ᠶᠠᠩ ᠶᠢᠨ ᠤᠳᠠ ᠲᠣᠭᠤᠷᠢᠭ ᠤᠨ ᠪᠥᠭᠡᠮ ᠬᠦᠴᠢᠯ ᠤᠨ ᠪᠠᠶᠢᠴᠠᠭᠠᠨ ᠬᠡᠮᠵᠢᠬᠦ ᠠᠵᠢᠯ ᠢ ᠬᠢᠨᠠᠨ ᠵᠢᠯᠤᠭᠤᠳᠴᠤ ᠪᠠᠶᠢᠴᠠᠭᠠᠬᠤ ᠳᠠᠭᠠᠨ ᠪᠥᠭᠡᠮ ᠬᠦᠴᠢᠯ ᠤᠨ ᠪᠠᠶᠢᠴᠠᠭᠠᠨ ᠬᠡᠮᠵᠢᠬᠦ ᠴᠢᠨᠠᠷ ᠪᠠ ᠦᠷ᠎ᠡ ᠠᠰᠢᠭ ᠢ ᠴᠢᠩᠭ᠎ᠠ ᠳᠡᠭᠡᠭᠰᠢᠯᠡᠭᠦᠯᠵᠦ ᠬᠢᠵᠢᠭ ᠤᠨ ᠲᠠᠷᠬᠠᠯᠲᠠ ᠶᠢ ᠡᠷᠡᠰ ᠰᠡᠷᠭᠡᠶᠢᠯᠡᠨ᠎ᠡ
ᠨᠡᠶᠢᠲᠡᠯᠡᠭᠰᠡᠨ ᠴᠠᠭ᠄
2022/8/8
     8 ᠰᠠᠷ᠎ᠠ ᠶᠢᠨ 7 ᠤ ᠡᠳᠦᠷ ᠤᠨ ᠦᠳᠡ ᠶᠢᠨ ᠡᠮᠦᠨ᠎ᠡ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠶᠠᠩ ᠶᠢᠨ ᠤᠳᠠ ᠲᠣᠭᠤᠷᠢᠭ ᠲᠤ ᠭᠦᠨᠵᠡᠭᠡᠶᠢᠷᠡᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠢ ᠬᠢᠨᠠᠨ ᠵᠢᠯᠤᠭᠤᠳᠴᠤ ᠪᠠᠶᠢᠴᠠᠭᠠᠪᠠ᠃      ᠶᠠᠩ ᠶᠢᠨ ᠨᠠᠷ ᠤᠷᠢᠳ ᠬᠤᠵᠢᠳ ᠤᠳᠠ ᠲᠣᠭᠤᠷᠢᠭ ᠤᠨ ᠪᠢᠨ ᠬᠠᠢ C ᠲᠣᠭᠤᠷᠢᠭ᠂ ᠪᠧᠢ ᠠᠨ ᠰᠢᠨ ᠴᠧᠩ᠂ ᠶᠥᠩ ᠴᠠᠩ ᠵᠢᠶᠠ ᠶᠤᠸᠠᠨ ᠬᠤᠶᠠᠳᠤᠭᠠᠷ ᠬᠤᠭᠤᠴᠠᠭᠠᠨ ᠤ ᠪᠠᠭ᠎ᠠ ᠲᠣᠭᠤᠷᠢᠭ ᠵᠡᠷᠭᠡ ᠭᠠᠵᠠᠷ ᠲᠤ ᠬᠦᠷᠴᠦ ᠂ ᠪᠥᠭᠡᠮ ᠬᠦᠴᠢᠯ ᠤᠨ ᠪᠠᠶᠢᠴᠠᠭᠠᠨ ᠬᠡᠮᠵᠢᠬᠦ ᠠᠵᠢᠯ ᠤᠨ ᠠᠬᠢᠴᠠ᠂ ᠡᠮᠬᠢ ᠳᠢᠭᠯᠢᠮ ᠤᠨ ᠬᠠᠮᠢᠶᠠᠷᠤᠯᠲᠠ᠂ ᠦᠢᠯᠡᠴᠢᠯᠡᠭᠡᠨ ᠤ ᠪᠠᠲᠤᠯᠠᠭ᠎ᠠ ᠵᠡᠷᠭᠡ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ ᠨᠠᠷᠢᠨ ᠣᠶᠢᠯᠠᠭᠠᠭᠰᠠᠨ ᠪᠥᠭᠡᠳ ᠡᠮᠦᠨ᠎ᠡ ᠹᠷᠣᠨᠲ ᠤᠨ ᠠᠵᠢᠯᠲᠠᠳ ᠲᠤ ᠲᠤᠰ ᠪᠡᠶ᠎ᠡ ᠶᠢᠨ ᠬᠠᠮᠠᠭᠠᠯᠠᠯᠲᠠ ᠪᠠᠨ ᠰᠠᠶᠢᠲᠤᠷ ᠬᠢᠵᠦ᠂ ᠠᠵᠢᠯ ᠤᠨ ᠪᠠᠶᠢᠷᠢ ᠡᠭᠡᠯᠵᠢᠯᠡᠭᠦᠯᠦᠨ ᠠᠮᠠᠷᠠᠭᠤᠯᠬᠤ ᠬᠡᠷᠡᠭᠲᠡᠢ ᠭᠡᠵᠦ ᠵᠠᠬᠢᠪᠠ᠃      ᠶᠠᠩ ᠶᠢᠨ ᠴᠢᠬᠤᠯᠠᠴᠢᠯᠠᠭᠰᠠᠨ ᠨᠢ᠂ ᠡᠯ᠎ᠡ ᠲᠣᠭᠤᠷᠢᠭ᠂ ᠡᠯ᠎ᠡ ᠰᠠᠯᠠᠭ᠎ᠠ ᠮᠥᠴᠢᠷ ᠤᠨ ᠬᠢᠨ ︽ᠭᠠᠳᠠᠨ᠎ᠠ ᠠᠴᠠ ᠣᠷᠣᠭᠤᠯᠬᠤ ᠶᠢ ᠰᠡᠷᠭᠡᠶᠢᠯᠡᠬᠦ᠂ ᠳᠣᠲᠣᠭᠠᠳᠤ ᠳᠠᠭᠠᠨ ᠲᠠᠬᠢᠨ ᠰᠡᠷᠭᠦᠬᠦ ᠶᠢ ᠰᠡᠷᠭᠡᠶᠢᠯᠡᠬᠦ︾ ᠶᠡᠷᠦᠩᠬᠡᠢ ᠠᠷᠭ᠎ᠠ ᠪᠣᠳᠣᠯᠭ᠎ᠠ ᠪᠣᠯᠣᠨ ︽ᠬᠥᠳᠡᠯᠦᠩᠭᠦᠢ ᠪᠠᠷ ᠴᠡᠪᠡᠷᠯᠡᠬᠦ︾ ᠶᠡᠷᠦᠩᠬᠡᠢ ᠴᠢᠭᠯᠡᠯᠲᠡ ᠶᠢ ᠭᠤᠶᠢᠪᠢᠰᠢ ᠦᠭᠡᠢ ᠪᠠᠷᠢᠮᠲᠠᠯᠠᠵᠤ᠂ ᠲᠡᠷᠢᠭᠦᠯᠡᠭᠴᠢ ᠸᠠᠩ ᠯᠢ ᠰᠢᠶᠠ ᠶᠢᠨ ︽ᠲᠦᠷᠪᠡᠨ ᠡᠷᠲᠡ︾᠂ ︽ᠲᠦᠷᠪᠡᠨ ᠲᠦᠷᠭᠡᠨ︾ ᠤ ᠠᠵᠢᠯ ᠤᠨ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠨᠡᠬᠦ ᠬᠥᠪᠴᠢ ᠶᠢ ᠴᠠᠭ ᠢᠮᠠᠭᠲᠠ ᠴᠢᠩᠭᠠᠷᠠᠭᠤᠯᠵᠤ᠂ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠪᠥᠭᠡᠳ ᠲᠦᠷᠭᠡᠨ ᠠᠳᠬᠤᠵᠤ᠂ ᠬᠢᠵᠢᠭ ᠤᠨ ᠪᠠᠶᠢᠳᠠᠯ ᠢ ᠰᠡᠷᠭᠡᠶᠢᠯᠡᠵᠦ ᠳᠡᠶᠢᠯᠬᠦ᠂ ᠲᠣᠭᠲᠠᠪᠤᠷᠢᠵᠢᠭᠤᠯᠵᠤ ᠳᠡᠶᠢᠯᠬᠦ᠂ ᠡᠵᠡᠮᠳᠡᠵᠦ ᠳᠡᠶᠢᠯᠬᠦ ᠶᠢ ᠪᠠᠲᠤᠯᠠᠬᠤ ᠬᠡᠷᠡᠭᠲᠡᠢ᠃ ᠪᠥᠭᠡᠮ ᠬᠦᠴᠢᠯ ᠤᠨ ᠥᠯᠢᠭᠡᠷ ᠠᠪᠬᠤ ᠴᠡᠭ ᠤᠨ ᠲᠤᠬᠠᠢ ᠶᠢᠨ ᠲᠠᠯᠠᠪᠤᠷ ᠤᠨ ᠵᠣᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ ᠶᠢ ᠴᠢᠩᠭᠠᠳᠬᠠᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ᠲᠤᠷᠰᠢᠯᠭ᠎ᠠ ᠪᠠᠨ ᠴᠠᠭ ᠲᠤᠬᠠᠢ ᠳᠤᠨᠢ ᠳ᠋ᠦᠩᠨᠡᠵᠦ᠂ ︽ᠴᠤᠭᠯᠠᠭᠤᠯᠬᠤ᠂ ᠬᠦᠷᠭᠡᠬᠦ᠂ ᠪᠠᠶᠢᠴᠠᠭᠠᠬᠤ᠂ ᠮᠡᠳᠡᠭᠦᠯᠬᠦ︾ ᠠᠵᠢᠯ ᠤᠨ ᠴᠤᠪᠤᠷᠠᠯ ᠢ ᠲᠠᠰᠤᠷᠠᠯᠲᠠ ᠦᠭᠡᠢ ᠰᠢᠯᠢᠳᠡᠭᠵᠢᠭᠦᠯᠵᠦ᠂ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢᠨ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠦᠨᠡᠨᠬᠦ ᠳᠡᠭᠡᠭᠰᠢᠯᠡᠭᠦᠯᠬᠦ ᠬᠡᠷᠡᠭᠲᠡᠢ᠃ ᠦᠨᠳᠦᠰᠦᠨ ᠱᠠᠲᠤᠨ ᠤ ᠨᠡᠶᠢᠭᠡᠮ ᠲᠣᠭᠤᠷᠢᠭ ᠤᠨ ᠠᠵᠢᠯᠲᠠᠨ᠂ ᠰᠦᠯᠵᠢᠶᠡᠨ ᠤ ᠠᠵᠢᠯᠲᠠᠨ᠂ ᠰᠠᠶᠢᠨ ᠳᠤᠷ᠎ᠠ ᠶᠢᠨ ᠠᠵᠢᠯᠯᠠᠭᠴᠢ ᠵᠡᠷᠭᠡ ᠬᠠᠮᠲᠤᠯᠢᠭ ᠤᠨ ᠬᠦᠴᠦᠨ ᠢ ᠭᠦᠢᠴᠡᠳ ᠳᠠᠶᠢᠴᠢᠯᠠᠨ᠂ ︽ᠡᠭᠦᠳᠡ ᠲᠣᠭᠰᠢᠬᠤ ᠠᠵᠢᠯᠯᠠᠭ᠎ᠠ︾ ᠶᠢ ᠭᠦᠨᠵᠡᠭᠡᠢ ᠥᠷᠨᠢᠭᠦᠯᠵᠦ᠂ ᠰᠣᠬᠤᠷ ᠪᠠᠯᠠᠢ ᠭᠠᠵᠠᠷ ᠥᠯᠥ ᠣᠨᠣᠭᠳᠠᠬᠤ ᠪᠠᠶᠢᠳᠠᠯ ᠢ ᠠᠷᠢᠯᠭᠠᠵᠤ᠂ ᠨᠢᠭᠡ ᠡᠷᠦᠬᠡ ᠶᠢ ᠴᠦ ᠣᠷᠬᠢᠭᠳᠠᠭᠤᠯᠬᠤ ᠦᠭᠡᠢ᠂ ᠨᠢᠭᠡ ᠬᠥᠮᠥᠨ ᠢ ᠴᠦ ᠣᠷᠬᠢᠭᠳᠠᠭᠤᠯᠬᠤ ᠦᠭᠡᠢ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠢ᠃ ᠪᠥᠬᠦ ᠠᠵᠢᠯᠲᠠᠨ ᠤ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢ ᠥᠷᠨᠢᠭᠦᠯᠬᠦ ᠪᠠᠷ ᠲᠣᠬᠢᠶᠠᠯ ᠪᠣᠯᠭᠠᠨ᠂ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠪᠠ ᠵᠣᠬᠢᠶᠠᠨ ᠪᠠᠶᠢᠭᠤᠯᠤᠨ ᠳᠠᠶᠢᠴᠢᠯᠠᠬᠤ ᠶᠢ ᠤᠯᠠᠮ ᠨᠢᠭᠡ ᠠᠯᠬᠤᠮ ᠴᠢᠩᠭᠠᠳᠬᠠᠵᠤ᠂ 60 ᠨᠠᠰᠤᠨ ᠠᠴᠠ ᠳᠡᠭᠡᠭᠰᠢᠬᠢ ᠨᠠᠰᠤᠲᠠᠶᠢᠴᠤᠳ ᠤᠨ ᠲᠠᠷᠢᠯᠭ᠎ᠠ ᠶᠢᠨ ᠠᠬᠢᠴᠠ ᠶᠢ ᠲᠦᠷᠭᠡᠳᠬᠡᠨ᠂ ᠪᠥᠬᠦ ᠶᠠᠪᠤᠴᠠ ᠶᠢᠨ ᠲᠠᠷᠢᠯᠭ᠎ᠠ ᠶᠢᠨ ᠨᠣᠷᠮ᠎ᠠ ᠶᠢ ᠥᠪᠡᠷᠲᠡᠭᠡᠨ ᠵᠠᠰᠠᠬᠤ ᠣᠷᠣᠨ ᠤ ᠪᠠᠭᠤᠯᠭᠠᠭᠰᠠᠨ ᠡᠭᠦᠷᠭᠡ ᠬᠠᠷᠠᠯᠲᠠ ᠳᠤ ᠲᠦᠷᠭᠡᠬᠡᠨ ᠬᠦᠷᠦᠭᠦᠯᠬᠦ ᠶᠢ ᠦᠨᠡᠨᠬᠦ ᠪᠠᠲᠤᠯᠠᠵᠤ᠂ ᠬᠢᠵᠢᠭ ᠢ ᠰᠡᠷᠭᠡᠶᠢᠯᠡᠬᠦ ᠠᠮᠤᠷ ᠲᠦᠪᠰᠢᠨ ᠤ ᠬᠠᠯᠬᠠᠪᠴᠢ ᠶᠢ ᠦᠨᠡᠨᠬᠦ  ᠪᠠᠬᠢᠵᠢᠭᠦᠯᠬᠦ ᠭᠡᠷᠡᠭᠲᠡᠢ ᠭᠡᠵᠡᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号