹᠷᠣᠨᠲ ᠤᠨ ᠠᠵᠢᠯ ᠤᠨ ᠬᠠᠷᠠᠯᠲᠠ ᠱᠠᠭᠠᠷᠳᠠᠯᠭ᠎ᠠ ᠶᠢᠨ ᠲᠣᠭᠤᠷᠢᠨ ᠳᠤ᠂ ᠳᠤᠲᠠᠭᠤᠳᠠᠯ ᠢᠶᠠᠨ ᠨᠥᠬᠦᠪᠦᠷᠢᠯᠡᠬᠦ᠂  ᠬᠦᠴᠦᠷᠬᠡᠭ ᠪᠠᠭᠤᠷᠠᠢ ᠲᠠᠯ᠎ᠠ ᠳᠤ ᠤᠬᠠᠮᠰᠠᠷ ᠠᠴᠠ ᠪᠠᠨ ᠬᠦᠴᠦ ᠲᠠᠯᠪᠢᠵᠤ᠂ ᠨᠢᠭᠡᠳᠦᠮᠡᠯ ᠹᠷᠣᠨᠲ ᠤᠨ ᠠᠵᠢᠯ ᠤᠨ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠬᠦ ᠬᠡᠷᠡᠭᠲᠡᠢ᠃ ᠠᠶᠤᠯ ᠲᠦᠭᠰᠢᠭᠦᠷᠢ ᠶᠢᠨ ᠬᠡᠮ ᠰᠣᠭᠤᠭ ᠢ ᠰᠡᠷᠭᠡᠶᠢᠯᠡᠨ ᠠᠷᠢᠯᠭᠠᠬᠤ ᠡᠨᠡᠬᠦ ᠬᠥᠪᠴᠢ ᠶᠢ ᠴᠠᠭ ᠢᠮᠠᠭᠲᠠ ᠴᠢᠩᠭ᠎ᠠ ᠠᠳᠬᠤᠵᠤ᠂ ᠠᠶᠤᠯ ᠲᠦᠭᠰᠢᠭᠦᠷᠢ ᠶᠢ ᠰᠡᠷᠭᠡᠶᠢᠯᠡᠬᠦ᠂ ᠬᠡᠮ ᠰᠣᠭᠤᠭ ᠢ ᠠᠷᠢᠯᠭᠠᠬᠤ᠂ ᠠᠮᠤᠷ ᠲᠦᠪᠰᠢᠨ ᠢ ᠪᠠᠲᠤᠯᠠᠬᠤ ᠡᠯ᠎ᠡ ᠵᠦᠢᠯ ᠤᠨ ᠠᠵᠢᠯ ᠢ ᠴᠢᠩᠭ᠎ᠠ ᠠᠳᠬᠤᠵᠤ᠂ ᠰᠢᠰᠲ᠋ᠧᠮ ᠤᠨ ᠴᠢᠨᠠᠷᠲᠠᠢ ᠠᠶᠤᠯ ᠲᠦᠭᠰᠢᠭᠦᠷᠢ ᠦᠯᠦ ᠭᠠᠷᠭᠠᠬᠤ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ᠃ ᠨᠢᠭᠡᠳᠦᠮᠡᠯ ᠹᠷᠣᠨᠲ ᠤᠨ ᠠᠵᠢᠯ ᠳᠠᠬᠢ ᠨᠠᠮ ᠤᠨ ᠤᠳᠤᠷᠢᠳᠤᠯᠭ᠎ᠠ ᠶᠢ ᠦᠨᠡᠨᠬᠦ ᠴᠢᠩᠭᠠᠳᠬᠠᠵᠤ᠂  ᠡᠯ᠎ᠡ ᠬᠦᠷᠢᠶᠡᠨ ᠤ ᠠᠵᠢᠯ ᠤᠨ ᠵᠣᠬᠢᠴᠠᠭᠤᠯᠭ᠎ᠠ ᠬᠠᠮᠵᠢᠯᠴᠠᠭ᠎ᠠ ᠶᠢ ᠴᠢᠩᠭᠠᠳᠬᠠᠵᠤ᠂ ᠦᠨᠳᠦᠰᠦᠨ ᠱᠠᠲᠤᠨ ᠤ ᠨᠢᠭᠡᠳᠦᠮᠡᠯ ᠹᠷᠣᠨᠲ ᠤᠨ ᠠᠵᠢᠯ ᠢ ᠡᠳᠦᠷ ᠲᠤᠳᠤᠮ ᠤᠨ ᠠᠵᠢᠯ ᠳᠤ ᠠᠭᠤᠰᠤᠯᠴᠠᠭᠤᠯᠬᠤ᠂ ᠦᠨᠳᠦᠰᠦᠨ ᠱᠠᠲᠤᠨ ᠤ ᠵᠠᠰᠠᠯᠲᠠ ᠳᠤ ᠠᠭᠤᠰᠤᠯᠴᠠᠭᠤᠯᠬᠤ᠂ ᠤᠯᠠᠨ ᠲᠦᠮᠡᠨ ᠤ ᠠᠵᠢᠯ ᠳᠤ ᠠᠭᠤᠰᠤᠯᠴᠠᠭᠤᠯᠬᠤ ᠶᠢ ᠠᠬᠢᠭᠤᠯᠬᠤ ᠬᠡᠷᠡᠭᠲᠡᠢ᠃ ᠨᠢᠭᠡᠳᠦᠮᠡᠯ ᠹᠷᠣᠨᠲ ᠤᠨ ᠰᠠᠯᠠᠭ᠎ᠠ ᠮᠥᠴᠢᠷ᠂ ᠤᠯᠤᠰ ᠲᠦᠷᠦ ᠶᠢᠨ ᠵᠥᠪᠯᠡᠯᠭᠡᠨ ᠤ ᠹᠷᠣᠨᠲ ᠤᠨ ᠬᠢᠨ ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠵᠤ᠂ ᠥᠷᠭᠡᠨ ᠤᠯᠠᠨ ᠨᠢᠭᠡᠳᠦᠮᠡᠯ ᠹᠷᠣᠨᠲ ᠤᠨ ᠺᠠᠳ᠋ᠷᠴᠤᠳ ᠢ ᠬᠥᠮᠥᠵᠢᠭᠦᠯᠦᠨ ᠵᠢᠯᠤᠭᠤᠳᠴᠤ ᠪᠠᠶᠢᠭᠠᠳ ᠴᠢᠳᠠᠪᠤᠷᠢ ᠶᠢᠨ ᠬᠢᠷᠢ ᠬᠡᠮᠵᠢᠶ᠎ᠡ ᠶᠢ ᠨᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠵᠥᠪᠯᠡᠭᠴᠢ᠂ ᠵᠣᠬᠢᠶᠠᠨ ᠪᠠᠶᠢᠭᠤᠯᠬᠤ᠂ ᠵᠣᠬᠢᠴᠠᠭᠤᠯᠬᠤ᠂ ᠰᠢᠪᠠᠳᠠᠬᠤ ᠴᠢᠬᠤᠯᠠ ᠦᠢᠯᠡᠳᠦᠯ ᠢ ᠨᠢ ᠨᠡᠩ ᠰᠠᠶᠢᠨ ᠪᠠᠳᠠᠷᠠᠭᠤᠯᠬᠤ ᠬᠡᠷᠡᠭᠲᠡᠢ ᠭᠡᠵᠡᠢ᠃      ᠬᠤᠷᠠᠯ ᠠᠴᠠ ᠮᠠᠨ ᠤ ᠬᠤᠳᠠ ᠶᠢᠨ 2022 ᠣᠨ ᠤ ᠢᠳᠡᠭᠡᠨ ᠪᠠ ᠡᠮ ᠤᠨ ᠵᠦᠢᠯᠡᠰ ᠤᠨ ᠠᠮᠤᠷ ᠲᠦᠪᠰᠢᠨ ᠤ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号