8 ᠰᠠᠷ᠎ᠠ ᠶᠢᠨ 5 ᠤ ᠡᠳᠦᠷ᠂ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠳᠠ ᠶᠢᠨ ᠳᠠᠷᠤᠭ᠎ᠠ | ᠶᠠᠩ ᠶᠢᠨ ᠬᠤᠳᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠤᠨᠤᠯ ᠤᠨ | ᠰᠣᠷᠣᠯᠴᠠᠯᠭ᠎ᠠ ᠶᠢᠨ ᠭᠤᠤᠯᠳᠠᠯᠭᠠᠲᠤ ᠳᠤᠭᠤᠶᠢᠯᠠᠩ ᠤᠨ 2022 ᠣᠨ ᠤ 16 ᠳ᠋ᠤᠭᠠᠷ ᠣᠳᠠᠭᠠᠨ ᠤ ︵ | ᠥᠷᠭᠡᠳᠬᠡᠭᠰᠡᠨ︶ ᠰᠤᠷᠤᠯᠴᠠᠯᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ | ᠤᠨ ᠴᠢᠬᠤᠯᠠ ᠶᠠᠷᠢᠶ᠎ᠠ᠂ ᠨᠡᠷ᠎ᠡ ᠬᠠᠳᠠᠬᠰᠠᠨ ᠴᠢᠬᠤᠯᠠ ᠵᠣᠬᠢᠶᠠᠯ ᠵᠡᠷᠭᠡ ᠶᠢ ᠤᠯᠠᠮᠵᠢᠯᠠᠨ ᠰᠤᠷᠤᠯᠴᠠᠵᠤ᠂ ᠰᠢ ᠶᠢᠨ | ᠫᠢᠩ ᠤᠨ ᠴᠡᠷᠢᠭ ᠢ ᠬᠦᠴᠦᠷᠬᠡᠭᠵᠢᠭᠦᠯᠬᠦ ᠦᠵᠡᠯ ᠰᠠᠨᠠᠭ᠎ᠠ ᠪᠣᠯᠤᠨ ᠶᠡᠷᠦᠩᠬᠡᠢ ᠱᠦᠵᠢ ᠰᠢ ᠶᠢᠨ ᠫᠢᠩ ᠤᠨ ᠪᠦᠬᠦ | ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠢ ᠴᠢᠩᠭᠠᠳᠬᠠᠬᠤ ᠲᠤᠬᠠᠢ ᠴᠢᠬᠤᠯᠠ | ᠵᠢᠭᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠶᠢᠨ ᠲᠣᠭᠤᠷᠢᠨ ᠳᠤ ᠰᠤᠳᠤᠯᠤᠨ ᠶᠠᠷᠢᠯᠴᠠᠵᠤ | ᠰᠣᠯᠢᠯᠴᠠᠪᠠ᠃ | ᠬᠤᠷᠠᠯ ᠳᠡᠭᠡᠷ᠎ᠡ᠂ ᠭᠧᠩ ᠬᠠᠢ ᠵᠢᠶᠦ᠋ᠨ᠂ ᠸᠠᠩ ᠵᠢᠢ ᠫᠢᠩ ᠲᠤᠰ ᠲᠤᠰ ᠰᠤᠳᠤᠯᠤᠨ ᠶᠠᠷᠢᠯᠴᠠᠬᠤ ᠶᠠᠷᠢᠶ᠎ᠠ | ᠲᠠᠯᠪᠢᠵᠤ᠂ ᠪᠤᠰᠤᠳ ᠪᠦᠷᠢᠯᠳᠦᠬᠦᠨ ᠪᠢᠴᠢᠭ ᠤᠨ ᠬᠡᠯᠪᠡᠷᠢ ᠪᠠᠷ ᠶᠠᠷᠢᠶᠠᠨ ᠤ ᠮᠠᠲ᠋ᠧᠷᠢᠶᠠᠯ ᠢᠶᠠᠨ ᠳᠡᠪᠰᠢᠭᠦᠯᠵᠡᠢ᠃ | ᠶᠠᠩ ᠶᠢᠨ ᠴᠢᠬᠤᠯᠠᠴᠢᠯᠠᠭᠰᠠᠨ ᠨᠢ᠂ ᠰᠢ ᠶᠢᠨ ᠫᠢᠩ ᠶᠡᠷᠦᠩᠬᠡᠶ ᠱᠦᠵᠢ ᠶᠢᠨ ᠮᠤᠵᠢ ᠶᠠᠮᠤᠨ ᠤ ᠳᠡᠰ ᠤᠨ | ᠭᠤᠣᠯ ᠤᠳᠤᠷᠢᠳᠬᠤ ᠺᠠᠳ᠋ᠷᠴᠤᠳ ᠤᠨ ︽ᠰᠢ ᠶᠢᠨ ᠫᠢᠩ ᠶᠡᠷᠦᠩᠬᠡᠶ ᠱᠦᠵᠢ ᠶᠢᠨ ᠴᠢᠬᠤᠯᠠ ᠶᠠᠷᠢᠶᠠᠨ ᠤ ᠵᠣᠷᠢᠭ | ᠰᠠᠨᠠᠭ᠎ᠠ ᠶᠢ ᠰᠤᠷᠤᠯᠴᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠢ ᠣᠭᠲᠣᠶ᠎ᠠ︾ ᠬᠡᠬᠦ ᠲᠤᠰᠬᠠᠶ ᠰᠡᠳᠦᠪᠲᠦ | ᠰᠤᠳᠤᠯᠤᠨ ᠶᠠᠷᠢᠯᠴᠠᠬᠤ ᠠᠩᠭᠢ ᠲᠡᠭᠡᠷᠡᠭᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠵᠤ᠂ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢ ᠥᠨᠳᠥᠷ | ᠪᠦᠲᠦᠮᠵᠢᠲᠡᠶ ᠪᠠᠷ ᠨᠢᠭᠡᠳᠦᠯᠲᠡᠶ ᠲᠥᠯᠥᠪᠯᠡᠵᠦ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ᠂ ᠬᠤᠳᠠᠯᠳᠤᠭᠠᠴᠢᠨ | ᠤᠷᠢᠵᠤ ᠪᠡᠯᠡ ᠣᠷᠣᠭᠤᠯᠬᠤ᠂ ᠬᠡᠷᠡᠭᠯᠡᠭᠡ ᠶᠢ ᠰᠡᠷᠭᠦᠭᠡᠬᠦ᠂ ᠠᠮᠢ ᠠᠬᠤᠶ ᠶᠢ ᠵᠠᠰᠠᠬᠤ᠂ ᠠᠷᠠᠳ ᠤᠨ ᠠᠮᠢᠳᠤᠷᠠᠯ ᠢ | ᠪᠠᠲᠤᠯᠠᠬᠤ ᠵᠡᠷᠭᠡ ᠡᠯ᠎ᠡ ᠵᠦᠢᠯ ᠤᠨ ᠠᠵᠢᠯ ᠢᠶᠠᠨ ᠰᠠᠶᠢᠲᠤᠷ ᠠᠳᠬᠤᠵᠤ᠂ ᠠᠵᠤ ᠠᠬᠤᠶ ᠶᠢᠨ ᠠᠵᠢᠯᠯᠠᠭᠠᠨ ᠢ ᠵᠦᠢ | ᠵᠣᠬᠢᠰᠲᠠᠶ ᠣᠷᠣᠨ ᠪᠠᠶᠢᠷᠢ ᠳᠤ ᠪᠠᠶᠢᠯᠭᠠᠬᠤ ᠶᠢ ᠪᠠᠲᠤᠯᠠᠵᠤ᠂ ᠰᠢᠯᠢᠳᠡᠭ ᠠᠮᠵᠢᠯᠲᠠ ᠪᠠᠷ ᠢᠶᠠᠨ ᠨᠠᠮ ᠤᠨ ᠬᠤᠷᠢᠳᠤᠭᠠᠷ | ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠬᠡᠷᠡᠭᠲᠡᠶ ᠭᠡᠵᠡᠢ᠃ | ᠶᠠᠩ ᠶᠢᠨ ᠴᠢᠬᠤᠯᠠᠴᠢᠯᠠᠭᠰᠠᠨ ᠨᠢ᠂ ᠰᠢ ᠶᠢᠨ ᠫᠢᠩ ᠶᠡᠷᠦᠩᠬᠡᠶ ᠱᠦᠵᠢ ᠶᠢᠨ 7 ᠰᠠᠷ᠎ᠠ ᠶᠢᠨ 28 ᠤ | ᠡᠳᠦᠷ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠬᠤᠷᠠᠯ ᠪᠠ ᠨᠠᠮ ᠤᠨ ᠭᠠᠳᠠᠨᠠᠬᠢ ᠬᠥᠮᠦᠰ ᠤᠨ | ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠬᠢᠨᠠᠮᠠᠭᠠᠶ ᠲᠤᠤᠱᠯᠠᠭᠤᠯᠵᠤ᠂ ᠬᠤᠳᠠ ᠶᠢᠨ | ᠪᠦᠳᠦᠭᠡᠨ ᠪᠠᠶᠢᠭᠤᠯᠤᠯᠲᠠ᠂ ᠬᠦᠷᠢᠶᠡᠯᠡᠩ ᠲᠣᠭᠤᠷᠢᠭ ᠤᠨ ᠪᠦᠳᠦᠭᠡᠨ ᠪᠠᠶᠢᠭᠤᠯᠤᠯᠲᠠ ᠵᠡᠷᠭᠡ ᠬᠦᠷᠢᠶᠡᠨ ᠳᠤ ᠨᠢᠭᠡ | ᠪᠦᠯᠦᠭ ᠰᠠᠭᠤᠷᠢ ᠲᠥᠬᠦᠭᠡᠷᠦᠮᠵᠢ ᠶᠢᠨ ᠵᠦᠢᠯᠡᠰ ᠢ ᠲᠥᠯᠥᠪᠵᠢᠭᠦᠯᠦᠨ ᠬᠡᠷᠡᠭᠵᠢᠭᠦᠯᠵᠦ᠂ ᠭᠤᠣᠯᠳᠠᠯᠭ᠎ᠠ ᠲᠠᠢ ᠬᠦᠷᠢᠶ᠎ᠡ | ᠂ ᠭᠤᠣᠯᠯᠠᠬᠤ ᠠᠵᠤ ᠦᠢᠯᠡᠰ᠂ ᠲᠣᠯᠣᠭᠠᠶᠢᠯᠠᠭᠴᠢ ᠠᠵᠤ ᠠᠬᠤᠶᠢᠯᠠᠯ ᠳᠤ ᠠᠩᠬᠠᠷᠤᠯ ᠢᠶᠠᠨ ᠲᠥᠪᠯᠡᠷᠡᠭᠦᠯᠵᠦ᠂ | ᠰᠠᠨᠠᠭᠠᠴᠢᠯᠠᠭ᠎ᠠ ᠠᠴᠠ ᠪᠠᠨ ︽ᠭᠠᠳᠠᠭᠰᠢ ᠭᠠᠷᠬᠤ︾ ︽ᠤᠷᠢᠵᠤ ᠠᠪᠴᠢᠷᠠᠬᠤ︾ ᠬᠡᠯᠪᠡᠷᠢ ᠪᠠᠷ ᠬᠤᠳᠠᠯᠳᠤᠭᠠᠴᠢᠨ | ᠤᠷᠢᠵᠤ᠂ ᠠᠵᠤ ᠠᠬᠤᠶ ᠶᠢᠨ ᠬᠥᠭᠵᠢᠯᠲᠡ ᠶᠢᠨ ᠰᠡᠯᠭᠦᠬᠦ ᠬᠦᠴᠦᠨ ᠢᠶᠠᠨ ᠦᠨᠡᠨ ᠬᠦ ᠴᠢᠩᠭᠠᠷᠠᠭᠤᠯᠬᠤ ᠬᠡᠷᠡᠭᠲᠡᠶ | ᠬᠡᠵᠡᠢ᠃ | ᠶᠠᠩ ᠶᠢᠨ ᠴᠢᠬᠤᠯᠠᠴᠢᠯᠠᠭᠰᠠᠨ ᠨᠢ᠂ ᠰᠢ ᠶᠢᠨ ᠫᠢᠩ ᠤᠨ ᠴᠡᠷᠢᠭ ᠢ ᠬᠦᠴᠦᠷᠬᠡᠭᠵᠢᠭᠦᠯᠬᠦ ᠦᠵᠡᠯ ᠰᠠᠨᠠᠭ᠎ᠠ ᠶᠢ | ᠭᠦᠨᠵᠡᠭᠡᠢ ᠰᠤᠷᠤᠯᠴᠠᠨ ᠲᠤᠤᠱᠯᠠᠭᠤᠯᠵᠤ᠂ ᠤᠯᠤᠰ ᠤᠨ ᠪᠠᠲᠤᠯᠠᠨ ᠬᠠᠮᠠᠭᠠᠯᠠᠯᠲᠠ ᠪᠣᠯᠤᠨ ᠴᠡᠷᠢᠭ ᠠᠩᠬᠢ ᠶᠢᠨ | ᠪᠦᠳᠦᠭᠡᠨ ᠪᠠᠶᠢᠭᠤᠯᠤᠯᠲᠠ ᠶᠢᠨ ᠰᠢᠨ᠎ᠡ ᠪᠠᠶᠢᠳᠠᠯ ᠰᠢᠨ᠎ᠡ ᠱᠠᠭᠠᠷᠳᠠᠯᠭ᠎ᠠ ᠳᠤ ᠰᠠᠨᠠᠭᠠᠴᠢᠯᠠᠭ᠎ᠠ ᠠᠴᠠ ᠪᠠᠨ ᠵᠣᠬᠢᠴᠠᠵᠤ᠂ | ᠤᠯᠤᠰ ᠤᠨ ᠪᠠᠲᠤᠯᠠᠨ ᠬᠠᠮᠠᠭᠠᠯᠠᠯᠲᠠ ᠶᠢᠨ ᠲᠠᠶᠢᠴᠢᠯᠠᠯᠳᠠ᠂ ᠪᠠᠴᠢᠮ ᠪᠠᠶᠢᠳᠠᠯ ᠢ ᠠᠷᠭᠠᠴᠠᠭᠠᠵᠤ ᠲᠠᠶᠢᠨ ᠳᠤ | ᠪᠡᠯᠡᠳᠬᠡᠬᠦ᠂ ᠴᠡᠷᠢᠭ ᠠᠷᠠᠳ ᠤᠨ ᠬᠡᠷᠡᠭᠯᠡᠭᠡ ᠶᠢ ᠠᠭᠤᠰᠤᠯᠴᠠᠭᠤᠯᠬᠤ ᠵᠡᠷᠭᠡ ᠭᠤᠣᠯᠳᠠᠯᠭ᠎ᠠ ᠲᠠᠢ ᠠᠵᠢᠯ ᠢ ᠯᠠᠪᠳᠠᠭᠤᠨ | ᠪᠠᠲᠤᠲᠠᠢ ᠰᠠᠶᠢᠲᠤᠷ ᠠᠳᠬᠤᠵᠤ᠂ ᠰᠢᠨ᠎ᠡ ᠴᠠᠭ ᠦᠶ᠎ᠡ ᠶᠢᠨ ᠴᠡᠷᠢᠭ ᠢ ᠬᠦᠴᠦᠷᠬᠡᠭᠵᠢᠭᠦᠯᠬᠦ ᠪᠦᠳᠦᠭᠡᠨ | ᠪᠠᠶᠢᠭᠤᠯᠤᠯᠲᠠ ᠶᠢ ᠲᠦᠷᠭᠡᠨ ᠠᠬᠢᠭᠤᠯᠬᠤ ᠳᠤ ᠰᠠᠶᠢᠨ ᠰᠠᠶᠢᠬᠠᠨ ᠨᠥᠬᠦᠴᠡᠯ ᠢ ᠡᠭᠦᠳᠴᠦ᠂ ᠬᠦᠴᠦᠲᠡᠢ | ᠲᠤᠯᠭᠠᠭᠤᠷᠢᠯᠠᠯ ᠬᠠᠩᠭᠠᠬᠤ ᠬᠡᠷᠡᠭᠲᠡᠢ ᠭᠡᠵᠡᠢ᠃ | ᠬᠤᠷᠠᠯ ᠠᠴᠠ ᠪᠠᠰᠠ ᠰᠢ ᠶᠢᠨ ᠫᠢᠩ ᠶᠡᠷᠦᠩᠬᠡᠢ ᠱᠦᠵᠢ ᠶᠢᠨ ᠲᠥᠪ ᠤᠨ ᠨᠢᠭᠡᠳᠦᠮᠡᠯ ᠹᠷᠣᠨᠲ ᠤᠨ ᠠᠵᠢᠯ ᠤᠨ | ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠲᠥᠪ ᠤᠨ ᠤᠯᠤᠰ ᠲᠦᠷᠦ ᠶᠢᠨ ᠲᠣᠪᠴᠢᠶᠠᠨ ᠤ | ᠳᠥᠴᠢᠨ ᠨᠢᠭᠡᠳᠦᠭᠡᠷ ᠣᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠤᠨ ᠵᠣᠷᠢᠭ ᠰᠠᠨᠠᠭ᠎ᠠ ᠪᠣᠯᠤᠨ ᠶᠡᠷᠦᠩᠬᠡᠢ | ᠱᠦᠵᠢ ᠰᠢ ᠶᠢᠨ ᠫᠢᠩ ᠤᠨ ︽ᠦᠨᠡᠨ︾ ᠰᠡᠳᠬᠦᠯ ᠳᠡᠭᠡᠷ᠎ᠡ ᠨᠡᠶᠢᠲᠡᠯᠡᠭᠰᠡᠨ ᠴᠢᠬᠤᠯᠠ ᠵᠣᠬᠢᠶᠠᠯ ︽ᠳᠤᠮᠳᠠᠳᠤ | ᠤᠯᠤᠰ ᠤᠨ ᠠᠷᠠᠳ ᠤᠨ ᠴᠢᠯᠥᠭᠡᠯᠡᠬᠦ ᠴᠡᠷᠢᠭ ᠪᠠᠶᠢᠭᠤᠯᠤᠭᠳᠠᠭᠰᠠᠨ 90 ᠵᠢᠯ ᠤᠨ ᠤᠢ ᠶᠢ ᠪᠡᠯᠭᠡᠯᠡᠬᠦ ᠶᠡᠭᠡ ᠬᠤᠷᠠᠯ | ᠳᠡᠭᠡᠷᠡᠬᠢ ᠶᠠᠷᠢᠶ᠎ᠠ︾ ᠵᠡᠷᠭᠡ ᠶᠢ ᠤᠯᠠᠮᠵᠢᠯᠠᠨ ᠰᠤᠷᠤᠯᠴᠠᠵᠠᠢ᠃ | |