ᠶᠠᠩ ᠶᠢᠨ ᠬᠠᠶᠢᠷᠤᠪ ᠤᠨ ᠲᠣᠬᠤᠢ ᠲᠣᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠬᠢᠨᠠᠨ ᠵᠢᠯᠤᠭᠤᠳᠴᠤ ᠪᠠᠶᠢᠴᠠᠭᠠᠬᠤ ᠳᠠᠭᠠᠨ ᠴᠢᠬᠤᠯᠠᠴᠢᠯᠠᠭᠰᠠᠨ ᠨᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠲᠤ ᠪᠠᠬᠢ ᠬᠠᠯᠬᠠᠪᠴᠢ ᠶᠢ ᠦᠨᠡᠨᠬᠦ ᠪᠠᠬᠢᠵᠢᠭᠦᠯᠬᠦ ᠬᠡᠷᠡᠭᠲᠡᠢ
ᠨᠡᠶᠢᠲᠡᠯᠡᠭᠰᠡᠨ ᠴᠠᠭ᠄
2022/8/8
     8 ᠰᠠᠷ᠎ᠠ ᠶᠢᠨ 7 ᠤ ᠡᠳᠦᠷ ᠤᠨ ᠦᠳᠡ ᠶᠢᠨ ᠬᠤᠶᠢᠨ᠎ᠠ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠶᠠᠩ ᠶᠢᠨ ᠬᠠᠶᠢᠷᠤᠪ ᠤᠨ ᠲᠣᠬᠤᠢ ᠲᠣᠭᠤᠷᠢᠭ ᠲᠤ ᠭᠦᠨᠵᠡᠭᠡᠶᠢᠷᠡᠨ ᠬᠢᠵᠢᠭ ᠤᠨ ᠪᠠᠶᠢᠳᠠᠯ   ᠢ ᠰᠡᠷᠭᠡᠶᠢᠯᠡᠨ ᠬᠢᠵᠠᠭᠠᠷᠯᠠᠬᠤ ᠠᠵᠢᠯ ᠢ ᠬᠢᠨᠠᠨ ᠵᠢᠯᠤᠭᠤᠳᠴᠤ ᠪᠠᠶᠢᠴᠠᠭᠠᠪᠠ᠃      ᠶᠠᠩ ᠶᠢᠨ ᠨᠠᠷ ᠤᠷᠢᠳ ᠬᠤᠵᠢᠳ ᠬᠠᠶᠢᠷᠤᠪ ᠤᠨ ᠲᠣᠬᠤᠢ ᠲᠣᠭᠤᠷᠢᠭ ᠤᠨ ᠴᠢᠶᠠᠨ ᠯᠢ ᠱᠠᠨ ᠪᠠᠯᠭᠠᠰᠤᠨ ᠤ ᠰᠢᠨ ᠹᠧᠩ ᠲᠣᠰᠬᠤᠨ᠂ ᠪᠥᠯᠬᠦᠮᠳᠡᠯ ᠰᠢᠨ᠎ᠡ ᠲᠣᠰᠬᠤᠨ᠂ ᠮᠧᠩ ᠰᠢ ᠲᠦᠷᠭᠡᠨ ᠵᠠᠰᠠᠮᠠᠯ ᠵᠠᠮ ᠤᠨ ᠠᠭᠤᠯᠵᠠᠷ ᠵᠡᠷᠭᠡ ᠭᠠᠵᠠᠷ ᠲᠤ ᠬᠦᠷᠴᠦ᠂ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢᠨ ᠠᠬᠢᠴᠠ᠂ ᠦᠬᠠᠢ ᠳᠤ ᠣᠷᠣᠬᠤ ᠬᠠᠮᠢᠶᠠᠷᠤᠯᠲᠠ ᠵᠡᠷᠭᠡ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠪᠡ᠃      ᠶᠠᠩ ᠶᠢᠨ ᠴᠢᠬᠤᠯᠠᠴᠢᠯᠠᠭᠰᠠᠨ ᠨᠢ᠂ ᠡᠯ᠎ᠡ ᠲᠣᠭᠤᠷᠢᠭ᠂ ᠡᠯ᠎ᠡ ᠰᠠᠯᠠᠭ᠎ᠠ ᠮᠥᠴᠢᠷ ᠤᠨ ᠬᠢᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠣᠯᠣᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠳᠠ ᠶᠢᠨ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠶᠢ ᠭᠦᠨᠵᠡᠭᠡᠢ ᠲᠤᠤᠱᠯᠠᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠡᠷᠭᠡᠶᠢᠯᠡᠯᠲᠡ ᠶᠢᠨ ᠱᠤᠭᠤᠮ ᠢ ᠦᠨᠡᠨᠬᠦ ᠪᠠᠬᠢᠵᠢᠭᠦᠯᠵᠦ᠂ ᠠᠷᠠᠳ ᠤᠯᠠᠨ ᠤ ᠠᠮᠢ ᠨᠠᠰᠤᠨ ᠤ ᠠᠮᠤᠷ ᠲᠦᠪᠰᠢᠨ ᠪᠣᠯᠣᠨ ᠪᠡᠶ᠎ᠡ ᠮᠠᠬᠠᠪᠤᠳ ᠤᠨ ᠡᠷᠡᠭᠦᠯ ᠴᠢᠭᠢᠷᠠᠭ ᠢ ᠪᠦᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠢ᠃ ᠪᠥᠭᠡᠮ ᠬᠦᠴᠢᠯ ᠤᠨ ᠪᠠᠶᠢᠴᠠᠭᠠᠨ ᠬᠡᠮᠵᠢᠬᠦ ᠠᠬᠢᠴᠠ ᠶᠢ ᠤᠯᠠᠮ ᠨᠢᠭᠡ ᠠᠯᠬᠤᠮ ᠲᠦᠷᠭᠡᠳᠬᠡᠵᠦ᠂ ᠴᠡᠭ ᠪᠠᠶᠢᠷᠢ ᠶᠢᠨ ᠪᠠᠶᠢᠷᠢᠯᠠᠭᠤᠯᠤᠯᠲᠠ ᠶᠢ ᠰᠢᠯᠢᠳᠡᠭᠵᠢᠭᠦᠯᠦᠨ᠂ ︽ᠡᠭᠦᠳᠡ ᠲᠣᠭᠰᠢᠬᠤ ᠠᠵᠢᠯᠯᠠᠭ᠎ᠠ︾ ᠶᠢ ᠥᠷᠨᠢᠭᠦᠯᠵᠦ᠂ ᠬᠠᠮᠤᠭ ᠤᠨ ᠣᠬᠤᠷ ᠬᠤᠭᠤᠴᠠᠭᠠᠨ ᠳᠤ ᠭᠤᠷᠪᠠ ᠣᠳᠠᠭᠠᠨ ᠤ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠢ᠃ ᠦᠬᠠᠢ ᠳᠤ ᠣᠷᠣᠬᠤ ᠪᠣᠭᠤᠮᠲᠠ ᠶᠢ ᠴᠢᠩᠭ᠎ᠠ ᠠᠳᠬᠤᠵᠤ᠂ ᠦᠬᠠᠢ ᠳᠤ ᠢᠷᠡᠬᠦ ᠬᠥᠮᠥᠰ ᠢ ᠵᠢᠭᠰᠠᠭᠠᠨ ᠪᠠᠶᠢᠴᠠᠭᠠᠵᠤ ᠬᠠᠮᠢᠶᠠᠷᠤᠨ ᠡᠵᠡᠮᠳᠡᠬᠦ ᠪᠠᠨ ᠴᠢᠩᠭᠠᠳᠬᠠᠵᠤ᠂ ᠡᠷᠡᠭᠦᠯ ᠮᠡᠨᠳᠦ ᠶᠢᠨ ᠮᠡᠷᠭᠡᠨ ᠴᠣᠬᠤᠷ ︵ᠠᠶᠠᠯᠠᠯ ᠤᠨ ᠮᠡᠷᠭᠡᠨ ᠴᠣᠬᠤᠷ ︶ ᠢ ᠪᠠᠶᠢᠴᠠᠭᠠᠨ ᠰᠢᠯᠭᠠᠬᠤ᠂ 48 ᠴᠠᠭ ᠤᠨ ᠪᠥᠭᠡᠮ ᠬᠦᠴᠢᠯ ᠤᠨ ᠪᠢᠯᠢᠭ ᠴᠢᠨᠠᠷ ᠤᠨ ᠭᠡᠷᠡᠴᠢ ᠶᠢ ᠪᠠᠶᠢᠴᠠᠭᠠᠨ ᠰᠢᠯᠭᠠᠬᠤ ᠵᠡᠷᠭᠡ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠭᠠᠳᠠᠭᠠᠳᠤ ᠰᠡᠷᠭᠡᠶᠢᠯᠡᠯᠲᠡ ᠶᠢᠨ ᠣᠷᠣᠭᠤᠯᠤᠯᠲᠠ ᠶᠢᠨ ᠰᠡᠷᠭᠡᠶᠢᠯᠡᠯᠲᠡ ᠶᠢᠨ ᠱᠤᠭᠤᠮ ᠢ ᠡᠷᠡᠰ ᠰᠠᠬᠢᠬᠤ ᠬᠡᠷᠡᠭᠲᠡᠢ᠃ ᠨᠡᠶᠢᠭᠡᠮ ᠤᠨ ᠲᠠᠯ᠎ᠠ ᠶᠢᠨ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠥᠷᠭᠡᠨ ᠣᠯᠠᠨ ᠬᠤᠲᠠ ᠶᠢᠨ ᠠᠷᠠᠳ ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ ᠬᠤᠪᠢ ᠬᠥᠮᠥᠨ ᠤ ᠬᠠᠮᠠᠭᠠᠯᠠᠯᠲᠠ ᠶᠢᠨ ᠤᠬᠠᠮᠰᠠᠷ ᠢ ᠨᠢ ᠴᠢᠩᠭᠠᠷᠠᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠵᠢᠯ ᠢ ᠢᠳᠡᠪᠬᠢᠲᠡᠢ ᠬᠠᠮᠵᠢᠯᠴᠠᠨ ᠰᠠᠶᠢᠲᠤᠷ ᠬᠢᠵᠦ᠂ ᠣᠯᠠᠨ ᠢᠶᠠᠷ ᠢᠶᠠᠨ ᠰᠡᠷᠭᠡᠶᠢᠯᠡᠵᠦ ᠣᠯᠠᠨ ᠢᠶᠠᠷ ᠢᠶᠠᠨ ᠡᠵᠡᠮᠳᠡᠬᠦ ᠰᠠᠶᠢᠨ ᠰᠠᠶᠢᠬᠠᠨ ᠠᠵᠢᠯ ᠤᠨ ᠪᠠᠶᠢᠷᠢᠰᠢᠯ ᠢ ᠪᠣᠶ ᠪᠣᠯᠭᠠᠬᠤ ᠬᠡᠷᠡᠭᠲᠡᠢ ᠭᠡᠵᠡᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号