ᠶᠠᠩ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠬᠢᠨᠠᠨ ᠵᠢᠯᠣᠭᠤᠳᠴᠤ ᠪᠠᠶᠢᠴᠠᠭᠠᠪᠡ
ᠨᠡᠶᠢᠲᠡᠯᠡᠭᠰᠡᠨ ᠴᠠᠭ᠄
2022/8/8
     8 ᠰᠠᠷ᠎ᠠ ᠶᠢᠨ 6 ᠤ ᠡᠳᠦᠷ ᠤᠨ ᠦᠳᠡ ᠶᠢᠨ ᠡᠮᠦᠨ᠎ᠡ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠶᠠᠩ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠬᠢᠨᠠᠨ ᠵᠢᠯᠣᠭᠤᠳᠴᠤ ᠪᠠᠶᠢᠴᠠᠭᠠᠪᠠ᠃ ᠬᠤᠲᠠ ᠶᠢᠨ ᠳᠡᠳ᠋ ᠳᠠᠷᠤᠭ᠎ᠠ ᠬᠤᠤ ᠰᠢ ᠬᠤᠩ ᠬᠠᠮᠲᠤ ᠪᠠᠷ ᠬᠢᠨᠠᠨ ᠵᠢᠯᠣᠭᠤᠳᠴᠤ ᠪᠠᠶᠢᠴᠠᠭᠠᠪᠠ᠃      ᠬᠤᠳᠠ ᠶᠢᠨ ᠰᠢᠨ᠎ᠡ ᠲᠢᠳᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠲᠤ᠂ ᠶᠠᠩ ᠶᠢᠨ ᠲᠤᠬᠠᠢ ᠶᠢᠨ ᠲᠠᠯᠠᠪᠠᠢ ᠳᠤ ᠶᠡᠭᠡ ᠬᠡᠪᠴᠢᠶᠡᠨ ᠤ ᠣᠷᠣᠨ ᠪᠦᠰᠡ ᠶᠢᠨ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ᠂ ᠲᠠᠬᠤᠯ ᠡᠪᠡᠳᠴᠢᠨ ᠤ ᠰᠣᠳᠣᠯᠣᠯ ᠤᠨ ᠪᠠᠶᠢᠴᠠᠭᠠᠯᠳᠠ ᠶᠢ ᠬᠠᠮᠢᠶᠠᠷᠤᠨ ᠡᠵᠡᠮᠳᠡᠬᠦ ᠵᠡᠷᠭᠡ ᠠᠵᠢᠯ ᠢ ᠵᠢᠯᠣᠭᠤᠳᠤᠨ ᠳᠤᠬᠢᠷᠠᠭᠤᠯᠪᠡ᠃ ᠶᠠᠩ ᠶᠢᠨ ᠵᠢᠭᠠᠵᠤ ᠭᠠᠷᠭᠠᠭᠰᠠᠨ ᠨᠢ᠂ ᠣᠳᠣᠬᠠᠨ ᠳᠤ᠂ ᠮᠠᠨ ᠤ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠨᠢᠭᠡᠨᠲᠡ ᠴᠠᠭ ᠬᠤᠭᠤᠴᠠᠭ᠎ᠠ ᠲᠠᠢ ᠤᠷᠤᠯᠳᠤᠬᠤ᠂ ᠸᠢᠷᠦ᠋ᠰ ᠲᠠᠢ ᠦᠵᠡᠯᠴᠡᠬᠦ ᠵᠠᠩᠭᠢᠯᠠᠭ᠎ᠠ ᠶᠢᠨ ᠬᠤᠭᠤᠴᠠᠭᠠᠨ ᠳᠤ ᠣᠷᠣᠭᠠᠳ ᠪᠠᠶᠢᠨ᠎ᠠ᠃ ᠡᠯ᠎ᠡ ᠲᠣᠭᠤᠷᠢᠭ᠂ ᠡᠯ᠎ᠡ ᠰᠠᠯᠠᠭ᠎ᠠ ᠮᠥᠴᠢᠷ ᠤᠨ ᠬᠢᠨ ᠲᠠᠷᠢᠬᠢ ᠲᠣᠯᠣᠭᠠᠢ ᠰᠡᠷᠭᠡᠭ᠂ ᠳᠡᠭᠡᠳᠦ ᠬᠡᠮᠵᠢᠶᠡᠨ ᠤ ᠰᠣᠨᠣᠷ ᠰᠡᠷᠡᠮᠵᠢ ᠲᠠᠢ ᠪᠠᠶᠢᠵᠤ᠂ ᠲᠦᠷᠭᠡᠨ ᠢᠶᠠᠷ ᠡᠵᠡᠮᠳᠡᠵᠦ᠂ ᠬᠢᠵᠢᠭ ᠤᠨ ᠪᠠᠶᠢᠳᠠᠯ ᠤᠨ ᠬᠠᠯᠳᠠᠪᠤᠷᠢᠯᠠᠬᠤ ᠠᠷᠭ᠎ᠠ ᠵᠠᠮ ᠢ ᠡᠷᠡᠰ ᠲᠠᠰᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠴᠢᠩᠭ᠎ᠠ ᠠᠴᠠ ᠴᠢᠩᠭ᠎ᠠ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠯᠬᠠᠪᠴᠢ ᠶᠢ ᠦᠨᠡᠨᠬᠦ ᠪᠠᠬᠢᠵᠢᠭᠦᠯᠬᠦ ᠬᠡᠷᠡᠭᠲᠡᠢ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠵᠦ᠂ ︽ᠡᠮᠬᠢ ᠳᠢᠭᠯᠢᠮ ᠢ ᠰᠠᠮᠠᠭᠤᠷᠠᠭᠤᠯᠬᠤ ᠦᠭᠡᠢ᠂ ᠡᠳ᠋ ᠪᠠᠷᠠᠭᠠᠨ ᠤ ᠭᠦᠢᠯᠭᠡᠭᠡ ᠶᠢ ᠬᠠᠷᠰᠢᠯᠠᠬᠤ ᠦᠭᠡᠢ᠂ ᠦᠢᠯᠡᠳᠪᠦᠷᠢᠯᠡᠯ ᠢ ᠵᠣᠭᠰᠣᠭᠠᠬᠤ ᠦᠭᠡᠢ᠂ ᠦᠢᠯᠡᠳᠪᠦᠷᠢᠯᠡᠯ ᠤᠨ ᠴᠢᠳᠠᠪᠤᠷᠢ ᠶᠢ ᠪᠠᠭᠠᠰᠬᠠᠬᠤ ᠦᠭᠡᠢ︾ ᠪᠠᠶᠢᠬᠤ ᠶᠢ ᠴᠢᠷᠮᠠᠶᠢᠨ ᠪᠡᠶᠡᠯᠡᠭᠦᠯᠵᠦ᠂ ᠬᠠᠮᠤᠭ ᠤᠨ ᠣᠬᠤᠷ ᠬᠤᠭᠤᠴᠠᠭ᠎ᠠ᠂ ᠬᠠᠮᠤᠭ ᠤᠨ ᠪᠠᠭ᠎ᠠ ᠦᠨ᠎ᠡ ᠦᠷᠳᠡᠭ ᠢᠶᠠᠷ ᠡᠨᠡᠬᠦ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠷᠢᠭᠯᠠᠯᠳᠠ ᠶᠢᠨ ᠳᠠᠶᠢᠨ ᠤ ᠢᠯᠠᠯᠲᠠ ᠶᠢ ᠤᠯᠬᠤ ᠬᠡᠷᠡᠭᠲᠡᠢ ᠬᠡᠵᠡᠢ᠃      ᠶᠠᠩ ᠶᠢᠨ ᠨᠡᠷ ︽ᠲᠦᠷᠪᠡᠨ ᠦᠭᠡᠢ ᠬᠤᠶᠠᠷ ᠰᠢᠭᠤᠳ︾ ᠬᠡᠯᠪᠡᠷᠢ ᠪᠠᠷ ᠬᠠᠶᠢᠷᠤᠪ ᠤᠨ ᠲᠤᠬᠤᠢ ᠲᠣᠭᠤᠷᠢᠭ ᠤᠨ ᠠᠵᠢᠯᠳᠠᠨ ᠠᠵᠢᠯᠴᠢᠨ ᠤ ᠰᠣᠶᠣᠯ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠲᠥᠪ᠂ ᠮᠠᠨ ᠱᠢ ᠱᠦᠢ ᠶᠦᠨ ᠰᠢᠤᠸᠠᠨ ᠵᠢᠵᠢᠭ ᠲᠤᠭᠤᠷᠢᠭ᠂ ᠱᠢ ᠵᠢᠩ ᠶᠤᠸᠠᠨ B ᠲᠣᠭᠤᠷᠢᠭ᠂ ᠰᠢᠶᠠᠩ ᠱᠧᠩ ᠶᠤᠸᠠᠨ ᠤ ᠣᠷᠣᠨ ᠨᠤᠲᠤᠭ ᠤᠨ ᠭᠠᠶᠢᠯᠢ ᠶᠢᠨ ᠵᠢᠵᠢᠭ ᠲᠣᠭᠤᠷᠢᠭ᠂ ᠰᠧᠨ ᠯᠢᠨ ᠪᠠᠨ ᠳ᠋ᠣᠣ ᠵᠢᠵᠢᠭ ᠲᠤᠭᠤᠷᠢᠭ᠂ ᠹᠧᠩ ᠬᠤᠸᠠᠩ ᠵᠢᠵᠢᠭ ᠲᠤᠭᠤᠷᠢᠭ ᠵᠡᠷᠭᠡ ᠭᠠᠵᠠᠷ ᠤᠨ ᠲᠦᠷ ᠴᠠᠭ ᠤᠨ ᠦᠯᠢᠭᠡᠷ ᠠᠪᠬᠤ ᠭᠠᠵᠠᠷ ᠤᠨ ᠦᠯᠢᠭᠡᠷ ᠠᠪᠬᠤ ᠠᠵᠢᠯ ᠢ ᠬᠢᠨᠠᠨ ᠵᠢᠯᠣᠭᠤᠳᠴᠤ ᠪᠠᠶᠢᠴᠠᠭᠠᠵᠤ᠂ ᠥᠯᠢᠭᠡᠷ ᠠᠪᠬᠤ ᠴᠢᠭ ᠤᠨ ᠴᠢᠭ ᠤᠨ ᠲᠠᠷᠤᠭ᠎ᠠ᠂ ᠵᠡᠭᠡᠯᠢ ᠭᠤᠳᠤᠮᠵᠢ ᠨᠡᠶᠢᠭᠡᠮ ᠲᠣᠭᠤᠷᠢᠭ ᠤᠨ ᠬᠠᠷᠢᠭᠤᠴᠠᠯᠭᠠᠲᠠᠨ ᠠᠴᠠ ᠪᠥᠭᠡᠮ ᠬᠦᠴᠢᠯ ᠤᠨ ᠥᠯᠢᠭᠡᠷ ᠠᠪᠬᠤ ᠬᠤᠷᠳᠤᠴᠠ᠂ ᠬᠥᠮᠦᠨ ᠤ ᠲᠤᠭ᠎ᠠ᠂ ᠮᠡᠳᠡᠭᠡ ᠵᠠᠩᠭᠢ ᠣᠷᠣᠭᠤᠯᠬᠤ ᠵᠢᠴᠢ ᠲᠤᠬᠠᠶ ᠶᠢᠨ ᠲᠠᠯᠠᠪᠤᠷ ᠤᠨ ᠡᠮᠬᠢ ᠵᠢᠷᠤᠮ ᠤᠨ ᠬᠠᠮᠠᠭᠠᠯᠠᠯᠲᠠ ᠵᠡᠷᠭᠡ ᠪᠠᠶᠢᠳᠠᠯ ᠢ  ᠨᠢ ᠨᠠᠷᠢᠨ ᠣᠶᠢᠯᠠᠭᠠᠪᠡ᠃ ᠶᠠᠩ ᠶᠢᠨ ᠴᠢᠬᠤᠯᠠᠴᠢᠯᠠᠭᠰᠠᠨ ᠨᠢ᠂ ᠨᠠᠮ ᠤᠨ ᠭᠡᠰᠢᠭᠦᠨ ᠺᠠᠳ᠋ᠷ ᠪᠣᠯᠤᠨ ᠬᠠᠯᠠᠭᠤᠨ ᠰᠡᠳᠬᠢᠯᠲᠦ ᠣᠯᠠᠨ ᠲᠦᠮᠡᠨ ᠢ ᠥᠷᠭᠡᠨ ᠢᠶᠠᠷ ᠳᠠᠶᠢᠴᠢᠯᠠᠨ᠂ ᠰᠠᠶᠢᠨ ᠳᠤᠷ᠎ᠠ ᠶᠢᠨ ᠠᠵᠢᠯᠯᠠᠭᠴᠢ᠂ ᠲᠤᠤᠷᠵᠢᠯ ᠤᠨ ᠠᠵᠢᠯᠲᠠᠨ ᠵᠡᠷᠭᠡ ᠶᠢᠨ ᠦᠢᠯᠡᠳᠦᠯ ᠢ ᠨᠢ ᠭᠦᠢᠴᠡᠳ ᠪᠠᠳᠠᠷᠠᠭᠤᠯᠵᠤ᠂ ᠣᠯᠠᠨ ᠤ ᠤᠬᠠᠭᠠᠨ ᠬᠠᠮᠲᠤ ᠶᠢᠨ ᠬᠦᠴᠦᠨ᠂ ᠣᠯᠠᠨ ᠢᠶᠠᠷ ᠢᠶᠠᠨ ᠰᠡᠷᠭᠡᠶᠢᠯᠡᠵᠦ ᠣᠯᠠᠨ ᠢᠶᠠᠷ ᠢᠶᠠᠨ ᠵᠠᠰᠠᠬᠤ ᠠᠵᠢᠯ ᠤᠨ ᠪᠠᠶᠢᠷᠢᠰᠢᠯ ᠢ ᠪᠤᠶ ᠪᠣᠯᠭᠠᠬᠤ ᠶᠢ ᠠᠬᠢᠭᠤᠯᠬᠤ ᠬᠡᠷᠡᠭᠲᠡᠶ᠃ ᠪᠥᠭᠡᠮ ᠬᠦᠴᠢᠯ ᠤᠨ ︽ᠴᠤᠭᠯᠠᠭᠤᠯᠬᠤ᠂ ᠬᠦᠷᠭᠡᠬᠦ᠂ ᠪᠠᠶᠢᠴᠠᠭᠠᠬᠤ᠂ ᠮᠡᠳᠡᠭᠦᠯᠬᠦ︾ ᠴᠤᠪᠤᠷᠠᠯ ᠢ ᠰᠢᠯᠢᠳᠡᠭᠵᠢᠭᠦᠯᠵᠦ᠂ ᠲᠦᠷ ᠴᠠᠭ ᠤᠨ ᠥᠯᠢᠭᠡᠷ ᠠᠪᠬᠤ ᠴᠢᠭ ᠢ ᠵᠦᠶ ᠵᠣᠬᠢᠰᠲᠠᠶ ᠪᠠᠶᠢᠷᠢᠰᠢᠭᠤᠯᠤᠨ᠂ ᠣᠷᠭᠢᠯ ᠦᠶ᠎ᠡ ᠶᠢ ᠵᠥᠷᠢᠭᠦᠯᠬᠦ᠂ ᠬᠡᠷ ᠲᠤᠨᠢ ᠬᠦᠷᠴᠦ ᠥᠯᠢᠭᠡᠷ ᠠᠪᠬᠤ ᠶᠢ ᠬᠡᠷᠡᠭᠵᠢᠭᠦᠯᠵᠦ᠂ ᠦᠢᠯᠡᠴᠢᠯᠡᠭᠡᠨ ᠤ ᠪᠠᠲᠤᠯᠠᠭ᠎ᠠ  ᠪᠠᠨ ᠤᠯᠠᠮ ᠨᠢᠭᠡ ᠠᠯᠬᠤᠮ ᠴᠢᠩᠭᠠᠷᠠᠭᠤᠯᠤᠨ᠂ ᠪᠠᠶᠢᠴᠠᠭᠠᠨ ᠰᠢᠯᠭᠠᠬᠤ ᠠᠵᠢᠯ ᠤᠨ ᠲᠦᠷᠭᠡᠨ ᠪᠥᠭᠡᠳ ᠡᠮᠬᠢ ᠵᠢᠷᠤᠮ ᠲᠠᠢ ᠶᠠᠪᠤᠭᠳᠠᠬᠤ ᠶᠢ ᠦᠨᠡᠨᠬᠦ ᠪᠠᠲᠤᠯᠠᠬᠤ ᠬᠡᠷᠡᠭᠲᠡᠶ ᠭᠡᠵᠡᠢ᠃  
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号