ᠬᠤᠳᠠ ᠶᠢᠨ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠤᠨ ᠬᠠᠯᠳᠠᠪᠤᠷᠢᠯᠠᠯ ᠤᠨ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ 45 ᠳ᠋ᠤᠭᠠᠷ ᠤᠳᠠᠭᠠᠨ ᠤ ᠠᠵᠢᠯ ᠤᠨ ᠬᠤᠷᠠᠯ ᠬᠤᠷᠠᠯᠳᠤᠭᠤᠯᠪᠠ    ᠶᠠᠩ ᠶᠢᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ
ᠨᠡᠶᠢᠲᠡᠯᠡᠭᠰᠡᠨ ᠴᠠᠭ᠄
2022/8/5
     8 ᠰᠠᠷ᠎ᠠ ᠶᠢᠨ 4 ᠤ ᠡᠳᠦᠷ᠂ ᠬᠤᠲᠠ ᠶᠢᠨ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠤᠨ ᠬᠠᠯᠳᠠᠪᠤᠷᠢᠯᠠᠯ ᠤᠨ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ 45 ᠳ᠋ᠤᠭᠠᠷ ᠤᠳᠠᠭᠠᠨ ᠤ ᠠᠵᠢᠯ ᠤᠨ ᠬᠤᠷᠠᠯ ᠬᠤᠷᠠᠯᠳᠤᠭᠤᠯᠵᠤ᠂ ᠪᠥᠬᠦ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠠᠷᠠᠭᠠᠴᠢ ᠶᠢᠨ ᠠᠯᠬᠤᠮ ᠤᠨ ᠭᠤᠣᠯᠳᠠᠯᠭ᠎ᠠ ᠲᠠᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠳᠠ ᠶᠢᠨ ᠳᠠᠷᠤᠭ᠎ᠠ ᠶᠠᠩ ᠶᠢᠨ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠬᠤᠳᠠ ᠶᠢᠨ ᠳᠡᠳ᠋ ᠳᠠᠷᠤᠭ᠎ᠠ ᠬᠤᠤ ᠰᠢ ᠬᠤᠩ ᠬᠤᠷᠠᠯ ᠡᠷᠬᠢᠯᠡᠪᠡ᠃      ᠬᠤᠷᠠᠯ ᠠᠴᠠ ᠵᠢᠭᠠᠨ ᠭᠠᠷᠭᠠᠭᠰᠠᠨ ᠨᠢ᠂ ᠣᠳᠣᠬᠠᠨ ᠳᠤ᠂ ᠪᠥᠬᠦ ᠤᠯᠤᠰ᠂ ᠪᠥᠬᠦ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠪᠠᠶᠢᠳᠠᠯ ᠮᠥᠨ ᠬᠦ ᠬᠦᠨᠳᠦ ᠬᠡᠴᠡᠭᠦᠦ ᠪᠥᠭᠡᠳ ᠪᠤᠳᠤᠯᠢᠶᠠᠨᠲᠠᠢ ᠪᠠᠶᠢᠵᠤ᠂ ᠢᠯᠠᠩᠭᠤᠶ᠎ᠠ ᠵᠣᠨ ᠤ ᠠᠮᠠᠷᠠᠯᠲᠠ ᠶᠢᠨ ᠬᠤᠭᠤᠴᠠᠭᠠᠨ ᠤ ᠬᠥᠮᠥᠰ ᠤᠨ ᠰᠢᠯᠵᠢᠯᠲᠡ ᠬᠡᠴᠡᠭᠦᠳᠡᠵᠦ᠂ ᠲᠥᠪᠯᠡᠷᠡᠯ ᠤᠨ ᠴᠢᠨᠠᠷᠲᠠᠢ ᠠᠵᠢᠯᠯᠠᠭ᠎ᠠ ᠣᠯᠠᠰᠢᠷᠠᠵᠤ᠂ ᠬᠢᠵᠢᠭ ᠤᠨ ᠪᠠᠶᠢᠳᠠᠯ ᠤᠨ ᠲᠠᠷᠬᠠᠬᠤ ᠪᠠ ᠲᠠᠷᠬᠠᠬᠤ ᠲᠦᠭᠰᠢᠭᠦᠷᠢ ᠤᠯᠠᠮ ᠨᠢᠭᠡ ᠠᠯᠬᠤᠮ ᠨᠡᠮᠡᠭᠳᠡᠵᠦ ᠪᠠᠶᠢᠨ᠎ᠠ᠃ ᠡᠯ᠎ᠡ ᠲᠣᠭᠤᠷᠢᠭ᠂ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠰᠢ ᠶᠢᠨ ᠫᠢᠩ ᠶᠡᠷᠦᠩᠬᠡᠢ ᠱᠦᠵᠢ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ᠂ ᠰᠦᠨ ᠱᠣᠸ ᠴᠧᠩ ᠱᠦᠵᠢ ᠶᠢᠨ ᠵᠢᠭᠠᠪᠤᠷᠢ ᠶᠢᠨ ᠵᠣᠷᠢᠭ ᠰᠠᠨᠠᠭ᠎ᠠ ᠪᠠ ᠲᠡᠷᠢᠭᠦᠯᠡᠭᠴᠢ ᠸᠠᠩ ᠯᠢ ᠰᠢᠶᠠ ᠶᠢᠨ ᠳᠤᠷᠠᠳᠤᠭᠰᠠᠨ ︽ᠬᠤᠶᠠᠷ ᠵᠦᠢᠯ ᠤᠨ ᠲᠦᠭᠰᠢᠭᠦᠷᠢ︾ ᠶᠢ ᠴᠢᠩᠭ᠎ᠠ ᠰᠡᠷᠭᠡᠶᠢᠯᠡᠬᠦ ᠠᠵᠢᠯ ᠤᠨ ᠱᠠᠭᠠᠷᠳᠠᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠡᠯ᠎ᠡ ᠲᠠᠯ᠎ᠠ ᠶᠢᠨ ᠬᠠᠷᠢᠭᠤᠴᠠᠯᠭ᠎ᠠ ᠪᠠᠨ ᠴᠢᠩᠭ᠎ᠠ ᠠᠳᠬᠤᠵᠤ᠂ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠨᠠᠷᠢᠨ ᠨᠢᠮᠪᠠᠢ ᠨᠠᠶᠢᠳᠠᠪᠤᠷᠢᠵᠢᠭᠤᠯᠤᠨ᠂ ᠬᠢᠯᠪᠠᠷ ᠪᠤᠰᠤ ᠪᠠᠷ ᠣᠯᠣᠭᠰᠠᠨ ᠰᠡᠷᠭᠡᠶᠢᠯᠡᠨ ᠡᠵᠡᠮᠳᠡᠬᠦ ᠦᠷ᠎ᠡ ᠪᠦᠲᠦᠭᠡᠯ ᠢ ᠦᠷᠭᠦᠯᠵᠢᠯᠡᠨ ᠰᠠᠶᠢᠲᠤᠷ ᠪᠠᠬᠢᠵᠢᠭᠦᠯᠬᠦ ᠬᠡᠷᠡᠭᠲᠡᠢ ᠭᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠬᠤᠳᠠ᠂ ᠲᠣᠭᠤᠷᠢᠭ ᠬᠤᠶᠠᠷ ᠱᠠᠲᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠭᠠᠵᠠᠷ ᠤᠨ ᠬᠢᠨ ᠢᠮᠠᠭᠲᠠ ᠥᠨᠳᠥᠷ ᠪᠦᠲᠦᠮᠵᠢᠲᠡᠢ ᠠᠵᠢᠯᠯᠠᠭᠠᠨ ᠢ ᠪᠠᠲᠤᠯᠠᠵᠤ ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠢ ᠴᠠᠭ ᠲᠤᠬᠠᠢ ᠳᠤᠨᠢ ᠵᠠᠳᠠᠯᠤᠨ ᠰᠤᠳᠤᠯᠤᠨ ᠮᠠᠭᠠᠳᠯᠠᠵᠤ ᠂ ᠵᠢᠯᠣᠭᠤᠳᠤᠨ ᠲᠣᠬᠢᠷᠠᠭᠤᠯᠬᠤ ᠳᠤ ᠬᠦᠴᠦᠲᠡᠢ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠳᠤ ᠬᠦᠴᠦᠲᠡᠢ᠂ ᠲᠦᠷᠭᠡᠨ ᠴᠤᠤᠷᠢᠶᠠᠲᠤᠨ ᠳᠠᠭᠠᠬᠤ ᠳᠤ ᠬᠦᠴᠦᠲᠡᠢ ᠶᠢ ᠪᠠᠲᠤᠯᠠᠬᠤ ᠬᠡᠷᠡᠭᠲᠡᠢ᠃ ᠦᠬᠠᠢ ᠳᠤ ᠣᠷᠣᠬᠤ ᠪᠣᠭᠤᠮᠲᠠ ᠶᠢ ᠴᠢᠩᠭ᠎ᠠ ᠠᠳᠬᠤᠵᠤ᠂ ︽ᠨᠢᠭᠡ ᠤᠳᠠᠭ᠎ᠠ ᠳᠤ ᠬᠤᠶᠠᠷ ᠦᠷᠳᠡᠭᠡ︾᠂ ᠡᠯ᠎ᠡ ᠵᠠᠰᠠᠮᠠᠯ ᠵᠠᠮ ᠤᠨ ᠪᠣᠭᠤᠮᠲᠠ ᠠᠴᠠ ᠢᠷᠡᠬᠦ ᠦᠬᠠᠢ ᠶᠢᠨ ᠬᠥᠮᠥᠰ ᠢ ᠳᠠᠷᠠᠭᠠᠯᠠᠨ ᠪᠠᠶᠢᠴᠠᠭᠠᠵᠤ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ᠡᠷᠡᠭᠦᠯ ᠮᠡᠨᠳᠦ ᠶᠢᠨ ᠺᠣᠳ᠋ ︵ᠠᠶᠠᠯᠠᠯ ᠤᠨ ᠺᠣᠳ᠋︶︶ ᠢ ᠪᠠᠶᠢᠴᠠᠭᠠᠨ ᠰᠢᠯᠭᠠᠬᠤ᠂ 48 ᠴᠠᠭ ᠤᠨ ᠪᠥᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷ ᠤᠨ ᠭᠡᠷᠡᠴᠢ ᠶᠢ ᠪᠠᠶᠢᠴᠠᠭᠠᠨ ᠰᠢᠯᠭᠠᠬᠤ ᠵᠡᠷᠭᠡ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠭᠠᠳᠠᠭᠠᠳᠤ ᠣᠷᠣᠭᠤᠯᠤᠯᠲᠠ ᠶᠢᠨ ᠨᠢᠭᠲᠠ ᠴᠢᠩᠭ᠎ᠠ ᠰᠡᠷᠭᠡᠶᠢᠯᠡᠯᠲᠡ ᠶᠢᠨ ᠱᠤᠭᠤᠮ ᠢ ᠦᠨᠡᠨᠬᠦ ᠪᠠᠬᠢᠵᠢᠭᠦᠯᠬᠦ ᠬᠡᠷᠡᠭᠲᠡᠢ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠪᠠᠨ ᠳᠡᠭᠡᠭᠰᠢᠯᠡᠭᠦᠯᠵᠦ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠢ ᠲᠡᠭᠦᠯᠳᠡᠷᠵᠢᠭᠦᠯᠦᠨ᠂ ︽ᠭᠤᠷᠪᠠᠨ ᠠᠯᠪᠠᠨ ︵ᠠᠵᠢᠯᠴᠢᠨ︶︾ ᠤ ᠴᠤᠪᠤᠷᠠᠭᠤᠯᠤᠨ ᠰᠢᠯᠵᠢᠭᠦᠯᠬᠦ ᠡᠩᠨᠡᠭᠡ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠪᠥᠭᠡᠮ ᠬᠦᠴᠢᠯ ᠤᠨ ᠪᠠᠶᠢᠴᠠᠭᠠᠨ ᠬᠡᠮᠵᠢᠬᠦ ᠡᠳ᠋ ᠪᠣᠳᠠᠰ ᠪᠠ ᠲᠤᠰᠬᠠᠢ ᠮᠡᠷᠭᠡᠵᠢᠯ ᠤᠨ ᠠᠵᠢᠯᠲᠠᠨ ᠢ ᠭᠦᠢᠴᠡᠳ ᠲᠣᠬᠢᠷᠠᠭᠤᠯᠤᠨ᠂ ᠪᠣᠯᠪᠠᠰᠤᠷᠠᠭᠤᠯᠤᠯ ᠰᠣᠷᠢᠯᠲᠠ ᠶᠢ ᠴᠢᠩᠭᠠᠳᠬᠠᠵᠤ᠂ ᠬᠢᠵᠢᠭ ᠤᠨ ᠪᠠᠶᠢᠳᠠᠯ ᠢ ᠠᠷᠭᠠᠴᠠᠬᠤ ᠡᠯ᠎ᠡ ᠵᠦᠢᠯ ᠤᠨ ᠪᠡᠯᠡᠳᠬᠡᠯ ᠠᠵᠢᠯ ᠢ ᠰᠠᠶᠢᠲᠤᠷ ᠬᠢᠬᠦ ᠬᠡᠷᠡᠭᠲᠡᠢ᠃ ᠠᠵᠢᠯ ᠤᠨ ᠭᠤᠣᠯᠳᠠᠯᠭ᠎ᠠ ᠪᠠᠨ ᠲᠤᠪᠤᠶᠢᠯᠭᠠᠵᠤ᠂ ᠣᠶᠢᠷ᠎ᠠ ᠶᠢᠨ ᠬᠤᠭᠤᠴᠠᠭᠠᠨ ᠤ ᠲᠣᠮᠣ ᠬᠡᠯᠪᠡᠷᠢ ᠶᠢᠨ ᠬᠤᠷᠠᠯ᠂ ᠠᠵᠢᠯᠯᠠᠭ᠎ᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠲᠥᠪᠯᠡᠷᠡᠯ ᠤᠨ ᠴᠢᠨᠠᠷᠲᠠᠢ ᠬᠢᠵᠢᠭ ᠤᠨ ᠪᠠᠶᠢᠳᠠᠯ ᠦᠯᠦ ᠡᠭᠦᠰᠬᠦ ᠬᠤᠷᠢᠭ᠎ᠠ ᠱᠤᠭᠤᠮ ᠢ ᠡᠷᠡᠰ ᠰᠠᠬᠢᠬᠤ ᠬᠡᠷᠡᠭᠲᠡᠢ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠤᠬᠠᠭᠤᠯᠭ᠎ᠠ ᠶᠢ ᠪᠦᠬᠦ ᠲᠠᠯ᠎ᠠ ᠪᠠᠷ᠂ ᠤᠯᠠᠨ ᠬᠠᠷᠠᠭᠠᠰᠤ᠂ ᠪᠣᠰᠤᠭ᠎ᠠ ᠴᠣᠭᠴᠠᠲᠤ ᠬᠡᠯᠪᠡᠷᠢ ᠪᠠᠷ ᠥᠷᠨᠢᠭᠦᠯᠵᠦ᠂ ︽ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠤᠨ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠲᠥᠰᠥᠯ ︵ᠶᠢᠰᠦᠳᠦᠭᠡᠷ ᠬᠡᠪᠯᠡᠯ︶︾ ᠢ ᠲᠣᠳᠣᠷᠬᠠᠶᠢᠯᠠᠨ ᠲᠠᠶᠢᠯᠪᠤᠷᠢᠯᠠᠬᠤ ᠠᠵᠢᠯ ᠢ ᠬᠦᠴᠦᠯᠡᠨ ᠰᠠᠶᠢᠲᠤᠷ ᠬᠢᠵᠦ᠂ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ᠂ ᠤᠯᠠᠨ ᠢᠶᠠᠷ ᠢᠶᠠᠨ ᠰᠡᠷᠭᠡᠶᠢᠯᠡᠵᠦ ᠤᠯᠠᠨ ᠢᠶᠠᠷ ᠢᠶᠠᠨ ᠵᠠᠰᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠦᠬᠦ ᠬᠦᠴᠦᠨ ᠢᠶᠠᠷ ᠢᠶᠠᠨ ᠪᠤᠢ ᠪᠣᠯᠭᠠᠬᠤ ᠬᠡᠷᠡᠭᠲᠡᠢ ᠭᠡᠵᠡᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号