ᠮᠠᠨ ᠤ ᠬᠤᠲᠠ ᠶᠢᠨ ᠰᠢᠨᠵᠢᠯᠡᠨ ᠪᠠᠶᠢᠴᠠᠭᠠᠬᠤ ᠪᠦᠯᠬᠦᠮ ᠤᠨ ᠬᠢᠨ ᠭᠤᠸᠠᠩᠳᠦ᠋ᠩ ᠤᠨ ᠬᠡᠰᠡᠭ ᠠᠵᠤ ᠠᠬᠤᠶᠢᠯᠠᠯ ᠳᠤ ᠬᠦᠷᠴᠦ ᠬᠠᠮᠲᠤᠷᠠᠯᠴᠠᠭᠠᠨ ᠤ ᠤᠴᠢᠷ ᠶᠠᠪᠤᠳᠠᠯ ᠢ ᠵᠣᠯᠭᠠᠭᠤᠯᠵᠤ ᠰᠢᠨᠵᠢᠯᠡᠨ ᠪᠠᠶᠢᠴᠠᠭᠠᠪᠠ
ᠨᠡᠶᠢᠲᠡᠯᠡᠭᠰᠡᠨ ᠴᠠᠭ᠄
2022/8/5
     7 ᠰᠠᠷ᠎ᠠ ᠶᠢᠨ 31 ᠤ ᠡᠳᠦᠷ ᠠᠴᠠ 8 ᠰᠠᠷ᠎ᠠ ᠶᠢᠨ 3 ᠤ ᠡᠳᠦᠷ ᠪᠣᠯᠲᠠᠯ᠎ᠠ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠶᠠᠩ ᠶᠢᠨ ᠳᠤᠭᠤᠶᠢᠯᠠᠩ ᠳᠠᠭᠠᠭᠤᠯᠤᠨ ᠭᠤᠸᠠᠩᠳᠦ᠋ᠩ ᠳᠤ ᠬᠦᠷᠴᠦ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠬᠥᠭᠵᠢᠯᠲᠡ ᠵᠡᠷᠭᠡ ᠤᠴᠢᠷ ᠶᠠᠪᠤᠳᠠᠯ ᠤᠨ ᠲᠤᠬᠠᠢ ᠵᠣᠯᠭᠠᠭᠤᠯᠤᠨ ᠪᠠᠶᠢᠴᠠᠭᠠᠯᠲᠠ ᠬᠢᠪᠡ᠃      ᠶᠠᠩ ᠶᠢᠨ ᠨᠠᠷ ᠤᠷᠢᠳ ᠬᠤᠵᠢᠳ ᠰᠢᠨ ᠬᠠᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠮᠠᠲ᠋ᠧᠷᠢᠶᠠᠯ ᠤᠨ ᠬᠢᠵᠠᠭᠠᠷᠲᠤ ᠺᠣᠮᠫᠠᠨᠢ᠂ ᠲᠧ ᠭᠤᠸᠠᠨ ᠠᠵᠤ ᠦᠢᠯᠡᠰ ᠤᠨ ᠬᠢᠵᠠᠭᠠᠷᠲᠤ ᠺᠣᠮᠫᠠᠨᠢ᠂ ᠶᠠᠩ ᠳ᠋ᠣᠣ ᠪᠦᠯᠦᠭᠯᠡᠯ ᠺᠣᠮᠫᠠᠨᠢ᠂ ᠷᠠᠶᠢᠨ ᠰᠢᠯᠭᠠᠨ ᠪᠠᠶᠢᠴᠠᠭᠠᠬᠤ ᠬᠢᠵᠠᠭᠠᠷᠲᠤ ᠺᠣᠮᠫᠠᠨᠢ᠂ ᠶᠢᠨ ᠹᠠ ᠰᠢᠨᠵᠢᠯᠡᠬᠦ ᠤᠬᠠᠭᠠᠨ ᠮᠡᠷᠭᠡᠵᠢᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ᠂ ᠠᠮᠢᠳᠤ ᠪᠣᠳᠠᠰ ᠤᠨ ᠵᠠᠳᠠᠷᠠᠯᠲᠠ ᠶᠢᠨ ᠮᠠᠲ᠋ᠧᠷᠢᠶᠠᠯ ᠤᠨ ᠰᠤᠳᠤᠯᠭᠠᠨ ᠤ ᠬᠦᠷᠢᠶᠡᠯᠡᠩ ᠵᠡᠷᠭᠡ ᠠᠵᠤ ᠠᠬᠤᠶᠢᠯᠠᠯ ᠪᠣᠯᠣᠨ ᠰᠤᠳᠤᠯᠭᠠᠨ ᠤ ᠪᠠᠶᠢᠭᠤᠯᠤᠮᠵᠢ ᠳᠤ ᠬᠦᠷᠴᠦ ᠲᠤᠬᠠᠢ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠪᠠ᠃ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠵᠢᠴᠢ ᠵᠠᠳᠠᠷᠠᠵᠤ ᠪᠣᠯᠬᠤ ᠰᠦᠯᠢᠶᠥᠦ ᠶᠢᠨ ᠠᠵᠤ ᠦᠢᠯᠡᠰ ᠤᠨ ᠬᠥᠭᠵᠢᠯᠲᠡ ᠵᠡᠷᠭᠡ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠲᠣᠰ ᠲᠣᠰ  ᠰᠠᠨᠠᠯ ᠢᠶᠠᠨ ᠰᠣᠯᠢᠯᠴᠠᠪᠠ᠃      ᠰᠣᠯᠢᠯᠴᠠᠭᠠᠨ ᠤ ᠳᠤᠮᠳᠠ᠂ ᠶᠠᠩ ᠶᠢᠨ ᠮᠠᠨ ᠤ ᠬᠤᠲᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠠᠶᠢᠳᠠᠯ ᠢ ᠲᠣᠪᠴᠢ ᠲᠠᠨᠢᠯᠴᠠᠭᠤᠯᠪᠠ᠃ ᠲᠡᠷᠡ ᠬᠡᠯᠡᠭᠰᠡᠨ ᠨᠢ᠂ ᠣᠶᠢᠷ᠎ᠠ ᠶᠢᠨ ᠵᠢᠯ ᠳᠤ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠠᠬᠢ ᠴᠢᠬᠤᠯᠠ ᠶᠠᠷᠢᠶᠠᠨ ᠤ ᠲᠤᠬᠠᠢ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠥᠪᠡᠷᠲᠡᠭᠡᠨ ᠵᠠᠰᠠᠬᠤ ᠣᠷᠣᠨ ᠤ ︽ᠬᠤᠶᠠᠷ ᠬᠠᠯᠬᠠᠪᠴᠢ︾᠂ ︽ᠬᠤᠶᠠᠷ ᠰᠠᠭᠤᠷᠢᠨ︾᠂ ︽ᠨᠢᠭᠡ ᠪᠠᠬᠢᠯᠡᠯᠲᠡ︾ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠢ ᠰᠠᠨᠠᠭᠠᠴᠢᠯᠠᠭ᠎ᠠ ᠠᠴᠠ ᠪᠠᠨ ᠲᠠᠭᠠᠨ ᠦᠢᠯᠡᠴᠢᠯᠡᠵᠦ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠬᠤ ᠶᠢ ᠲᠦᠷᠭᠡᠳᠬᠡᠨ ᠠᠬᠢᠭᠤᠯᠵᠤ᠂ ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ ᠬᠤᠶᠠᠷ ᠶᠡᠭᠡ ᠠᠵᠤ ᠦᠢᠯᠡᠰ ᠤᠨ ᠬᠡᠯᠬᠢᠶ᠎ᠡ ᠶᠢᠨ ᠰᠠᠭᠤᠷᠢᠨ ᠢ ᠪᠦᠬᠦ ᠬᠦᠴᠦᠨ ᠢᠶᠠᠷ ᠢᠶᠠᠨ ᠴᠣᠭᠴᠠᠯᠠᠵᠤ᠂ ᠠᠵᠤ ᠦᠢᠯᠡᠰ ᠢ ᠳᠠᠰᠤᠷᠠᠯᠳᠠ ᠦᠭᠡᠢ ᠳᠡᠭᠡᠳᠦ ᠲᠡᠰ ᠤᠨ᠂ ᠣᠶᠤᠨᠴᠢᠯᠠᠭᠰᠠᠨ᠂ ᠪᠣᠬᠢᠷᠳᠤᠯ ᠦᠭᠡᠢ ᠪᠣᠯᠭᠠᠬᠤ ᠲᠡᠰᠢ ᠤᠷᠤᠭᠰᠢᠯᠠᠭᠤᠯᠪᠠ᠃ ᠣᠶᠢᠷ᠎ᠠ ᠶᠢᠨ ᠬᠤᠭᠤᠴᠠᠭᠠᠨ ᠳᠤ᠂ ᠮᠠᠨ ᠤ ᠬᠤᠲᠠ ᠳᠤᠮᠳᠠᠳᠤ ᠤᠯᠤᠰ ︵ᠦᠬᠠᠢ︶ ᠤᠨ ᠵᠠᠳᠠᠷᠠᠵᠤ ᠪᠣᠯᠬᠤ ᠰᠦᠯᠢᠶᠥᠦ ᠶᠢᠨ ᠠᠵᠤ ᠦᠢᠯᠡᠰ ᠤᠨ ᠬᠥᠭᠵᠢᠯᠲᠡ ᠬᠢᠭᠡᠳ ᠬᠡᠷᠡᠭᠯᠡᠭᠡᠨ ᠤ ᠳᠡᠭᠡᠳᠦ ᠲᠠᠰ ᠤᠨ ᠲᠦᠷᠦᠭᠦᠴᠦᠳ ᠤᠨ ᠬᠤᠷᠠᠯ ᠵᠢᠴᠢ BDO ᠵᠢᠴᠢ PBAT ᠵᠡᠷᠭᠡ ᠬᠤᠪᠢᠯᠪᠤᠷᠢ ᠪᠣᠳᠠᠰ ᠤᠨ ᠠᠵᠤ ᠦᠢᠯᠡᠰ ᠤᠨ ᠶᠠᠷᠢᠯᠴᠠᠭᠠᠨ ᠤ ᠲᠠᠪᠴᠠᠩ ᠢ ᠡᠷᠭᠢᠯᠡᠬᠦ ᠪᠠᠷ ᠪᠣᠶ᠃ ᠥᠷᠭᠡᠨ ᠤᠯᠠᠨ ᠠᠵᠤ ᠠᠬᠤᠶᠢᠯᠠᠯᠲᠠᠳ ᠤᠨ ᠶᠠᠷᠢᠶᠠᠨ ᠤ ᠲᠠᠪᠴᠠᠩ ᠳᠤ ᠢᠳᠡᠪᠬᠢᠲᠡᠢ ᠣᠷᠣᠯᠴᠠᠵᠤ᠂ ᠬᠠᠮᠲᠤᠷᠠᠯᠴᠠᠭᠠᠨ ᠤ ᠶᠡᠭᠡ ᠪᠣᠳᠣᠯᠭ᠎ᠠ ᠶᠢ ᠬᠠᠮᠲᠤᠪᠠᠷ ᠵᠥᠪᠯᠡᠵᠦ᠂ ᠬᠠᠮᠲᠤᠷᠠᠯᠴᠠᠭᠠᠨ ᠤ ᠲᠣᠭᠲᠠᠴᠠ ᠪᠠᠨ ᠴᠢᠨᠠᠭᠰᠢᠳᠠ ᠲᠡᠭᠦᠯᠳᠡᠷᠵᠢᠭᠦᠯᠵᠦ᠂ ᠬᠠᠮᠲᠤᠷᠠᠯᠴᠠᠭᠠᠨ ᠤ ᠲᠡᠰ ᠳᠠᠪᠬᠤᠷᠭ᠎ᠠ ᠪᠠᠨ ᠳᠡᠭᠡᠭᠰᠢᠯᠡᠭᠦᠯᠵᠦ᠂ ᠵᠠᠰᠠᠭ ᠠᠵᠤ ᠠᠬᠤᠶᠢᠯᠠᠯ ᠤᠨ ᠬᠠᠷᠢᠯᠴᠠᠨ ᠠᠰᠢᠭᠲᠠᠢ ᠬᠠᠮᠲᠤᠪᠠᠷ ᠠᠰᠢᠭ ᠬᠦᠷᠳᠡᠬᠦ᠂ ᠬᠠᠮᠲᠤᠪᠠᠷ ᠬᠥᠭᠵᠢᠬᠦ ᠶᠢ ᠴᠢᠷᠮᠠᠶᠢᠨ ᠪᠡᠶᠡᠯᠡᠭᠦᠯᠵᠦ᠂ ᠮᠠᠨ ᠤ ᠬᠤᠳᠠ ᠶᠢᠨ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠳᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠰᠠᠶᠢᠲᠤᠷ ᠵᠠᠮᠨᠠᠬᠤ ᠶᠢ ᠴᠢᠩ ᠰᠡᠳᠬᠢᠯ ᠠᠴᠠ ᠪᠠᠨ ᠪᠠᠶᠠᠷᠯᠠᠨ ᠤᠭᠲᠤᠵᠤ ᠪᠠᠶᠢᠨ᠎ᠠ᠃ ᠮᠠᠨ ᠤ ᠬᠤᠲᠠ ᠭᠤᠸᠠᠩᠳᠦ᠋ᠩ ᠤᠨ ᠰᠦᠯᠢᠶᠥᠦ ᠶᠢᠨ ᠠᠵᠤ ᠦᠢᠯᠡᠳᠪᠦᠷᠢ ᠶᠢᠨ ᠨᠡᠶᠢᠭᠡᠮᠯᠢᠭ᠂ ᠠᠮᠢᠳᠤ ᠪᠣᠳᠠᠰ ᠤᠨ ᠵᠠᠳᠠᠷᠠᠭᠤᠯᠬᠤ ᠮᠠᠲ᠋ᠧᠷᠢᠶᠠᠯ ᠤᠨ ᠰᠤᠳᠤᠯᠭᠠᠨ ᠤ ᠬᠦᠷᠢᠶᠡᠯᠡᠩ ᠤᠨ ᠡᠬᠢ ᠪᠠᠶᠠᠯᠢᠭ᠂ ᠮᠡᠷᠭᠡᠵᠢᠯ᠂ ᠴᠢᠳᠠᠪᠤᠷᠢᠲᠠᠨ ᠵᠡᠷᠭᠡ ᠲᠠᠯ᠎ᠠ ᠶᠢᠨ ᠳᠠᠪᠠᠭᠤᠯᠢᠭ ᠲᠤ ᠲᠦᠰᠢᠭᠯᠡᠨ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠡᠷᠴᠢᠮ ᠢᠶᠠᠨ ᠴᠢᠩᠭᠠᠷᠠᠭᠤᠯᠵᠤ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠤᠯᠠᠮ ᠨᠢᠭᠡ ᠠᠯᠬᠤᠮ ᠰᠢᠯᠢᠳᠡᠭᠵᠢᠭᠦᠯᠦᠨ᠂ ᠦᠢᠯᠡᠴᠢᠯᠡᠭᠡᠨ ᠤ ᠪᠠᠲᠤᠯᠠᠭ᠎ᠠ ᠶᠢ ᠴᠢᠩᠭᠠᠳᠬᠠᠵᠤ᠂ ᠵᠠᠳᠠᠷᠠᠭᠤᠯᠵᠤ ᠪᠣᠯᠬᠤ ᠰᠦᠯᠢᠶᠥᠦ ᠶᠢᠨ ᠠᠵᠢᠯ ᠲᠥᠷᠥᠯ ᠤᠨ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠶᠢ ᠬᠥᠲᠥᠯᠥᠨ ᠳᠠᠭᠠᠭᠤᠯᠵᠤ ᠠᠬᠢᠭᠤᠯᠤᠨ᠎ᠠ ᠭᠡᠵᠡᠢ᠃      ᠠᠵᠤ ᠠᠬᠤᠶᠢᠯᠠᠯ ᠤᠨ ᠬᠠᠷᠢᠭᠤᠴᠠᠯᠭᠠᠲᠠᠨ ᠢᠯᠡᠷᠬᠡᠶᠢᠯᠡᠭᠰᠡᠨ ᠨᠢ᠂ ᠮᠠᠨ ᠤ ᠬᠤᠳᠠ ᠲᠠᠢ ᠣᠯᠣᠯᠴᠠᠭ᠎ᠠ ᠰᠣᠯᠢᠯᠴᠠᠭ᠎ᠠ ᠪᠠᠨ ᠴᠢᠩᠭᠠᠳᠬᠠᠵᠤ᠂ ᠬᠠᠮᠲᠤᠷᠠᠯᠴᠠᠭᠠᠨ ᠤ ᠠᠵᠠ ᠲᠣᠬᠢᠶᠠᠯ ᠢ ᠢᠳᠡᠪᠬᠢᠲᠡᠢ ᠡᠷᠢᠯᠬᠢᠯᠡᠵᠦ᠂ ᠲᠦᠷᠦᠯ ᠵᠦᠢᠯ ᠢ ᠦᠬᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠵᠤ᠂ ᠦᠬᠠᠢ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠢᠳᠡᠪᠬᠢᠲᠡᠢ ᠬᠤᠪᠢ ᠨᠡᠮᠡᠷᠢ ᠦᠵᠡᠭᠦᠯᠦᠨ᠎ᠡ ᠭᠡᠵᠡᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号