ᠲᠠᠩ ᠢ ᠬᠤᠲᠠ ᠶᠢᠨ ᠰᠢᠨ᠎ᠡ ᠲᠢᠳᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠲᠤ ᠬᠦᠷᠴᠦ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠬᠢᠨᠠᠨ ᠵᠢᠯᠣᠭᠤᠳᠪᠠ
ᠨᠡᠶᠢᠲᠡᠯᠡᠭᠰᠡᠨ ᠴᠠᠭ᠄
2022/8/8
     8 ᠰᠠᠷ᠎ᠠ ᠶᠢᠨ 6 ᠤ ᠡᠳᠦᠷ ᠤᠨ ᠣᠷᠣᠶ᠂ ᠬᠤᠲᠠ ᠶᠢᠨ ᠨᠠᠮ ᠤᠨ ᠬᠤᠷᠢᠶᠠᠨ ᠤ ᠱᠦᠵᠢ ᠲᠠᠩ ᠢ ᠬᠤᠲᠠ ᠶᠢᠨ ᠰᠢᠨ᠎ᠡ ᠲᠢᠳᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠲᠤ ᠬᠦᠷᠴᠦ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠬᠢᠨᠠᠨ ᠵᠢᠯᠣᠭᠤᠳᠪᠠ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠶᠠᠩ ᠶᠢᠨ᠂ ᠬᠤᠲᠠ ᠶᠢᠨ ᠤᠳᠤᠷᠢᠳᠤᠯᠭ᠎ᠠ ᠵᠢᠶᠠ ᠴᠢᠩ ᠳ᠋ᠦᠩ᠂ ᠰᠦᠨ ᠬᠤᠤ᠂ ᠯᠢ ᠴᠦᠨ ᠰᠢᠶᠤᠤ᠂ ᠬᠤᠤ ᠰᠢ ᠬᠤᠩ᠂ ᠮᠤᠤ ᠵᠧᠨ ᠬᠠᠶ ᠬᠢᠨᠠᠨ ᠵᠢᠯᠤᠭᠤᠳᠬᠤ  ᠳᠤ ᠣᠷᠣᠯᠴᠠᠵᠠᠶ᠃      ᠬᠤᠲᠠ ᠶᠢᠨ ᠰᠢᠨ᠎ᠡ ᠲᠢᠳᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠲᠤ᠂ ᠲᠠᠩ ᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠭᠰᠡᠨ ᠲᠤᠭ᠎ᠠ ᠪᠠᠷᠢᠮᠲᠠ ᠶᠢ ᠨᠠᠷᠢᠨ ᠨᠢᠮᠪᠠᠶ ᠪᠠᠶᠢᠴᠠᠭᠠᠨ ᠦᠵᠡᠵᠦ᠂ ᠪᠥᠭᠡᠮ ᠬᠦᠴᠢᠯ ᠢ ᠰᠢᠯᠭᠠᠨ ᠪᠠᠶᠢᠴᠠᠭᠠᠵᠤ ᠥᠯᠢᠭᠡᠷ ᠠᠪᠬᠤ ᠠᠬᠢᠴᠠ ᠶᠢᠨ ᠪᠠᠶᠢᠳᠠᠯ ᠢ ᠨᠠᠷᠢᠨ ᠠᠰᠠᠭᠤᠨ ᠯᠠᠪᠯᠠᠵᠤ᠂ ᠲᠥᠪᠯᠡᠷᠡᠭᠦᠯᠦᠨ ᠠᠵᠢᠯᠯᠠᠵᠤ ᠪᠠᠶᠢᠭ᠎ᠠ ᠠᠵᠢᠯᠲᠠᠳ ᠢ ᠪᠣᠯᠭᠤᠭᠠᠨ ᠦᠵᠡᠪᠡ᠃ ᠲᠠᠩ ᠢ ᠬᠡᠯᠡᠭᠰᠡᠨ ᠨᠢ᠂ ᠵᠢᠯᠣᠭᠤᠳᠬᠤ ᠭᠠᠵᠠᠷ ᠪᠣᠯ ᠪᠥᠬᠦ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠥᠪ ᠮᠥᠨ᠂ ᠰᠡᠷᠭᠡᠶᠢᠯᠡᠨ ᠡᠵᠡᠮᠳᠡᠬᠦ ᠰᠢᠰᠲ᠋ᠧᠮ ᠳᠤ ᠲᠦᠢᠯ ᠤᠨ ᠴᠢᠬᠤᠯᠠ ᠦᠢᠯᠡᠳᠦᠯ ᠪᠠᠳᠠᠷᠠᠭᠤᠯᠵᠤ ᠪᠠᠶᠢᠳᠠᠭ᠂ ᠣᠯᠠᠨ ᠢᠶᠠᠷ ᠢᠶᠠᠨ ᠦᠵᠡᠯ ᠰᠠᠨᠠᠭ᠎ᠠ ᠪᠠᠨ ᠨᠢᠭᠡᠳᠬᠡᠨ᠂ ᠠᠵᠢᠯ ᠤᠨ ᠪᠠᠶᠢᠷᠢ ᠪᠠᠨ ᠪᠠᠲᠤ ᠰᠠᠬᠢᠵᠤ᠂ ᠲᠣᠰ ᠲᠣᠰ ᠤᠨ ᠡᠭᠦᠷᠭᠡ ᠲᠤᠰᠢᠶᠠᠯ ᠢᠶᠠᠨ ᠬᠦᠢᠴᠡᠳᠬᠡᠵᠦ᠂ ᠵᠢᠯᠣᠭᠤᠳᠬᠤ ᠦᠢᠯᠡᠳᠦᠯ ᠴᠢᠳᠠᠪᠤᠷᠢ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠰᠢᠰᠲ᠋ᠧᠮ ᠤᠨ ᠥᠨᠳᠥᠷ ᠪᠦᠲᠦᠮᠵᠢᠲᠡᠶ ᠠᠵᠢᠯᠯᠠᠬᠤ ᠶᠢ ᠪᠠᠲᠤᠯᠠᠬᠤ ᠶᠢ ᠬᠦᠰᠡᠵᠦ ᠪᠠᠶᠢᠨ᠎ᠠ ᠭᠡᠵᠡᠶ᠃      ᠲᠠᠩ ᠢ ᠬᠡᠯᠡᠭᠰᠡᠨ ᠨᠢ᠂ ᠣᠳᠣᠬᠠᠨ ᠳᠤ᠂ ᠮᠠᠨ ᠤ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠬᠦᠨᠳᠦ ᠬᠡᠴᠡᠭᠦᠤ ᠪᠥᠭᠡᠳ ᠨᠠᠷᠢᠨ ᠪᠤᠳᠤᠯᠢᠶᠠᠨᠲᠠᠶ ᠪᠠᠶᠢᠨ᠎ᠠ᠂ ᠪᠥᠬᠦ ᠬᠤᠲᠠ ᠪᠠᠷ ᠢᠶᠠᠨ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠷᠢᠭᠯᠠᠯᠳᠠ ᠶᠢᠨ ᠳᠠᠶᠢᠨ ᠪᠠ ᠠᠷᠠᠳ ᠣᠯᠠᠨ ᠤ ᠠᠮᠢ ᠨᠠᠰᠤ ᠡᠷᠡᠭᠦᠯ ᠮᠡᠨᠳᠦ ᠶᠢ ᠬᠠᠮᠠᠭᠠᠯᠠᠬᠤ ᠲᠡᠶᠢᠨ ᠢ ᠡᠷᠡᠰ ᠰᠠᠶᠢᠲᠤᠷ ᠬᠢᠬᠦ ᠬᠡᠷᠡᠭᠲᠡᠶ᠃ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠪᠠᠨ ᠴᠢᠩᠭᠠᠳᠬᠠᠵᠤ᠂ ᠳᠠᠭᠠᠭᠠᠴᠢᠯᠠᠨ ᠬᠤᠯᠪᠣᠭᠠᠯᠠᠬᠤ ᠨᠢᠭᠡᠴᠡ ᠶᠢᠨ ᠦᠢᠯᠡᠳᠦᠯ ᠢᠶᠠᠨ ᠪᠠᠳᠠᠷᠠᠭᠤᠯᠵᠤ᠂ ᠴᠢᠭ ᠣᠷᠣᠨ ᠪᠠᠶᠢᠷᠢ ᠨᠢᠭᠡᠪᠦᠷᠢ ᠳᠤ ᠲᠤᠰᠬᠠᠶ ᠬᠥᠮᠦᠨ ᠬᠠᠷᠢᠭᠤᠴᠠᠬᠤ ᠶᠢ ᠦᠨᠡᠨᠬᠦ ᠪᠠᠲᠤᠯᠠᠬᠤ ᠬᠡᠷᠡᠭᠲᠡᠶ᠃ ᠪᠠᠶᠢᠴᠠᠭᠠᠨ ᠰᠢᠯᠭᠠᠬᠤ ᠴᠢᠳᠠᠪᠤᠷᠢ ᠪᠠᠨ ᠳᠡᠭᠡᠭᠰᠢᠯᠡᠭᠦᠯᠵᠦ᠂ ᠪᠠᠶᠢᠴᠠᠭᠠᠨ ᠰᠢᠯᠭᠠᠬᠤ ᠴᠢᠭ ᠤᠨ ᠪᠠᠶᠢᠷᠢ ᠶᠢ ᠨᠢᠭᠳᠠ ᠲᠤᠬᠢᠷᠠᠭᠤᠯᠵᠤ᠂ ᠣᠯᠠᠨ ᠲᠦᠮᠡᠨ ᠤ ᠣᠶᠢᠷ᠎ᠠ ᠬᠠᠪᠢ ᠶᠢᠨ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢ ᠦᠨᠡᠨ ᠬᠦ ᠪᠠᠲᠤᠯᠠᠬᠤ ᠬᠡᠷᠡᠭᠲᠡᠶ᠃ ᠲᠤᠤᠷᠵᠢᠯ ᠤᠨ ᠠᠵᠢᠯᠲᠠᠨ ᠤ ᠦᠢᠯᠡᠳᠦᠯ ᠢ ᠨᠢ ᠰᠠᠶᠢᠲᠤᠷ ᠪᠠᠳᠠᠷᠠᠭᠤᠯᠵᠤ᠂ ︽ᠡᠭᠦᠳᠡ ᠲᠣᠭᠰᠢᠬᠤ ᠠᠵᠢᠯᠯᠠᠭ᠎ᠠ︾ ᠶᠢ ᠯᠠᠪᠳᠠᠭᠤᠨ ᠪᠠᠲᠤᠲᠠᠶ ᠥᠷᠨᠢᠭᠦᠯᠵᠦ᠂ ᠬᠠᠷᠢᠶᠠᠲᠤ ᠣᠷᠣᠨ ᠤ ᠬᠥᠮᠦᠨ ᠠᠮᠠ ᠶᠢᠨ ᠲᠤᠭ᠎ᠠ ᠶᠢ ᠣᠨᠣᠪᠴᠢᠲᠠᠶ ᠡᠵᠡᠮᠰᠢᠨ᠂ ᠲᠤᠭ᠎ᠠ ᠤᠨᠤᠪᠴᠢᠳᠠᠢ᠂ ᠪᠠᠶᠢᠳᠠᠯ ᠲᠤᠲᠤᠷᠬᠠᠢ ᠪᠤᠯᠬᠤ ᠶᠢ ᠪᠠᠲᠤᠯᠠᠵᠤ᠂ ᠨᠢᠭᠡ ᠡᠷᠦᠬᠡ ᠶᠢ ᠴᠦ ᠣᠷᠬᠢᠭᠳᠠᠭᠤᠯᠬᠤ ᠥᠬᠡᠶ᠂ ᠨᠢᠭᠡ ᠬᠥᠮᠦᠨ ᠢ ᠴᠦ ᠣᠷᠬᠢᠭᠳᠠᠭᠤᠯᠬᠤ ᠥᠬᠡᠶ ᠪᠠᠶᠢᠬᠤ ᠬᠡᠷᠡᠭᠲᠡᠶ᠃ ᠠᠵᠢᠯ ᠤᠨ ᠦᠷ᠎ᠡ ᠪᠦᠲᠦᠮᠵᠢ ᠪᠠᠨ ᠳᠡᠭᠡᠭᠰᠢᠯᠡᠭᠦᠯᠵᠦ᠂ ᠲᠤᠭ᠎ᠠ ᠪᠠᠷᠢᠮᠲᠠ ᠪᠣᠯᠤᠨ ᠠᠰᠠᠭᠤᠳᠠᠯ ᠢ ᠲᠡᠷᠡ ᠳᠠᠷᠤᠢ ᠳᠤᠨᠢ ᠴᠤᠭᠯᠠᠭᠤᠯᠬᠤ ᠪᠠ ᠵᠠᠳᠠᠯᠬᠤ ᠶᠢ ᠪᠠᠲᠤᠯᠠᠵᠤ᠂ ᠬᠢᠵᠢᠭ ᠤᠨ ᠬᠥᠭᠵᠢᠯᠲᠡ ᠶᠢᠨ ᠪᠠᠶᠢᠳᠠᠯ ᠢ ᠰᠢᠨᠵᠢᠯᠡᠬᠦ ᠤᠬᠠᠭᠠᠨᠴᠢ ᠪᠠᠷ ᠰᠤᠳᠤᠯᠤᠨ ᠮᠠᠭᠠᠳᠯᠠᠬᠤ ᠳᠤ ᠬᠦᠴᠦᠲᠡᠢ ᠲᠤᠯᠭᠠᠭᠤᠷᠢᠯᠠᠯ ᠬᠠᠩᠭᠠᠬᠤ ᠬᠡᠷᠡᠭᠲᠡᠢ᠃ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠥᠷᠭᠡᠨ ᠤᠯᠠᠨ ᠲᠦᠮᠡᠨ ᠤ ᠤᠷᠣᠵᠣ ᠭᠠᠷᠬᠤ ᠪᠠᠨ ᠪᠠᠭᠠᠰᠬᠠᠬᠤ ᠶᠢ ᠬᠦᠳᠦᠯᠦᠨ ᠵᠢᠯᠣᠭᠤᠳᠴᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠭᠦᠢᠴᠡᠳ ᠣᠶᠢᠯᠠᠭᠠᠵᠤ᠂ ᠰᠡᠷᠭᠡᠶᠢᠯᠡᠨ ᠡᠵᠡᠮᠳᠡᠬᠦ ᠠᠵᠢᠯ ᠳᠤ ᠬᠠᠮᠵᠢᠯᠴᠠᠵᠤ᠂ ᠰᠡᠷᠭᠡᠶᠢᠯᠡᠨ ᠡᠵᠡᠮᠳᠡᠬᠦ ᠠᠵᠢᠯ ᠢ ᠳᠡᠮᠵᠢᠵᠦ᠂ ᠰᠡᠷᠭᠡᠶᠢᠯᠡᠨ ᠡᠵᠡᠮᠳᠡᠬᠦ ᠠᠵᠢᠯ ᠳᠤ ᠣᠷᠣᠯᠴᠠᠵᠤ᠂ ᠭᠡᠷ ᠣᠷᠣᠨ ᠤ ᠠᠮᠤᠷ ᠲᠦᠪᠰᠢᠨ ᠢ ᠬᠠᠮᠲᠤᠪᠠᠷ ᠰᠠᠬᠢᠨ ᠬᠠᠮᠠᠭᠠᠯᠠᠬᠤ ᠬᠡᠷᠡᠭᠲᠡᠢ ᠭᠡᠵᠡᠢ᠃  
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号