ᠲᠠᠩ ᠢ ᠨᠢᠭᠡᠳᠦᠭᠡᠷ ᠹᠷᠣᠨᠲ ᠲᠤ ᠬᠦᠷᠴᠦ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠬᠢᠨᠠᠨ ᠵᠢᠯᠣᠭᠤᠳᠪᠠ
ᠨᠡᠶᠢᠲᠡᠯᠡᠭᠰᠡᠨ ᠴᠠᠭ᠄
2022/8/8
     8 ᠰᠠᠷ᠎ᠠ ᠶᠢᠨ 7 ᠤ ᠡᠳᠦᠷ᠂ ᠬᠤᠳᠠ ᠶᠢᠨ ᠨᠠᠮ ᠤᠨ ᠬᠤᠷᠢᠶᠠᠨ ᠤ ᠱᠦᠵᠢ ᠲᠠᠩ ᠢ ᠬᠠᠶᠢᠷᠤᠪ ᠤᠨ ᠲᠤᠬᠤᠢ ᠲᠣᠭᠤᠷᠢᠭ ᠤᠨ ᠬᠡᠰᠡᠭ ᠵᠢᠵᠢᠭ ᠲᠣᠭᠤᠷᠢᠭ᠂ ᠪᠥᠭᠡᠮ ᠬᠦᠴᠢᠯ ᠤᠨ ᠦᠯᠢᠬᠡᠷ ᠠᠪᠬᠤ ᠭᠠᠵᠠᠷ ᠲᠤ ᠬᠦᠷᠴᠦ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠲᠤᠬᠠᠢ ᠶᠢᠨ ᠭᠠᠵᠠᠷ ᠲᠤᠨᠢ ᠬᠢᠨᠠᠨ ᠵᠢᠯᠣᠭᠤᠳᠬᠤ ᠶᠢᠨ ᠬᠠᠮᠲᠤ ᠬᠤᠳᠠ ᠶᠢᠨ ᠰᠢᠨ᠎ᠡ ᠲᠢᠳᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠸᠢᠳᠢᠣ᠋ ᠪᠠᠷ ᠳᠤᠬᠢᠷᠠᠭᠤᠯᠬᠤ ᠬᠤᠷᠠᠯ ᠬᠤᠷᠠᠯᠳᠤᠭᠤᠯᠵᠤ᠂ ᠪᠦᠬᠦ ᠬᠤᠳᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠳᠤᠲᠠᠭᠳᠠᠯ ᠵᠢᠴᠢ ᠳᠤᠪᠤᠶᠢᠮ᠎ᠠ ᠠᠰᠠᠭᠤᠳᠠᠯ ᠳᠤ ᠵᠠᠳᠠᠯᠤᠯᠲᠠ ᠬᠢᠵᠦ᠂ ᠠᠵᠢᠯ  ᠢᠶᠠᠨ ᠲᠤᠬᠢᠷᠠᠭᠤᠯᠤᠨ ᠪᠠᠶᠢᠷᠢᠯᠠᠭᠤᠯᠪᠡ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠶᠠᠩ ᠶᠢᠨ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ ᠯᠢ ᠴᠦᠨ ᠰᠢᠶᠤᠤ᠂ ᠬᠤᠲᠠ ᠶᠢᠨ ᠳᠡᠳ᠋ ᠳᠠᠷᠤᠭ᠎ᠠ ᠬᠤᠤ ᠰᠢ ᠬᠤᠩ ᠲᠤᠰ ᠲᠤᠰ ᠬᠢᠨᠠᠨ ᠵᠢᠯᠣᠭᠤᠳᠬᠤ ᠳᠤ ᠣᠷᠣᠯᠴᠠᠵᠤ᠂ ᠲᠣᠬᠢᠷᠠᠭᠤᠯᠬᠤ ᠬᠤᠷᠠᠯ ᠳᠤ ᠣᠷᠣᠯᠴᠠᠪᠠ᠃      ᠾᠧᠩ ᠳ᠋ᠡ ᠯᠢᠦᠢ ᠵᠸᠤ ᠵᠢᠵᠢᠭ ᠲᠣᠭᠤᠷᠢᠭ ᠲᠤ᠂ ᠲᠠᠩ ᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠵᠢᠵᠢᠭᠦᠷᠯᠡᠨ ᠰᠠᠬᠢᠬᠤ᠂ ᠠᠵᠢᠯᠳᠠᠨ ᠢ ᠬᠠᠮᠢᠶᠠᠷᠤᠨ ᠡᠵᠡᠮᠳᠡᠬᠦ᠂ ᠦᠢᠯᠡᠴᠢᠯᠡᠭᠡ  ᠪᠠᠨ ᠪᠠᠲᠤᠯᠠᠬᠤ᠂ ᠰᠡᠳᠬᠢᠴᠡ ᠶᠢ ᠨᠢ ᠲᠠᠶᠢᠳᠬᠤᠷᠠᠭᠤᠯᠤᠨ ᠵᠢᠯᠣᠭᠤᠳᠬᠤ ᠵᠡᠷᠭᠡ ᠠᠵᠢᠯ ᠢᠶᠠᠨ ᠰᠠᠶᠢᠲᠤᠷ ᠬᠢᠵᠦ᠂ ᠡᠯ᠎ᠡ ᠵᠦᠢᠯ ᠤᠨ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠦᠨᠡᠨᠬᠦ ᠨᠠᠷᠢᠨ ᠪᠣᠳᠠᠲᠠᠢ ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠤᠯᠠᠨ ᠳᠤ ᠵᠠᠬᠢᠪᠠ᠃ ᠺᠠᠩ ᠲᠠᠢ ᠵᠢᠶ᠎ᠠ ᠶᠤᠸᠠᠨ ᠵᠢᠵᠢᠭ ᠲᠣᠭᠤᠷᠢᠭ ᠲᠤ ᠲᠠᠩ ᠢ ᠵᠢᠵᠢᠭ ᠲᠣᠭᠤᠷᠢᠭ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠢᠶᠠᠷ ᠬᠦᠷᠦᠯᠴᠡᠬᠦ ᠥᠬᠡᠶ ᠪᠠᠶᠢᠬᠤ ᠪᠣᠳᠠᠲᠠᠶ ᠠᠰᠠᠭᠤᠳᠠᠯ ᠢ ᠵᠢᠭᠠᠨ ᠭᠠᠷᠭᠠᠵᠤ᠂ ᠳᠠᠭᠠᠭᠠᠴᠢᠯᠠᠨ ᠬᠤᠯᠪᠣᠭᠠᠯᠠᠭᠰᠠᠨ ᠨᠢᠭᠡᠴᠡ᠂ ᠨᠡᠶᠢᠭᠡᠮ ᠲᠣᠭᠤᠷᠢᠭ᠂ ᠠᠳᠠᠯ ᠠᠬᠤᠶ ᠵᠡᠷᠭᠡ ᠡᠯ᠎ᠡ ᠲᠠᠯ᠎ᠠ ᠶᠢᠨ ᠬᠢᠨ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠠᠷᠭ᠎ᠠ ᠬᠡᠮᠵᠢᠶ᠎ᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠯᠬᠠᠪᠴᠢ ᠶᠢ ᠪᠠᠬᠢᠵᠢᠭᠦᠯᠬᠦ ᠬᠡᠷᠡᠭᠳᠡᠢ ᠬᠡᠵᠦ ᠱᠠᠭᠠᠷᠳᠠᠪᠠ᠃ ᠰᠢᠨ ᠶᠠᠩ ᠬᠤᠸᠠ ᠶᠤᠸᠠᠨ ᠵᠢᠵᠢᠭ ᠲᠣᠭᠤᠷᠢᠭ ᠲᠤ᠂ ᠲᠠᠩ ᠢ ᠱᠠᠭᠠᠷᠳᠠᠭᠰᠠᠨ ᠨᠢ᠂ ᠵᠢᠵᠢᠭ ᠲᠣᠭᠤᠷᠢᠭ ᠤᠨ ᠰᠡᠷᠭᠡᠶᠢᠯᠡᠨ ᠡᠵᠡᠮᠳᠡᠬᠦ ᠴᠢᠭ ᠢ ᠨᠠᠷᠢᠨ ᠨᠢᠮᠪᠠᠢ ᠵᠣᠬᠢᠶᠠᠨ ᠪᠠᠶᠢᠭᠤᠯᠵᠤ᠂ ᠨᠢᠭᠲᠠ ᠬᠠᠮᠵᠢᠯᠴᠠᠵᠤ᠂ ᠦᠢᠯᠡᠴᠢᠯᠡᠭᠡ ᠪᠠᠨ ᠰᠢᠯᠢᠳᠡᠭᠵᠢᠭᠦᠯᠵᠦ᠂ ᠪᠥᠭᠡᠮ ᠬᠦᠴᠢᠯ ᠢ ᠰᠢᠯᠭᠠᠨ ᠪᠠᠶᠢᠴᠠᠭᠠᠵᠤ ᠦᠯᠢᠭᠡᠷ ᠠᠪᠴᠤ ᠬᠦᠷᠭᠡᠵᠦ ᠰᠢᠯᠭᠠᠨ ᠪᠠᠶᠢᠴᠠᠭᠠᠯᠭᠠᠬᠤ ᠵᠡᠷᠭᠡ ᠭᠤᠭᠴᠤᠭ᠎ᠠ ᠶᠢ ᠨᠠᠷᠢᠨ ᠪᠣᠳᠠᠲᠠᠢ ᠠᠳᠬᠤᠵᠤ᠂ ᠪᠥᠭᠡᠮ ᠬᠦᠴᠢᠯ ᠤᠨ ᠦᠯᠢᠭᠡᠷ ᠠᠪᠬᠤ ᠶᠢ ᠲᠦᠷᠭᠡᠨ ᠪᠥᠭᠡᠳ ᠡᠮᠬᠢ ᠵᠢᠷᠤᠮ ᠲᠠᠢ᠂ ᠠᠮᠤᠷ ᠲᠦᠪᠰᠢᠨ᠂ ᠥᠨᠳᠥᠷ ᠪᠦᠲᠦᠮᠵᠢᠲᠡᠢ ᠪᠠᠶᠢᠯᠭᠠᠬᠤ ᠶᠢ ᠪᠠᠲᠤᠯᠠᠬᠤ ᠬᠡᠷᠡᠭᠲᠡᠢ ᠭᠡᠵᠡᠢ᠃      ᠲᠤᠬᠢᠷᠠᠭᠤᠯᠭ᠎ᠠ ᠶᠢᠨ ᠬᠤᠷᠠᠯ ᠳᠡᠭᠡᠷ᠎ᠡ᠂ ᠲᠠᠩ ᠢ ᠬᠡᠯᠡᠭᠰᠡᠨ ᠨᠢ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠲᠤᠰᠬᠠᠢ ᠣᠳᠠᠭᠠᠨ ᠪᠠᠶᠢᠬᠤ ᠪᠠᠶᠢᠳᠠᠯ ᠢᠶᠠᠨ ᠥᠭᠡᠷᠡᠴᠢᠯᠡᠵᠦ᠂ ᠠᠵᠢᠯ ᠤᠨ ᠬᠡᠪ ᠪᠠᠶᠢᠳᠠᠯ ᠳᠤ ᠲᠦᠷᠭᠡᠨ ᠣᠷᠣᠵᠤ᠂ ᠤᠳᠠᠭᠠᠰᠢᠷᠠᠭᠤᠯᠬᠤ ᠦᠭᠡᠢ᠂ ᠲᠠᠲᠠᠭᠠᠯᠵᠠᠬᠤ ᠦᠭᠡᠢ ᠪᠠᠶᠢᠵᠤ᠂ ᠰᠠᠨᠠᠭᠠᠴᠢᠯᠠᠭᠠᠲᠤ ᠡᠷᠬᠡ ᠶᠢ ᠪᠠᠲᠤ ᠡᠵᠡᠮᠳᠡᠵᠦ᠂ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠵᠠᠪᠠᠯ ᠤᠯᠬᠤ ᠬᠡᠷᠡᠭᠲᠡᠢ᠃ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠰᠠᠭᠤᠭᠠᠯᠢ ᠠᠷᠠᠳ ᠤᠨ ᠲᠣᠭᠤᠷᠢᠭ ᠤᠨ ᠪᠦᠲᠦᠮᠵᠢᠲᠡᠶ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠬᠦᠢᠴᠡᠳ ᠬᠡᠷᠡᠭᠯᠡᠨ᠂ ᠣᠳᠣᠬᠠᠨ ᠤ ᠬᠠᠮᠤᠭ ᠤᠨ ᠰᠢᠢᠳᠪᠦᠷᠢᠯᠡᠬᠦ ᠴᠢᠬᠤᠯᠠᠲᠠᠶ ᠠᠰᠠᠭᠤᠳᠠᠯ ᠢ ᠬᠠᠮᠤᠭ ᠤᠨ ᠲᠥᠬᠦᠮ ᠠᠷᠭ᠎ᠠ ᠪᠠᠷ ᠰᠠᠶᠢᠲᠤᠷ ᠰᠢᠢᠳᠪᠦᠷᠢᠯᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠵᠢᠯ ᠤᠨ ᠪᠣᠳᠠᠲᠠᠶ ᠠᠵᠢᠯᠯᠠᠭ᠎ᠠ᠂ ᠦᠷ᠎ᠡ ᠪᠦᠲᠦᠮᠵᠢ ᠤᠯᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠵᠣᠬᠢᠴᠠᠭᠤᠯᠤᠨ ᠬᠤᠯᠪᠣᠭᠠᠯᠠᠨ ᠬᠥᠳᠡᠯᠦᠯᠴᠡᠵᠦ᠂ ᠣᠷᠣᠨ ᠬᠡᠰᠡᠭ ᠢ ᠤᠶᠠᠯᠳᠤᠭᠤᠯᠬᠤ᠂ ᠣᠷᠣᠨ ᠬᠡᠰᠡᠭ ᠤᠨ ᠠᠵᠢᠯ ᠢᠶᠠᠨ ᠬᠤᠪᠢᠶᠠᠷᠢᠯᠠᠬᠤ ᠶᠢ ᠪᠠᠷᠢᠮᠲᠠᠯᠠᠵᠤ᠂ ᠡᠯ᠎ᠡ ᠲᠠᠯ᠎ᠠ ᠶᠢᠨ ᠬᠦᠴᠦᠨ ᠢ ᠲᠠᠶᠢᠴᠢᠯᠠᠨ ᠬᠠᠮᠲᠤᠷᠠᠯ ᠬᠦᠴᠦᠨ ᠢ ᠪᠦᠷᠢᠯᠳᠦᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠬᠠᠮᠲᠤᠪᠠᠷ ᠠᠬᠢᠭᠤᠯᠬᠤ ᠬᠡᠷᠡᠭᠲᠡᠢ᠃ ᠬᠢᠨᠠᠨ ᠵᠢᠯᠣᠭᠤᠳᠬᠤ ᠪᠠᠨ ᠴᠢᠩᠭᠠᠳᠬᠠᠵᠤ᠂ ᠬᠠᠷᠢᠭᠤᠴᠠᠯᠭ᠎ᠠ ᠪᠠᠨ ᠪᠣᠳᠠᠲᠠᠶᠢᠵᠢᠭᠤᠯᠤᠨ᠂ ᠬᠢᠵᠢᠭ ᠤᠨ ᠪᠠᠶᠢᠳᠠᠯ ᠢ ᠰᠡᠷᠭᠡᠶᠢᠯᠡᠬᠦ ᠡᠵᠡᠮᠳᠡᠬᠦ ᠠᠵᠢᠯ ᠤᠨ ᠪᠣᠳᠠᠲᠤ ᠦᠷ᠎ᠡ ᠪᠦᠲᠦᠮᠵᠢ ᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ ᠤᠬᠠᠭᠤᠯᠭ᠎ᠠ ᠪᠠᠨ ᠴᠢᠩᠭᠠᠳᠬᠠᠵᠤ᠂ ᠠᠷᠠᠳ ᠨᠡᠶᠢᠲᠡ ᠶᠢᠨ ᠬᠢᠵᠢᠭ ᠢ ᠰᠡᠷᠭᠡᠶᠢᠯᠡᠨ ᠬᠢᠵᠢᠭ ᠢ ᠡᠰᠡᠷᠭᠦᠴᠡᠬᠦ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠶ᠃ ᠨᠠᠷᠢᠨ ᠨᠢᠭᠲᠠ ᠪᠠᠶᠢᠵᠤ᠂ ᠲᠤᠷᠰᠢᠯᠭ᠎ᠠ ᠰᠤᠷᠭᠠᠮᠵᠢ ᠪᠠᠨ ᠨᠠᠷᠢᠨ ᠬᠢᠨᠠᠮᠠᠭᠠᠢ ᠡᠮᠬᠢᠯᠡᠨ ᠳ᠋ᠦᠩᠨᠡᠵᠦ᠂ ᠰᠢᠨᠵᠢᠯᠡᠬᠦ ᠤᠬᠠᠭᠠᠨᠴᠢ ᠪᠦᠲᠦᠮᠵᠢᠲᠡᠢ ᠪᠣᠳᠠᠲᠤ ᠳᠠᠶᠢᠨ ᠤ ᠭᠠᠷ ᠳᠡᠪᠲᠡᠷ ᠢ ᠲᠣᠭᠲᠠᠭᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠴᠢᠳᠠᠪᠤᠷᠢ ᠪᠠᠨ ᠳᠡᠭᠡᠭᠰᠢᠯᠡᠭᠦᠯᠵᠦ᠂ ᠠᠷᠠᠳ ᠲᠦᠮᠡᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠣᠳ ᠤᠨ ᠡᠷᠡᠭᠦᠯ ᠴᠢᠭᠢᠷᠠᠭ ᠢ ᠡᠷᠡᠰ ᠬᠠᠮᠠᠭᠠᠯᠠᠬᠤ ᠬᠡᠷᠡᠭᠲᠡᠢ ᠭᠡᠵᠡᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号