ᠬᠤᠲᠠ ᠶᠢᠨ ᠵᠠᠰᠠᠭ ᠤᠨ ᠣᠷᠳᠣᠨ ᠤ 2022 ᠣᠨ ᠤ 24 ᠳ᠋ᠣᠭᠡᠷ ᠣᠳᠠᠭᠠᠨ ᠤ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/8/8
     8 ᠰᠠᠷ᠎ᠠ ᠶᠢᠨ 5 ᠤ ᠡᠳᠦᠷ᠂ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠳᠠ ᠶᠢᠨ ᠳᠠᠷᠤᠭ᠎ᠠ ᠶᠠᠩ ᠶᠢᠨ ᠬᠤᠳᠠ ᠶᠢᠨ ᠵᠠᠰᠠᠭ ᠤᠨ ᠣᠷᠳᠣᠨ ᠤ 2022 ᠣᠨ ᠤ 24 ᠳ᠋ᠣᠭᠡᠷ ᠣᠳᠠᠭᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠳᠠᠷᠤᠮᠠᠯᠯᠠᠨ ᠲᠠᠷᠬᠠᠭᠠᠭᠰᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠤᠷᠬᠢᠯ ᠳᠤ ᠬᠦᠷᠭᠡᠬᠦ ᠲᠤᠬᠠᠢ ᠬᠡᠷᠡᠭᠵᠢᠭᠦᠯᠬᠦ ᠲᠥᠰᠦᠯ︾ ᠢ ᠤᠯᠠᠮᠵᠢᠯᠠᠨ ᠰᠤᠷᠤᠯᠴᠠᠵᠤ᠂ ᠬᠤᠳᠠ ᠶᠢᠨ ᠳᠠᠷᠤᠭ᠎ᠠ ᠶᠢᠨ ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ᠂ ᠤᠯᠤᠰ ᠤᠨ ᠳᠡᠭᠡᠳᠦ ᠰᠢᠨ᠎ᠡ ᠮᠡᠷᠭᠡᠵᠢᠯ ᠤᠨ ᠨᠡᠭᠡᠭᠡᠯᠲᠡ ᠶᠢᠨ ᠣᠷᠣᠨ ᠢ ᠡᠭᠦᠳᠦᠨ ᠪᠠᠶᠢᠭᠤᠯᠤᠭᠰᠠᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠮᠠᠨ ᠤ ᠬᠤᠳᠠ ᠶᠢᠨ ᠳᠠᠷᠠᠭᠠᠴᠢ ᠶᠢᠨ ᠠᠯᠬᠤᠮ ᠤᠨ ᠠᠵᠢᠯ ᠢᠶᠠᠨ ᠲᠤᠬᠢᠷᠠᠭᠤᠯᠤᠨ ᠪᠠᠶᠢᠷᠢᠯᠠᠭᠤᠯᠪᠡ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠰᠢ ᠶᠢᠨ ᠫᠢᠩ ᠶᠡᠷᠦᠩᠬᠡᠶ ᠱᠦᠵᠢ ᠶᠢᠨ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠲᠤᠬᠠᠶ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠳᠥᠷᠪᠡᠨ ᠤᠰᠤ  ᠪᠠᠷ ᠳᠥᠷᠪᠡ ᠶᠢ ᠲᠣᠭᠲᠠᠭᠠᠬᠤ︾ ᠵᠠᠷᠴᠢᠮ ᠢ ᠪᠠᠷᠢᠮᠲᠠᠯᠠᠵᠤ᠂ ᠤᠰᠤᠨ ᠤ ᠣᠷᠴᠢᠨ ᠲᠣᠭᠤᠷᠢᠨ᠂ ᠤᠰᠤᠨ ᠤ ᠠᠮᠢ ᠠᠬᠤᠶ᠂ ᠤᠰᠤᠨ ᠤ ᠡᠬᠢ ᠪᠠᠶᠠᠯᠢᠭ ᠲᠤ ᠲᠥᠪᠯᠡᠷᠡᠭᠦᠯᠦᠨ ᠨᠠᠷᠢᠯᠢᠭ ᠣᠨᠣᠴᠠᠲᠠᠶ ᠪᠠᠷ ᠲᠥᠷᠥ ᠶᠢᠨ ᠪᠣᠳᠣᠯᠭ᠎ᠠ ᠬᠡᠷᠡᠭᠵᠢᠭᠦᠯᠵᠦ᠂ ᠭᠤᠤᠯ ᠮᠥᠷᠡᠨ ᠨᠠᠭᠤᠷ ᠴᠥᠭᠦᠷᠥᠮ ᠢ ᠴᠡᠪᠡᠷᠰᠢᠭᠦᠯᠵᠦ᠂ ︽ᠳᠥᠷᠪᠡᠨ ᠲᠤᠷ᠎ᠠ ᠶᠢ ᠵᠠᠰᠠᠬᠤ︾ ᠶᠢ ᠪᠠᠶᠢᠩᠭᠤᠵᠢᠭᠤᠯᠤᠨ ᠠᠬᠢᠭᠤᠯᠵᠤ᠂ ᠬᠠᠲᠤᠨ ᠭᠤᠤᠯ ᠤᠨ ᠡᠷᠭᠢ ᠶᠢᠨ ᠱᠤᠭᠤᠮ ᠤᠨ ᠬᠠᠮᠠᠭᠠᠯᠠᠯᠲᠠ᠂ ᠤᠰᠤ ᠡᠯᠡᠰᠦᠨ ᠤ ᠬᠠᠷᠢᠴᠠᠭ᠎ᠠ ᠶᠢ ᠳᠣᠭᠢᠷᠠᠭᠤᠯᠬᠤ ᠵᠡᠷᠭᠡ ᠠᠵᠢᠯ ᠢᠶᠠᠨ ᠰᠠᠶᠢᠲᠤᠷ ᠠᠳᠬᠤᠵᠤ᠂ ᠤᠰᠤᠨ ᠤ ᠡᠬᠢ ᠪᠠᠶᠠᠯᠢᠭ ᠤᠨ ᠠᠰᠢᠭᠯᠠᠯᠲᠠ ᠶᠢᠨ ᠨᠣᠷᠮ᠎ᠠ ᠪᠠᠨ ᠲᠠᠰᠤᠷᠠᠯᠲᠠ ᠥᠬᠡᠶ ᠳᠡᠭᠡᠭᠰᠢᠯᠡᠭᠦᠯᠦᠨ᠂ ᠠᠮᠢ ᠠᠬᠤᠶ ᠶᠢᠨ ᠦᠷ᠎ᠡ ᠠᠰᠢᠭ᠂ ᠠᠵᠤ ᠠᠬᠤᠶ ᠶᠢᠨ ᠦᠷ᠎ᠡ ᠠᠰᠢᠭ᠂ ᠨᠡᠶᠢᠭᠡᠮ ᠤᠨ ᠦᠷ᠎ᠡ ᠠᠰᠢᠭ ᠢ ᠬᠠᠮᠲᠤᠪᠠᠷ ᠭᠥᠷᠳᠡᠬᠦ ᠶᠢ ᠴᠢᠷᠮᠠᠶᠢᠨ ᠪᠡᠶᠡᠯᠡᠭᠦᠯᠬᠦ ᠬᠡᠷᠡᠭᠳᠡᠢ ᠬᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠲᠣᠭᠤᠷᠢᠭ᠂ ᠡᠯ᠎ᠡ ᠰᠠᠯᠠᠭ᠎ᠠ ᠮᠥᠴᠢᠷ ᠤᠨ ᠬᠢᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠤᠷᠬᠢᠯ ᠳᠤ ᠬᠦᠷᠭᠡᠬᠦ ᠲᠤᠬᠠᠢ ᠬᠡᠷᠡᠭᠵᠢᠭᠦᠯᠬᠦ ᠲᠥᠰᠦᠯ︾ ᠢ ᠭᠦᠨᠵᠡᠭᠡᠢ ᠨᠠᠶᠢᠳᠠᠪᠤᠷᠢᠵᠢᠭᠤᠯᠵᠤ᠂ ᠡᠨᠧᠷᠭᠢ ᠶᠢᠨ ᠬᠤᠷᠣᠭᠳᠠᠯ ᠤᠨ ᠲᠥᠰᠦᠪ ᠤᠨ ᠬᠠᠮᠢᠶᠠᠷᠤᠯᠲᠠ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠡᠨᠧᠷᠭᠢ ᠠᠷᠪᠢᠯᠠᠬᠤ ᠣᠨᠣᠰᠢᠯᠠᠯᠲᠠ ᠶᠢ ᠯᠠᠪᠳᠠᠭᠤᠨ ᠪᠠᠲᠤᠲᠠᠢ ᠥᠷᠨᠢᠭᠦᠯᠵᠦ᠂ ︽ᠬᠤᠶᠠᠷ ᠥᠨᠳᠥᠷ︾ ᠲᠦᠷᠦᠯ ᠵᠦᠢᠯ ᠢ ᠱᠠᠯᠠᠪᠳᠠᠨ ᠰᠢᠭᠰᠢᠭᠳᠡᠭᠦᠯᠵᠦ ᠤᠬᠤᠷᠢᠭᠤᠯᠤᠨ ᠭᠠᠷᠭᠠᠵᠤ᠂ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠡᠨᠧᠷᠭᠢ ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ ᠶᠢ ᠲᠦᠷᠭᠡᠳᠬᠡᠨ ᠠᠬᠢᠭᠤᠯᠵᠤ᠂ ᠨᠢᠭᠡ ᠪᠦᠯᠦᠭ ᠰᠢᠨ᠎ᠡ ᠡᠨᠧᠷᠭᠢ ᠶᠢᠨ ᠲᠦᠷᠦᠯ ᠵᠦᠢᠯ ᠢ ᠲᠦᠷᠭᠡᠨ ᠪᠦᠲᠦᠭᠡᠨ ᠪᠠᠶᠢᠭᠤᠯᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠣᠬᠢᠷᠲᠤᠯ ᠦᠭᠡᠢ ᠲᠤᠤᠷ᠎ᠠ ᠨᠡᠭᠦᠷᠡᠰᠦᠲᠥ᠋ᠷᠥᠭᠴᠢᠲᠤ ᠬᠡᠯᠪᠡᠷᠢ ᠪᠠᠷ ᠪᠦᠬᠦ ᠲᠠᠯ᠎ᠠ ᠪᠠᠷ ᠬᠤᠪᠢᠷᠠᠭᠤᠯᠬᠤ ᠶᠢ ᠠᠬᠢᠭᠤᠯᠬᠤ ᠬᠡᠷᠡᠭᠲᠡᠢ ᠬᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠲᠥᠷᠥ ᠶᠢᠨ ᠶᠠᠪᠤᠳᠠᠯ ᠤᠨ ᠬᠤᠷᠢᠶᠠᠨ ᠤ ᠶᠢᠰᠦᠳᠦᠭᠡᠷ ᠤᠳᠠᠭᠠᠨ ᠤ ᠶᠡᠭᠡ ᠰᠢᠮᠳᠠᠭᠤᠯᠤᠨ ᠪᠠᠶᠢᠴᠠᠭᠠᠯᠳᠠ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠰᠢᠮᠳᠠᠭᠤᠯᠤᠨ ᠪᠠᠶᠢᠴᠠᠭᠠᠬᠤ ᠠᠭᠤᠯᠭ᠎ᠠ᠂ ᠰᠢᠮᠳᠠᠭᠤᠯᠤᠨ ᠪᠠᠶᠢᠴᠠᠭᠠᠬᠤ ᠬᠡᠯᠪᠡᠷᠢ ᠪᠠ ᠰᠢᠮᠳᠠᠭᠤᠯᠤᠨ ᠪᠠᠶᠢᠴᠠᠭᠠᠬᠤ ᠠᠷᠭ᠎ᠠ ᠶᠢ ᠣᠨᠣᠪᠴᠢᠲᠠᠶ ᠡᠵᠡᠮᠰᠢᠵᠦ᠂ ᠨᠡᠮᠡᠭᠳᠡᠯ ᠢ ᠲᠣᠭᠲᠠᠪᠤᠷᠢᠵᠢᠭᠤᠯᠬᠤ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢ ᠲᠣᠭᠲᠠᠪᠤᠷᠢᠵᠢᠭᠤᠯᠬᠤ᠂ ᠠᠵᠢᠯ ᠣᠯᠭᠤᠯᠲᠠ ᠶᠢ ᠲᠣᠭᠲᠠᠪᠤᠷᠢᠵᠢᠭᠤᠯᠵᠤ ᠠᠷᠠᠳ ᠤᠨ ᠠᠮᠢᠳᠤᠷᠠᠯ ᠢ ᠪᠠᠲᠤᠯᠠᠬᠤ᠂ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠲᠣᠭᠲᠠᠭᠤᠨ ᠪᠠᠶᠢᠬᠤ ᠶᠢ ᠪᠠᠲᠤᠯᠠᠬᠤ᠂ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠵᠡᠷᠭᠡ ᠭᠤᠤᠯᠳᠠᠯᠭ᠎ᠠ ᠲᠠᠢ ᠠᠭᠤᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠨᠠᠷᠢᠨ ᠬᠢᠨᠠᠮᠠᠭᠠᠶ ᠡᠮᠬᠢᠯᠡᠨ ᠳ᠋ᠦᠩᠨᠡᠵᠦ᠂ ᠮᠡᠳᠡᠭᠡ ᠵᠠᠩᠭᠢ ᠶᠢ ᠬᠤᠷᠢᠶᠠᠩᠭᠤᠶᠢᠯᠠᠨ ᠮᠡᠳᠡᠭᠦᠯᠦᠨ ᠬᠦᠷᠭᠡᠬᠦ ᠪᠠᠨ ᠰᠠᠶᠢᠲᠤᠷ ᠬᠢᠵᠦ᠂ ᠮᠠᠨ ᠤ ᠬᠤᠲᠠ ᠶᠢᠨ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ  ᠢᠶᠠᠨ ᠪᠥᠬᠦ ᠲᠠᠯ᠎ᠠ ᠪᠠᠷ ᠪᠤᠰᠤᠳᠴᠢ ᠪᠠᠷ ᠲᠤᠰᠬᠠᠬᠤ ᠬᠡᠷᠡᠭᠳᠡᠢ ᠬᠡᠵᠡᠢ᠃      ᠬᠤᠷᠠᠯ ᠠᠴᠠ ᠪᠠᠰᠠ ︽ᠦᠬᠠᠶ ᠬᠤᠲᠠ ᠶᠢᠨ ᠤᠰᠤᠨ ᠤ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ︾ ︽ᠦᠬᠠᠶ ᠬᠤᠲᠠ ᠶᠢᠨ ᠤᠰᠤ ᠶᠢ ᠠᠷᠪᠢᠯᠠᠵᠤ ᠬᠡᠷᠡᠭᠯᠡᠬᠦ ᠲᠦᠷᠢᠮ︾ ᠵᠡᠷᠭᠡ ᠵᠦᠢᠯᠡᠰ ᠢ ᠰᠤᠳᠤᠯᠵᠠᠶ᠃  
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号