︽2022 ᠬᠠᠶᠢᠷ᠎ᠠ ᠦᠬᠠᠢ ᠳᠤ · ᠬᠤᠳᠠ ᠶᠢᠨ ᠰᠠᠶᠢᠨ ᠰᠠᠶᠢᠬᠠᠨ ᠠᠮᠢᠳᠤᠷᠠᠯ ᠤᠨ ᠪᠠᠶᠠᠷ︾ ᠦᠪᠡᠳᠡᠭᠰᠢ ᠶᠡᠭᠡ ᠡᠬᠢᠯᠡᠯᠲᠡ ᠶᠢᠨ ᠶᠣᠰᠣᠯᠠᠯ ᠶᠠᠪᠤᠭᠳᠠᠪᠠ  ᠶᠠᠩ ᠶᠢᠨ ᠬᠤᠷᠠᠯ ᠳᠤ ᠣᠷᠣᠯᠴᠠᠵᠤ ᠪᠠᠶᠠᠷ ᠤᠨ ᠦᠭᠡ ᠬᠡᠯᠡᠵᠡᠢ
ᠨᠡᠶᠢᠲᠡᠯᠡᠭᠰᠡᠨ ᠴᠠᠭ᠄
2022/8/5
     8 ᠰᠠᠷ᠎ᠠ ᠶᠢᠨ 4 ᠤ ᠣᠷᠣᠢ᠂ ︽2022 ᠬᠠᠶᠢᠷ᠎ᠠ ᠦᠬᠠᠢ ᠳᠤ · ᠬᠤᠳᠠ ᠶᠢᠨ ᠰᠠᠶᠢᠨ ᠰᠠᠶᠢᠬᠠᠨ ᠠᠮᠢᠳᠤᠷᠠᠯ ᠤᠨ ᠪᠠᠶᠠᠷ︾ ᠶᠤᠸᠠᠢ ᠢᠦᠢ ᠨᠣᠮ ᠤᠨ ᠪᠠᠭᠠᠷ ᠤᠨ ᠵᠡᠭᠦᠨ ᠠᠭᠤᠳᠠᠮ ᠲᠠᠯᠠᠪᠠᠢ ᠳᠤ ᠦᠪᠡᠳᠡᠭᠰᠢ ᠶᠡᠭᠡ ᠬᠥᠰᠢᠭᠡ ᠪᠠᠨ ᠰᠡᠬᠦᠪᠡ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠶᠠᠩ ᠶᠢᠨ ᠬᠤᠷᠠᠯ ᠳᠤ ᠣᠷᠣᠯᠴᠠᠵᠤ ᠪᠠᠶᠠᠷ ᠤᠨ ᠦᠭᠡ ᠬᠡᠯᠡᠵᠡᠢ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠮᠧᠩ ᠫᠧᠢ ᠶᠦᠨ᠂ ᠬᠤᠲᠠ ᠶᠢᠨ ᠳᠡᠳ᠋ ᠳᠠᠷᠤᠭ᠎ᠠ ᠬᠤᠸ ᠰᠢ ᠬᠤᠩ᠂ ᠴᠢᠶᠣᠤ ᠢᠦᠢ ᠣᠷᠣᠯᠴᠠᠵᠠᠢ᠃      ᠶᠠᠩ ᠶᠢᠨ ᠪᠠᠶᠠᠷ ᠤᠨ ᠦᠭᠡ ᠳᠡᠭᠡᠨ᠂ ᠣᠶᠢᠷ᠎ᠠ ᠶᠢᠨ ᠵᠢᠯ ᠠᠴᠠ᠂ ᠮᠠᠨ ᠤ ᠬᠤᠳᠠ ᠶᠢᠨ ᠬᠢᠨ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠳᠣᠲᠣᠭᠠᠳᠤ ᠬᠡᠷᠡᠭᠴᠡᠭᠡ ᠶᠢ ᠥᠷᠭᠡᠳᠬᠡᠬᠦ ᠪᠠᠶᠢᠯᠳᠤᠬᠤ ᠪᠣᠳᠣᠯᠭ᠎ᠠ ᠶᠢ ᠭᠦᠨᠵᠡᠭᠡᠢ ᠨᠠᠶᠢᠳᠠᠪᠤᠷᠢᠵᠢᠭᠤᠯᠵᠤ᠂ ᠬᠡᠷᠡᠭᠯᠡᠭᠡ ᠶᠢᠨ ᠲᠡᠰ ᠳᠡᠪᠰᠢᠬᠦ ᠬᠠᠨᠳᠤᠰᠢ ᠳᠤ ᠵᠣᠬᠢᠴᠠᠭᠤᠯᠤᠨ᠂ ᠬᠡᠷᠡᠭᠯᠡᠭᠡ ᠶᠢᠨ ᠬᠠᠩᠭᠠᠯᠭ᠎ᠠ ᠶᠢ ᠪᠦᠬᠦ ᠬᠦᠴᠦᠨ ᠢᠶᠠᠷ ᠢᠶᠠᠨ ᠰᠢᠯᠢᠳᠡᠭᠵᠢᠭᠦᠯᠵᠦ᠂ ᠰᠥᠨᠢ ᠶᠢᠨ ᠠᠵᠤ ᠠᠬᠤᠢ᠂ ᠲᠦᠷᠦᠭᠦᠦ ᠳᠡᠯᠭᠡᠭᠦᠷ ᠤᠨ ᠠᠵᠤ ᠠᠬᠤᠢ ᠵᠡᠷᠭᠡ ᠰᠢᠨ᠎ᠡ ᠡᠵᠡᠩᠨᠡᠯᠲᠡ ᠶᠢᠨ ᠬᠡᠯᠪᠡᠷᠢ ᠰᠢᠨ᠎ᠡ ᠵᠠᠭᠪᠤᠷ ᠢ ᠶᠡᠬᠡᠪᠡᠷ ᠬᠥᠭᠵᠢᠭᠦᠯᠵᠦ᠂ 100 ᠭᠠᠷᠤᠢ ᠲᠦᠷᠦᠭᠦᠦ ᠳᠡᠯᠭᠡᠭᠦᠷ ᠤᠨ ᠲᠦᠷᠦᠯ ᠲᠡᠮᠳᠡᠭ ᠬᠤᠶᠢᠨ᠎ᠠ ᠬᠤᠶᠢᠨ᠎ᠠ ᠠᠴᠠ ᠪᠠᠨ ᠣᠷᠣᠵᠤ ᠢᠷᠡᠵᠤ᠂ ᠬᠡᠷᠡᠭᠯᠡᠭᠡ ᠶᠢᠨ ᠳᠠᠯᠳᠠ ᠬᠦᠴᠦᠨ ᠢ ᠲᠠᠰᠤᠷᠠᠯᠲᠠ ᠦᠭᠡᠢ ᠪᠠᠳᠠᠷᠠᠭᠤᠯᠪᠠ᠃ ︽2022 ᠬᠠᠶᠢᠷ᠎ᠠ ᠦᠬᠠᠢ ᠳᠤ · ᠬᠤᠳᠠ ᠳᠠᠬᠢ ᠰᠠᠶᠢᠨ ᠰᠠᠶᠢᠬᠠᠨ ᠠᠮᠢᠳᠤᠷᠠᠯ ᠤᠨ ᠪᠠᠶᠠᠷ︾ ᠨᠢ ᠬᠤᠳᠠᠯᠳᠤᠭ᠎ᠠ ᠶᠢ ᠲᠤᠰᠠᠯᠠᠵᠤ ᠠᠷᠠᠳ ᠲᠤ ᠠᠰᠢᠭ ᠬᠦᠷᠲᠡᠭᠡᠬᠦ ᠲᠠᠪᠴᠠᠩ ᠢ ᠪᠠᠶᠢᠭᠤᠯᠵᠤ᠂ ᠡᠯ᠎ᠡ ᠲᠠᠯ᠎ᠠ ᠶᠢᠨ ᠬᠦᠴᠦᠨ ᠢ ᠨᠢᠭᠲᠠᠷᠠᠭᠤᠯᠵᠤ᠂ ᠡᠯ᠎ᠡ ᠲᠠᠯ᠎ᠠ ᠶᠢᠨ ᠡᠬᠢ ᠪᠠᠶᠠᠯᠢᠭ ᠢ ᠲᠥᠪᠯᠡᠷᠡᠭᠦᠯᠵᠦ᠂ ᠪᠠᠶᠠᠷ ᠤᠨ ᠡᠳᠦᠷ ᠢᠶᠠᠷ ᠬᠤᠳᠠ ᠶᠢ ᠬᠥᠭᠵᠢᠭᠦᠯᠵᠦ᠂ ᠪᠠᠶᠠᠷ ᠤᠨ ᠡᠳᠦᠷ ᠢᠶᠠᠷ ᠬᠤᠳᠠᠯᠳᠤᠭ᠎ᠠ ᠶᠢ ᠬᠥᠭᠵᠢᠭᠦᠯᠵᠦ᠂ ᠪᠠᠶᠠᠷ ᠤᠨ ᠡᠳᠦᠷ ᠢᠶᠠᠷ ᠬᠦᠴᠦᠨ ᠢ ᠲᠥᠪᠯᠡᠷᠡᠭᠦᠯᠵᠦ᠂ ᠬᠡᠷᠡᠭᠯᠡᠭᠡᠨ ᠤ ᠪᠦᠲᠦᠴᠡ ᠶᠢᠨ ᠶᠠᠰᠤ ᠴᠢᠨᠠᠷ ᠢ ᠳᠡᠭᠡᠭᠰᠢᠯᠡᠭᠦᠯᠬᠦ᠂ ᠬᠤᠳᠠ ᠶᠢᠨ ᠴᠢᠳᠠᠪᠤᠷᠢ ᠶᠢᠨ ᠲᠡᠰ ᠢ ᠳᠡᠭᠡᠭᠰᠢᠯᠡᠭᠦᠯᠬᠦ ᠶᠢ ᠬᠦᠴᠦᠯᠡᠨ ᠠᠬᠢᠭᠤᠯᠵᠤ᠂ ᠦᠬᠠᠢ ᠶᠢᠨ ᠣᠷᠣᠰᠢᠨ ᠰᠠᠭᠤᠬᠤ ᠳᠤ ᠲᠣᠬᠢᠷᠠᠮᠵᠢᠲᠠᠢ ᠠᠵᠢᠯ ᠦᠢᠯᠡᠰ ᠵᠤᠭᠠᠴᠠᠬᠤ ᠳᠤ ᠲᠣᠬᠢᠷᠠᠮᠵᠢᠲᠠᠢ ᠬᠤᠳᠠ ᠶᠢᠨ ᠳᠦᠷᠢ ᠲᠥᠷᠬᠦ ᠶᠢ ᠭᠦᠢᠴᠡᠳ ᠢᠯᠡᠷᠡᠭᠦᠯᠬᠦ ᠶᠢᠨ ᠲᠥᠯᠥᠭᠡ ᠶᠤᠮ᠃ ᠠᠵᠢᠯᠯᠠᠭ᠎ᠠ ᠳᠤ ᠣᠷᠣᠯᠴᠠᠭᠰᠠᠨ ᠠᠵᠤ ᠠᠬᠤᠶᠢᠯᠠᠯ ᠤᠨ ᠬᠤᠳᠠᠯᠳᠤᠭᠠᠴᠢᠳ ᠲᠤᠰ ᠤᠳᠠᠭ᠎ᠠ ᠶᠢᠨ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ ᠤᠯᠠᠮ ᠴᠢᠨᠠᠭᠰᠢᠳᠠ ᠣᠨᠴᠠᠯᠢᠭ ᠢᠶᠠᠨ ᠪᠠᠳᠠᠷᠠᠭᠤᠯᠵᠤ᠂ ᠬᠥᠮᠥᠰ ᠤᠨ ᠬᠦᠷᠢᠶᠡᠯᠡᠯ ᠢ ᠣᠯᠵᠤ᠂ ᠨᠡᠷᠡᠳᠦ ᠲᠡᠮᠳᠡᠭ ᠢ ᠪᠤᠢ ᠪᠣᠯᠭᠠᠵᠤ᠂ ᠦᠬᠠᠢ ᠶᠢᠨ ᠬᠤᠳᠠᠯᠳᠤᠭᠠᠨ ᠤ ᠬᠦᠷᠢᠶᠡᠯᠡᠯ ᠢ ᠤᠯᠠᠮ ᠪᠠᠳᠠᠷᠠᠭᠤᠯᠵᠤ᠂ ᠬᠥᠮᠥᠰ ᠤᠨ ᠬᠦᠷᠢᠶᠡᠯᠡᠯ ᠢ ᠤᠯᠠᠮ ᠪᠠᠳᠠᠷᠠᠭᠤᠯᠵᠤ᠂ ᠬᠤᠸᠠᠷ ᠫᠤᠤᠵᠢᠩ ᠤᠨ ᠬᠦᠷ ᠬᠥᠭᠵᠢᠶᠡᠨ ᠢ ᠤᠯᠠᠮ ᠪᠠᠳᠠᠷᠠᠭᠤᠯᠬᠤ ᠶᠢ ᠬᠦᠰᠡᠵᠦ ᠪᠠᠶᠢᠨ᠎ᠠ ᠭᠡᠵᠡᠢ᠃      ᠠᠵᠢᠯᠯᠠᠭ᠎ᠠ ᠨᠢ ︽ᠦᠵᠡᠰᠬᠦᠯᠡᠩᠲᠦ ᠰᠠᠶᠢᠬᠠᠨ ᠥᠪᠥᠷ ᠮᠣᠩᠭᠤᠯ︾ ᠭᠡᠬᠦ ᠳᠠᠭᠤᠤ ᠶᠢᠨ ᠳᠤᠮᠳᠠ ᠬᠥᠰᠢᠭᠡ ᠪᠠᠨ ᠰᠡᠬᠦᠵᠦ᠂ ᠰᠦᠷ ᠳᠠᠯᠠᠶᠢᠴᠠᠲᠠᠢ ᠴᠢᠬᠢᠨ ᠳᠤ ᠬᠠᠳᠠᠩᠰᠢᠭᠰᠠᠨ ᠳᠠᠭᠤᠤ ᠨᠤᠭᠤᠳ ᠨᠢ ᠦᠵᠡᠭᠴᠢᠳ ᠲᠤ ᠨᠢᠭᠡ ᠤᠳᠠᠭᠠᠨ ᠤ ᠦᠵᠡᠵᠦ ᠰᠣᠨᠣᠰᠬᠤ ᠦᠪᠡᠳᠡᠭᠰᠢ ᠳᠠᠶᠢᠯᠠᠯᠭ᠎ᠠ ᠶᠢ ᠠᠪᠴᠢᠷᠠᠯ᠎ᠠ᠃ ᠲᠤᠬᠠᠢ ᠶᠢᠨ ᠲᠠᠯᠠᠪᠠᠢ ᠶᠢᠨ ᠠᠭᠤᠷ ᠠᠮᠢᠰᠬᠤᠯ ᠬᠦᠷ ᠬᠥᠭᠵᠢᠶᠡᠨ ᠲᠠᠢ ᠪᠠᠶᠢᠵᠤ᠂ ᠲᠠᠶᠢᠰᠠᠨ ᠳᠣᠣᠷᠠᠬᠢ ᠠᠯᠠᠭ᠎ᠠ ᠲᠡᠰᠢᠯᠲᠡ ᠶᠢᠨ ᠲᠠᠭᠤᠨ ᠲᠠᠰᠤᠷᠠᠯᠳᠠ ᠦᠭᠡᠢ ᠰᠣᠨᠣᠰᠳᠠᠨ᠎ᠠ᠃ ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ ᠪᠠᠰᠠ ᠠᠮᠧᠷᠢᠺᠠ ᠶᠢᠨ ᠢᠳᠡᠭᠡᠨ ᠤ ᠵᠦᠢᠯ ᠢ ᠰᠢᠯᠭᠠᠨ ᠦᠵᠡᠬᠦ ᠲᠣᠭᠤᠷᠢᠭ᠂ ᠰᠣᠶᠣᠯ ᠤᠨ ᠡᠭᠦᠳᠦᠯᠲᠡ ᠶᠢᠨ ᠴᠤᠭᠯᠠᠭᠠᠨ ᠤ ᠬᠤᠳᠠ ᠶᠢᠨ ᠲᠣᠭᠤᠷᠢᠭ ᠵᠡᠷᠭᠡ ᠣᠨᠴᠠᠯᠢᠭᠲᠤ ᠦᠵᠡᠭᠦᠯᠦᠯᠭᠡ ᠶᠢᠨ ᠲᠣᠭᠤᠷᠢᠭ ᠭᠠᠷᠭᠠᠵᠤ᠂ ᠴᠥᠭᠡᠨ ᠪᠤᠰᠤ ᠵᠤᠭᠠᠴᠠᠭᠰᠠᠳ ᠤᠨ ᠠᠩᠬᠠᠷᠤᠯ ᠢ ᠲᠠᠲᠠᠵᠤ᠂ ᠳᠤᠷᠠᠰᠬᠠᠯ ᠦᠯᠡᠳᠡᠭᠡᠵᠡᠢ᠃      ᠣᠶᠢᠯᠠᠭᠠᠭᠰᠠᠨ ᠢᠶᠠᠷ᠂ ᠲᠣᠰ ᠤᠳᠠᠭᠠᠨ ᠤ ᠠᠵᠢᠯᠯᠠᠭ᠎ᠠ ᠨᠢ 9 ᠰᠠᠷ᠎ᠠ ᠶᠢᠨ 30 ᠤ ᠡᠳᠦᠷ ᠪᠣᠯᠲᠠᠯ᠎ᠠ ᠦᠷᠭᠦᠯᠵᠢᠯᠡᠵᠦ᠂ ᠡᠳᠦᠷ ᠪᠦᠷᠢ ᠠᠳᠠᠯᠢ ᠪᠤᠰᠤ ᠭᠤᠣᠯ ᠰᠡᠳᠦᠪᠲᠦ ᠲᠤᠰᠬᠠᠢ ᠲᠣᠭᠯᠠᠯᠲᠠ ᠭᠠᠷᠭᠠᠬᠤ ᠪᠣᠯᠣᠨ᠎ᠠ᠃ ᠠᠵᠢᠯᠯᠠᠭ᠎ᠠ ᠶᠢᠨ ᠲᠤᠬᠠᠢ ᠶᠢᠨ ᠲᠠᠯᠠᠪᠤᠷ ᠲᠤ ᠪᠠᠰᠠ ᠢᠳᠡᠭᠡᠨ ᠤᠮᠳᠠᠭᠠᠨ᠂ ᠮᠠᠰᠢᠨ ᠲᠡᠷᠭᠡ᠂ ᠵᠢᠵᠢᠭᠯᠡᠨ ᠬᠤᠳᠠᠯᠳᠤᠬᠤ ᠵᠡᠷᠭᠡ ᠣᠯᠠᠨ ᠬᠦᠷᠢᠶ᠎ᠡ ᠶᠢ ᠬᠠᠮᠤᠷᠤᠭᠰᠠᠨ ᠡᠯ᠎ᠡ ᠲᠥᠷᠥᠯ ᠤᠨ ᠭᠤᠣᠯ ᠰᠡᠳᠦᠪᠲᠦ ᠵᠡᠭᠡᠯᠢ ᠲᠣᠭᠤᠷᠢᠭ ᠭᠠᠷᠭᠠᠵᠤ᠂ ᠭᠤᠶᠢᠳᠠ ᠰᠠᠶᠢᠬᠠᠨ ᠲᠣᠭᠯᠠᠯᠲᠠ᠂ ᠡᠯᠪᠡᠭ ᠪᠠᠶᠠᠯᠢᠭ ᠬᠡᠷᠡᠭᠯᠡᠭᠡᠨ ᠤ ᠡᠵᠡᠩᠨᠡᠯᠲᠡ ᠶᠢᠨ ᠬᠡᠯᠪᠡᠷᠢ ᠪᠠᠶᠢᠳᠠᠯ ᠨᠢ ᠵᠣᠨ ᠤ ᠬᠠᠯᠠᠭᠤᠨ ᠳᠤ ᠰᠡᠷᠢᠭᠦᠴᠡᠯ ᠢ ᠠᠪᠴᠢᠷᠠᠨ᠂ ᠲᠣᠰ ᠤᠳᠠᠭᠠᠨ ᠤ ᠠᠵᠢᠯᠯᠠᠭ᠎ᠠ ᠶᠢ ᠥᠪᠡᠷᠮᠢᠴᠡ ᠣᠨᠴᠠᠯᠢᠭ ᠲᠠᠢ᠂ ᠨᠥᠯᠥᠭᠡ ᠲᠠᠢ᠂ ᠭᠤᠶᠢᠳᠠ ᠰᠠᠶᠢᠬᠠᠨ ᠡᠷᠭᠢᠯᠡᠬᠦ ᠳᠤ ᠬᠦᠴᠦᠨ ᠨᠡᠮᠡᠷᠢᠯᠡᠬᠦ ᠪᠣᠯᠣᠨ᠎ᠠ᠃      ᠲᠣᠰ ᠤᠳᠠᠭᠠᠨ ᠤ ᠠᠵᠢᠯᠯᠠᠭ᠎ᠠ ᠶᠢ ᠬᠤᠲᠠ ᠶᠢᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠂ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠠᠴᠠ ᠬᠠᠮᠲᠤᠷᠠᠨ ᠡᠷᠭᠢᠯᠡᠪᠡ᠃ 
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号