ᠬᠤᠷᠢᠳᠤᠭᠠᠷ ᠶᠡᠭᠡ ᠬᠤᠷᠠᠯ ᠢ ᠪᠠᠶᠠᠷᠯᠠᠨ ᠤᠭᠲᠤᠵᠤ ᠰᠢᠨ᠎ᠡ ᠴᠠᠭ ᠦᠶ᠎ᠡ ᠪᠠᠨ ᠮᠠᠭᠳᠠᠨ ᠲᠠᠭᠤᠯᠠᠶ᠎ᠠ2022 ᠣᠨ ᠤ ᠥᠪᠥᠷ ᠮᠣᠩᠭᠤᠯ ᠤᠨ ᠠᠷᠠᠳ ᠤᠨ ᠳᠠᠭᠤᠤ ᠶᠢᠨ ᠶᠡᠭᠡ ᠨᠠᠶᠢᠷ ᠮᠠᠨ ᠤ ᠬᠤᠲᠠ ᠳᠤ ᠶᠠᠪᠤᠭ᠊
ᠨᠡᠶᠢᠲᠡᠯᠡᠭᠰᠡᠨ ᠴᠠᠭ᠄
2022/8/8
     8 ᠰᠠᠷ᠎ᠠ ᠶᠢᠨ 5 ᠠᠴᠠ 7 ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠤᠳᠬ᠎ᠠ ᠤᠷᠠᠯᠢᠭ ᠤᠨ ᠬᠤᠯᠪᠣᠭ᠎ᠠ᠂ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠣᠷᠳᠣᠨ ᠠᠴᠠ ᠭᠤᠣᠯᠯᠠᠨ ᠡᠷᠬᠢᠯᠡᠵᠦ᠂ ᠥᠪᠥᠷ ᠮᠣᠩᠭᠤᠯ ᠤᠨ ᠠᠷᠠᠳ ᠤᠨ ᠤᠳᠬ᠎ᠠ ᠤᠷᠠᠯᠢᠭᠴᠢᠳ ᠤᠨ ᠨᠡᠶᠢᠭᠡᠮᠯᠢᠭ᠂ ᠳᠠᠭᠤᠤ ᠬᠥᠭᠵᠢᠮᠴᠢᠳ ᠤᠨ ᠨᠡᠶᠢᠭᠡᠮᠯᠢᠭ᠂ ᠬᠤᠳᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠬᠤᠳᠠ ᠶᠢᠨ ᠤᠳᠬ᠎ᠠ ᠤᠷᠠᠯᠢᠭ ᠤᠨ ᠬᠤᠯᠪᠣᠭ᠎ᠠ᠂ ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶ᠎ᠠ᠂ ᠲᠣᠭᠤᠷᠢᠭ ᠤᠨ ᠵᠠᠰᠠᠭ ᠤᠨ ᠣᠷᠳᠣᠨ ᠠᠴᠠ ᠳᠠᠭᠠᠭᠠᠴᠢᠯᠠᠨ ᠡᠷᠬᠢᠯᠡᠭᠰᠡᠨ ︽ᠬᠤᠷᠢᠳᠤᠭᠠᠷ ᠶᠡᠭᠡ ᠬᠤᠷᠠᠯ ᠢ ᠪᠠᠶᠠᠷᠯᠠᠨ ᠤᠭᠲᠤᠵᠤ ᠰᠢᠨ᠎ᠡ ᠴᠠᠭ ᠦᠶ᠎ᠡ ᠪᠠᠨ ᠮᠠᠭᠳᠠᠨ ᠲᠠᠭᠤᠯᠠᠶ᠎ᠠ︾ 2022 ᠤᠨ ᠤ ᠥᠪᠥᠷ ᠮᠣᠩᠭᠤᠯ ᠤᠨ ᠠᠷᠠᠳ ᠤᠨ ᠳᠠᠭᠤᠤ ᠶᠢᠨ ᠶᠡᠭᠡ ᠨᠠᠶᠢᠷ ᠮᠠᠨ ᠤ ᠬᠤᠳᠠ ᠳᠤ ᠶᠠᠪᠤᠭᠳᠠᠪᠠ᠃      ᠥᠪᠡᠷᠲᠡᠭᠡᠨ ᠵᠠᠰᠠᠬᠤ ᠣᠷᠣᠨ ᠤ ᠤᠳᠬ᠎ᠠ ᠤᠷᠠᠯᠢᠭ ᠤᠨ ᠬᠤᠯᠪᠣᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠵᠢᠶ ᠰᠢᠶᠤᠤ ᠴᠢᠩ ᠡᠬᠢᠯᠡᠯᠲᠡ ᠶᠢ ᠵᠠᠷᠯᠠᠪᠠ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠶᠠᠩ ᠶᠢᠨ ᠪᠠᠶᠠᠷ ᠤᠨ ᠦᠭᠡ ᠬᠡᠯᠡᠵᠡᠶ᠃ ᠬᠤᠳᠠ ᠶᠢᠨ ᠤᠳᠤᠷᠢᠳᠤᠯᠭ᠎ᠠ ᠹᠧᠩ ᠰᠢᠤᠸᠠᠢ ᠲᠤᠤ ᠨᠠᠷ ᠲᠣᠭᠯᠠᠯᠲᠠ ᠳᠤ ᠣᠷᠣᠯᠴᠠᠭᠰᠠᠨ ᠪᠥᠭᠡᠳ ᠲᠣᠭᠯᠠᠯᠲᠠ ᠶᠢ ᠰᠣᠨᠢᠷᠬᠠᠪᠠ᠃      ᠶᠠᠩ ᠶᠢᠨ ᠪᠠᠶᠠᠷ ᠤᠨ ᠦᠭᠡ ᠳᠡᠭᠡᠨ ᠬᠡᠯᠡᠭᠰᠡᠨ ᠨᠢ᠂ ᠠᠷᠠᠳ ᠤᠨ ᠳᠠᠭᠤᠤ ᠪᠣᠯ ᠠᠷᠠᠳ ᠤᠨ ᠲᠤᠮᠳᠠᠭᠢ ᠳᠠᠭᠤᠤ᠂ ᠴᠠᠭ ᠦᠶ᠎ᠡ ᠶᠢᠨ ᠳᠠᠭᠤᠤ ᠪᠣᠯᠤᠨ᠎ᠠ᠃ ᠣᠶᠢᠷ᠎ᠠ ᠶᠢᠨ ᠵᠢᠯ ᠳᠤ᠂ ᠮᠠᠨ ᠤ ᠬᠤᠲᠠ ᠰᠢ ᠶᠢᠨ ᠫᠢᠩ ᠶᠡᠷᠦᠩᠬᠡᠶ ᠱᠦᠵᠢ ᠶᠢᠨ ᠤᠳᠬ᠎ᠠ ᠤᠷᠠᠯᠢᠭ ᠤᠨ ᠠᠵᠢᠯ ᠤᠨ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠲᠤᠤᠱᠯᠠᠭᠤᠯᠵᠤ᠂ ᠨᠡᠶᠢᠭᠡᠮ ᠵᠢᠷᠤᠮ ᠤᠨ ᠤᠳᠬ᠎ᠠ ᠤᠷᠠᠯᠢᠭ ᠤᠨ ᠦᠨᠳᠦᠰᠦᠨ ᠴᠢᠭᠯᠡᠯ ᠢ ᠪᠠᠷᠢᠮᠲᠠᠯᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠤᠳᠬ᠎ᠠ ᠤᠷᠠᠯᠢᠭ ᠤᠨ ᠬᠤᠯᠪᠣᠭ᠎ᠠ ᠶᠢᠨ ᠬᠦᠴᠦᠲᠡᠶ ᠳᠡᠮᠵᠢᠯᠭᠡ ᠳᠣᠣᠷ᠎ᠠ᠂ ᠠᠷᠠᠳ ᠤᠨ ᠳᠠᠭᠤᠤ ᠶᠢᠨ ᠤᠷᠠᠯᠢᠭ ᠢ ᠭᠦᠨᠵᠡᠭᠡᠶ ᠠᠭᠤᠳᠠᠯᠤᠨ ᠡᠮᠬᠢᠯᠡᠵᠦ᠂ ᠤᠯᠠᠮᠵᠢᠯᠠᠨ ᠬᠠᠮᠠᠭᠠᠯᠠᠵᠤ᠂ ᠰᠢᠨ᠎ᠡ ᠶᠢ ᠡᠭᠦᠳᠦᠨ ᠬᠥᠭᠵᠢᠭᠦᠯᠵᠦ᠂ ᠨᠢᠭᠡ ᠪᠦᠯᠦᠭ ᠦᠨᠳᠦᠷᠴᠡ ᠲᠠᠢ᠂ ᠳᠤᠯᠠᠭᠠᠴᠠ ᠲᠠᠢ᠂ ᠠᠭᠤᠯᠤᠭᠲᠠᠬᠤᠨ ᠲᠠᠢ ᠠᠷᠠᠳ ᠤᠨ ᠳᠠᠭᠤᠤ ᠶᠢᠨ ᠤᠷᠠᠯᠢᠭ ᠤᠨ ᠰᠣᠳᠣᠨ ᠪᠦᠲᠦᠭᠡᠯ ᠢ ᠵᠣᠬᠢᠶᠠᠨ ᠪᠦᠲᠦᠭᠡᠵᠦ᠂ ᠦᠬᠠᠢ ᠶᠢᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠰᠡᠳᠬᠢᠯ ᠤᠨ ᠳᠠᠭᠤᠨ ᠢᠶᠠᠷ ᠳᠤᠮᠳᠠᠳᠤ ᠤᠯᠤᠰ ᠤᠨ ᠡᠪ ᠬᠠᠮᠲᠤ ᠨᠠᠮ ᠰᠠᠶᠢᠨ᠂ ᠨᠡᠶᠢᠭᠡᠮ ᠵᠢᠷᠤᠮ ᠰᠠᠶᠢᠨ᠂ ᠥᠭᠡᠷᠡᠴᠢᠯᠡᠯᠲᠡ ᠨᠡᠬᠡᠬᠡᠯᠳᠡ ᠰᠠᠶᠢᠨ᠂ ᠠᠭᠤᠤ ᠶᠡᠭᠡ ᠡᠬᠡ ᠤᠯᠤᠰ ᠰᠠᠶᠢᠨ᠂ ᠦᠨᠳᠦᠰᠦᠲᠡᠨ ᠨᠦᠭᠦᠳ ᠤᠨ ᠠᠷᠠᠳ ᠲᠦᠮᠡᠨ ᠰᠠᠶᠢᠨ ᠬᠡᠬᠦ ᠴᠠᠭ ᠦᠶ᠎ᠡ ᠶᠢᠨ ᠭᠤᠣᠯ ᠬᠦᠭ ᠠᠶᠠᠰ ᠢ ᠴᠤᠤᠷᠢᠶᠠᠲᠤᠭᠤᠯᠵᠤ᠂ ᠦᠬᠠᠢ ᠶᠢᠨ ᠦᠨᠳᠦᠰᠦᠲᠡᠨ ᠨᠦᠭᠦᠳ ᠤᠨ ᠬᠥᠪᠡᠭᠦᠳ ᠥᠬᠢᠳ ᠤᠨ ᠥᠨᠢ ᠡᠭᠦᠷᠢᠳᠡ ᠨᠠᠮ ᠤᠨ ᠦᠭᠡ ᠶᠢ ᠰᠣᠨᠣᠰᠴᠤ᠂ ᠥᠨᠢ ᠡᠭᠦᠷᠢᠳᠡ ᠨᠠᠮ ᠢᠶᠠᠨ ᠳᠠᠭᠠᠬᠤ ᠴᠤᠭ ᠪᠠᠳᠠᠷᠠᠩᠭᠤᠢ ᠤᠶᠤᠨ ᠰᠠᠨᠠᠭᠠᠨ ᠤ ᠳᠦᠷᠰᠦ ᠪᠠᠶᠢᠳᠠᠯ ᠢ ᠳᠡᠯᠭᠡᠨ ᠦᠵᠡᠭᠦᠯᠵᠡᠢ ᠭᠡᠵᠡᠢ᠃      ᠶᠠᠩ ᠶᠢᠨ ᠢᠯᠡᠷᠭᠡᠶᠢᠯᠡᠭᠰᠡᠨ ᠨᠢ᠂ 2022 ᠣᠨ ᠤ ᠥᠪᠥᠷ ᠮᠣᠩᠭᠤᠯ ᠤᠨ ᠠᠷᠠᠳ ᠤᠨ ᠳᠠᠭᠤᠤ ᠶᠢᠨ ᠶᠡᠭᠡ ᠨᠠᠶᠢᠷ ᠨᠢ ᠪᠦᠬᠦ ᠣᠷᠣᠨ ᠤ 12 ᠠᠶᠢᠮᠠᠭ ᠬᠤᠳᠠ ᠶᠢᠨ 60 ᠭᠠᠷᠤᠢ ᠰᠢᠯᠢᠳᠡᠭ ᠠᠷᠠᠳ ᠤᠨ ᠳᠠᠭᠤᠤ ᠶᠢᠨ ᠪᠦᠲᠦᠭᠡᠯ ᠢ ᠴᠤᠭᠯᠠᠭᠤᠯᠵᠤ᠂ ᠰᠡᠳᠦᠪᠯᠡᠬᠦᠨ ᠨᠢ ᠥᠷᠭᠡᠨ᠂ ᠬᠡᠪ ᠨᠠᠮᠪᠠ ᠨᠢ ᠤᠯᠠᠨ ᠶᠠᠩᠵᠤ᠂ ᠬᠦᠭ ᠠᠶᠠᠰ ᠨᠢ ᠭᠤᠶᠢᠳᠠ ᠰᠠᠶᠢᠬᠠᠨ᠂ ᠤᠳᠬ᠎ᠠ ᠰᠠᠨᠠᠭ᠎ᠠ ᠨᠢ ᠭᠦᠨ ᠵᠤᠵᠠᠭᠠᠨ ᠪᠣᠯᠬᠤᠷ ᠥᠷᠭᠡᠨ ᠤᠯᠠᠨ ᠦᠵᠡᠭᠴᠢᠳ ᠲᠤ ᠤᠳᠤᠨ ᠮᠡᠴᠢᠳ ᠮᠡᠲᠦ ᠭᠢᠯᠠᠯᠵᠠᠭᠰᠠᠨ ᠠᠷᠠᠳ ᠤᠨ ᠳᠠᠭᠤᠤ ᠶᠢᠨ ᠦᠪᠡᠳᠡᠭᠰᠢ ᠨᠠᠶᠢᠷ᠂ ᠲᠠᠪᠤᠨ ᠦᠡᠭᠭᠡ ᠰᠣᠯᠣᠩᠭᠠᠷᠠᠭᠰᠠᠨ ᠰᠣᠶᠣᠯ ᠤᠨ ᠶᠡᠭᠡ ᠠᠵᠢᠯᠯᠠᠭ᠎ᠠ ᠶᠢ ᠳᠡᠯᠭᠡᠨ ᠦᠵᠡᠭᠦᠯᠵᠦ᠂ ᠪᠦᠬᠦ ᠣᠷᠣᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠤ ᠬᠤᠷᠢᠳᠤᠭᠠᠷ ᠶᠡᠭᠡ ᠬᠤᠷᠠᠯ ᠢ ᠪᠠᠶᠠᠷᠯᠠᠨ ᠤᠭᠲᠤᠬᠤ᠂ ᠰᠢᠨ᠎ᠡ ᠴᠠᠭ ᠦᠶ᠎ᠡ ᠳᠤ ᠡᠷᠡᠯᠬᠡᠭᠯᠡᠨ ᠤᠷᠤᠭᠰᠢᠯᠠᠬᠤ ᠣᠮᠤᠭ ᠵᠣᠷᠢᠭ ᠢ ᠤᠯᠠᠮ ᠬᠥᠭᠵᠢᠭᠡᠬᠦ ᠨᠢ ᠯᠠᠪᠲᠠᠢ ᠶᠤᠮ᠃ ᠡᠷᠬᠢᠮ ᠵᠣᠴᠢᠳ ᠨᠠᠷ ᠳᠠᠭᠤᠤ ᠬᠥᠭᠵᠢᠮ ᠤᠨ ᠲᠤᠮᠳᠠᠭᠢ ᠠᠷᠠᠳ ᠤᠨ ᠳᠠᠭᠤᠤ ᠶᠢᠨ ᠤᠷᠠᠯᠢᠭ ᠢ ᠰᠣᠨᠢᠷᠬᠠᠬᠤ ᠶᠢᠨ ᠬᠠᠮᠲᠤ ᠠᠭᠤᠯᠠ ᠤᠰᠤ ᠬᠠᠷᠢᠯᠴᠠᠨ ᠲᠦᠰᠢᠭᠯᠡᠯᠴᠡᠭᠰᠡᠨ᠂ ᠡᠯᠡᠰᠦᠨ ᠴᠦᠯ ᠨᠠᠮᠵᠢᠭᠤᠨ ᠨᠠᠭᠤᠷ ᠤᠨ ᠰᠦᠷᠯᠢᠭ ᠰᠠᠶᠢᠬᠠᠨ ᠴᠤᠭ ᠵᠢᠪᠬᠤᠭ᠎ᠠ ᠶᠢ ᠢᠯᠡᠭᠦᠬᠡᠨ ᠰᠣᠨᠢᠷᠬᠠᠵᠤ᠂ ᠡᠯᠡᠰᠦᠨ ᠴᠦᠯ ᠤᠨ ᠦᠵᠦᠮ ᠢᠶᠠᠷ ᠲᠤᠯᠢ ᠪᠣᠯᠭᠠᠵᠤ᠂ ︽ᠤᠯᠠᠭᠠᠨ ᠦᠩᠭᠡ ᠶᠢᠨ ᠡᠶᠡᠪᠡᠷᠭᠦᠦ ᠵᠥᠭᠡᠯᠡᠨ︾ ᠦᠵᠦᠮ ᠤᠨ ᠠᠷᠢᠭᠢ ᠶᠢ ᠠᠮᠲᠠᠷᠬᠠᠵᠤ᠂ ᠪᠢᠷ ᠪᠡᠬᠡᠰ ᠤᠨ ᠦᠨᠦᠷ ᠬᠠᠩᠬᠤᠯᠤᠭᠰᠠᠨ᠂ ᠬᠠᠴᠢᠨ ᠴᠢᠯᠠᠭᠤ ᠬᠤᠷᠠᠨ ᠴᠤᠭᠯᠠᠷᠠᠭᠰᠠᠨ ᠤᠷᠳᠤ ᠤᠳᠠᠭᠠᠨ᠂ ᠵᠠᠯᠠᠭᠤ᠂ ᠡᠷᠡᠮᠡᠬᠡᠶᠢᠯᠡᠨ ᠲᠠᠪᠰᠢᠬᠰᠠᠨ ᠦᠬᠠᠢ ᠲᠠᠨ ᠢ ᠪᠠᠶᠠᠷᠯᠠᠨ ᠤᠭᠲᠤᠬᠤ ᠶᠢ ᠴᠢᠩ ᠰᠡᠳᠬᠢᠯ ᠠᠴᠠ ᠪᠠᠨ ᠬᠦᠰᠡᠵᠦ ᠪᠠᠶᠢᠨ᠎ᠠ ᠭᠡᠵᠡᠢ᠃      ᠲᠣᠰ ᠬᠤᠭᠤᠴᠠᠭᠠᠨ ᠤ ᠠᠷᠠᠳ ᠤᠨ ᠳᠠᠭᠤᠤ ᠶᠢᠨ ᠶᠡᠭᠡ ᠨᠠᠶᠢᠷ ᠢ ᠫᠷᠤᠭ᠍ᠷᠠᠮ ᠤᠨ ᠲᠥᠷᠥᠯ ᠬᠡᠯᠪᠡᠷᠢ ᠪᠠ ᠠᠭᠤᠯᠭ᠎ᠠ ᠪᠠᠷ ᠨᠢ ︽ᠬᠠᠲᠤᠨ ᠭᠤᠤᠯ ᠤᠨ ᠬᠥᠪᠡᠭᠡᠨ ᠳᠤ ᠰᠣᠩᠭᠤᠳᠠᠭ ᠳᠠᠭᠤᠤ ᠳᠠᠭᠤᠯᠠᠶ᠎ᠠ︾ ︽ᠲᠠᠯ᠎ᠠ ᠨᠤᠲᠤᠭ ᠤᠨ ᠰᠢᠨ᠎ᠡ ᠳᠠᠭᠤᠤ ᠶᠢ ᠨᠠᠮ ᠳᠠᠭᠠᠨ ᠡᠷᠭᠦᠨ ᠳᠡᠪᠰᠢᠭᠦᠯᠦᠶ᠎ᠡ︾ ︽ᠦᠵᠦᠮ ᠤᠨ ᠬᠦᠷᠢᠶᠡᠯᠡᠩ ᠳᠤ ᠳᠤᠮᠳᠠᠳᠤ ᠪᠠᠨ ᠮᠠᠭᠲᠠᠨ ᠳᠠᠭᠤᠯᠠᠶ᠎ᠠ︾ ᠭᠡᠬᠦ ᠭᠤᠷᠪᠠᠨ ᠲᠠᠯᠠᠪᠤᠷ ᠦᠳᠡᠰᠢᠯᠡᠭᠡ ᠪᠣᠯᠭᠠᠨ ᠬᠤᠪᠢᠶᠠᠵᠠᠶ᠃ ᠦᠵᠡᠭᠦᠯᠦᠯᠭᠡ ᠶᠢᠨ ᠲᠣᠭᠯᠠᠯᠲᠠ ᠳᠤ ᠤᠷᠲᠤ ᠶᠢᠨ ᠳᠠᠭᠤᠤ᠂ ᠣᠬᠤᠷ ᠳᠠᠭᠤᠤ ᠶᠢᠨ ᠳᠤᠭᠤᠶᠢᠯᠠᠩ᠂ ᠥᠪᠥᠷ ᠮᠣᠩᠭᠤᠯ ᠤᠨ ᠪᠠᠷᠠᠭᠤᠨ ᠣᠷᠣᠨ ᠤ ᠠᠷᠠᠳ ᠤᠨ ᠳᠠᠭᠤᠤ ᠶᠢᠨ ᠳᠤᠭᠤᠶᠢᠯᠠᠩ᠂ ᠰᠢᠨ᠎ᠡ ᠠᠷᠠᠳ ᠤᠨ ᠳᠠᠭᠤᠤ᠂ ᠳᠤᠮᠳᠠᠳᠤ ᠶᠢᠨ ᠵᠡᠭᠦᠳᠦ ᠶᠢᠨ ᠭᠤᠣᠯ ᠰᠡᠳᠦᠪᠲᠦ ᠳᠠᠭᠤᠤ ᠶᠢᠨ ᠳᠤᠭᠤᠶᠢᠯᠠᠩ ᠬᠡᠵᠦ ᠬᠤᠪᠢᠶᠠᠵᠤ᠂ ᠥᠪᠥᠷ ᠮᠣᠩᠭᠤᠯ ᠤᠨ 12 ᠠᠶᠢᠮᠠᠭ ᠬᠤᠳᠠ ᠶᠢᠨ ᠤᠯᠠᠨ ᠲᠣᠭᠠᠨ ᠤ ᠠᠷᠠᠳ ᠤᠨ ᠳᠠᠭᠤᠤ ᠶᠢᠨ ᠰᠲ᠋ᠢᠯᠢ ᠶᠢ ᠬᠠᠮᠤᠷᠴᠤ᠂ ᠤᠯᠠᠨ ᠲᠦᠮᠡᠨ ᠳᠤ ᠪᠠᠶᠠᠯᠢᠭ ᠰᠠᠶᠢᠬᠠᠨ ᠦᠵᠡᠵᠦ ᠰᠣᠨᠣᠰᠬᠤ ᠦᠪᠡᠳᠡᠭᠰᠢ ᠨᠠᠶᠢᠷ ᠢ ᠬᠦᠷᠭᠡᠪᠡ᠃      ᠲᠤᠬᠠᠢ ᠶᠢᠨ ᠲᠠᠯᠠᠪᠠᠢ ᠶᠢᠨ ᠲᠣᠭᠯᠠᠯᠲᠠ ᠶᠢ ᠠᠷᠠᠳ ᠤᠨ ᠰᠦᠯᠵᠢᠶ᠎ᠡ᠂ ᠰᠢᠨᠬᠤᠸᠠ ᠰᠦᠯᠵᠢᠶ᠎ᠡ᠂ ᠲᠥᠪ ᠤᠨ ᠸᠢᠳᠢᠣ᠋᠂ ᠤᠳᠬ᠎ᠠ ᠤᠷᠠᠯᠢᠭ ᠤᠨ ᠬᠤᠯᠪᠣᠭ᠎ᠠ ᠶᠢᠨ ᠬᠠᠮ ᠵᠠᠭᠤᠴᠢᠯᠠᠭᠤᠷ᠂ ᠳᠤᠮᠳᠠᠳᠤ ᠤᠯᠤᠰ ᠤᠨ ᠤᠳᠬ᠎ᠠ ᠤᠷᠠᠯᠢᠭ ᠤᠨ ᠰᠦᠯᠵᠢᠶ᠎ᠡ᠂ ᠲᠠᠯ᠎ᠠ ᠨᠤᠲᠤᠭ ᠤᠨ ᠬᠠᠮ ᠵᠠᠭᠤᠴᠢᠯᠠᠭᠤᠷ ᠵᠡᠷᠭᠡ ᠲᠠᠪᠴᠠᠩ ᠢᠶᠠᠷ ᠪᠦᠬᠦ ᠶᠠᠪᠤᠴᠠ ᠪᠠᠷ ᠰᠢᠭᠤᠳ ᠨᠡᠪᠲᠡᠷᠡᠭᠦᠯᠪᠡ᠃      ᠶᠡᠭᠡ ᠬᠤᠷᠠᠯ ᠤᠨ ᠬᠤᠭᠤᠴᠠᠭᠠᠨ ᠳᠤ ᠪᠠᠰᠠ ᠵᠠᠭᠤᠴᠢᠯᠠᠭᠤᠷ ᠤᠨ ᠠᠭᠤᠯᠵᠠᠯᠲᠠ ᠶᠢᠨ ᠬᠤᠷᠠᠯ ᠬᠢᠵᠦ᠂ ᠤᠳᠬ᠎ᠠ ᠤᠷᠠᠯᠢᠭ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠰᠠᠯᠪᠤᠷᠢ ᠪᠠᠭ᠎ᠠ ᠠᠩᠭᠢ ᠶᠢᠨ ᠨᠡᠶᠢᠭᠡᠮ ᠲᠣᠭᠤᠷᠢᠭ ᠲᠤ ᠣᠷᠣᠬᠤ ᠠᠵᠢᠯᠯᠠᠭ᠎ᠠ ᠶᠢ ᠥᠷᠨᠢᠭᠦᠯᠪᠡ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号