8 ᠰᠠᠷ᠎ᠠ ᠶᠢᠨ 6 ᠤ ᠡᠳᠦᠷ ᠤᠨ ᠤᠷᠤᠢ᠂ ᠬᠤᠳᠠ ᠶᠢᠨ ᠨᠠᠮ ᠤᠨ ᠬᠤᠷᠢᠶᠠᠨ ᠤ ᠱᠦᠵᠢ᠂ ᠬᠤᠳᠠ ᠶᠢᠨ | ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠠᠷᠭᠠᠴᠠᠭᠠᠬᠤ ᠠᠵᠢᠯ ᠤᠨ ᠤᠳᠤᠷᠢᠳᠬᠤ | ᠳᠤᠭᠤᠶᠢᠯᠠᠩ ᠤᠨ ᠳᠠᠷᠤᠭ᠎ᠠ ᠲᠠᠩ ᠢ ᠬᠤᠲᠠ ᠶᠢᠨ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ | ᠪᠠᠶᠢᠳᠠᠯ ᠢ ᠠᠷᠭᠠᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ 27 ᠳ᠋ᠤᠭᠠᠷ ᠤᠳᠠᠭᠠᠨ ᠤ ᠬᠤᠷᠠᠯ ᠢ | ᠡᠷᠬᠢᠯᠡᠨ ᠬᠤᠷᠠᠯᠳᠤᠭᠤᠯᠵᠤ᠂ ᠮᠠᠨ ᠤ ᠬᠤᠳᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ | ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠣᠳᠣᠬᠠᠨ ᠤ ᠪᠠᠶᠢᠳᠠᠯ ᠢ ᠵᠠᠳᠠᠯᠤᠨ ᠰᠤᠳᠤᠯᠤᠨ ᠮᠠᠭᠠᠳᠯᠠᠵᠤ | ᠂ ᠮᠠᠨ ᠤ ᠬᠤᠳᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢᠶᠠᠨ ᠲᠤᠬᠢᠷᠠᠭᠤᠯᠤᠨ ᠪᠠᠶᠢᠷᠢᠯᠠᠭᠤᠯᠪᠠ | ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠶᠠᠩ ᠶᠢᠨ᠂ ᠬᠤᠲᠠ ᠶᠢᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠹᠧᠩ ᠰᠢᠤᠸᠠᠢ | ᠲᠤᠤ᠂ ᠬᠤᠲᠠ ᠶᠢᠨ ᠨᠠᠮ ᠤᠨ ᠬᠤᠷᠢᠶᠠᠨ ᠤ ᠡᠯ᠎ᠡ ᠪᠠᠶᠢᠩᠭᠤ ᠶᠢᠨ ᠭᠡᠰᠢᠭᠦᠨ᠂ ᠬᠤᠲᠠ ᠶᠢᠨ ᠵᠠᠰᠠᠭ ᠤᠨ ᠣᠷᠳᠣᠨ᠂ | ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠬᠤᠯᠪᠤᠭᠳᠠᠯ ᠪᠥᠬᠦᠶ ᠨᠥᠬᠦᠳ ᠬᠤᠷᠠᠯ ᠳᠤ ᠣᠷᠣᠯᠴᠠᠪᠠ᠃ | ᠲᠠᠩ ᠢ ᠬᠡᠯᠡᠭᠰᠡᠨ ᠨᠢ᠂ ᠣᠳᠣᠬᠠᠨ ᠳᠤ ᠮᠠᠨ ᠤ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠪᠠᠶᠢᠳᠠᠯ ᠬᠦᠨᠳᠦ ᠬᠡᠴᠡᠭᠦᠦ ᠪᠥᠭᠡᠳ ᠨᠠᠷᠢᠨ ᠪᠤᠳᠤᠯᠢᠶᠠᠨᠲᠠᠶ ᠪᠠᠶᠢᠨ᠎ᠠ᠂ ᠡᠷᠬᠡᠪᠰᠢ ᠳᠡᠭᠡᠳᠦ ᠬᠡᠮᠵᠢᠶ᠎ᠡ ᠪᠠᠷ | ᠴᠢᠬᠤᠯᠠᠴᠢᠯᠠᠨ ᠦᠵᠡᠵᠦ᠂ ᠲᠤᠯᠭᠠᠮ᠎ᠠ ᠰᠡᠳᠭᠢᠯᠭᠡ ᠲᠠᠢ ᠪᠠᠶᠢᠬᠤ ᠬᠡᠷᠡᠭᠲᠡᠶ᠂ ᠣᠭᠲᠣᠬᠠᠨ ᠴᠤ ᠮᠢᠨᠴᠦᠭᠦᠷᠡᠬᠦ ᠦᠵᠡᠯ | ᠰᠠᠨᠠᠭ᠎ᠠ ᠪᠠ ᠭᠤᠷᠢᠳᠠᠬᠤ ᠪᠣᠳᠣᠯ ᠪᠠᠶᠢᠵᠤ ᠪᠣᠯᠬᠤ ᠥᠬᠡᠶ᠂ ︽ᠳᠠᠭᠠᠭᠠᠵᠤ ᠳᠡᠶᠢᠯᠦᠰᠢ ᠥᠬᠡᠶ ᠬᠦᠨᠳᠦ ᠠᠰᠠᠭᠤᠳᠠᠯ︾ | ᠡᠭᠦᠰᠬᠦ ᠠᠴᠠ ᠵᠠᠶᠢᠯᠠᠰᠬᠢᠬᠦ ᠬᠡᠷᠡᠭᠲᠡᠶ᠃ ᠡᠷᠡᠰ ᠰᠢᠭᠤᠷᠬᠠᠶ ᠣᠪᠣᠷ ᠲᠠᠢ ᠪᠠᠶᠢᠵᠤ᠂ ︽ᠭᠠᠳᠠᠨ᠎ᠠ ᠠᠴᠠ | ᠬᠠᠯᠳᠠᠪᠤᠷᠢᠯᠠᠨ ᠣᠷᠣᠵᠣ ᠢᠷᠡᠭᠦ ᠶᠢ ᠰᠡᠷᠭᠡᠶᠢᠯᠡᠬᠦ᠂ ᠳᠣᠲᠣᠭᠠᠳᠤ ᠳᠠᠭᠠᠨ ᠲᠠᠷᠬᠠᠨ ᠲᠡᠯᠭᠡᠷᠡᠬᠦ ᠶᠢ ᠰᠡᠷᠭᠡᠶᠢᠯᠡᠬᠦ︾ | ᠶᠡᠷᠦᠩᠬᠡᠶ ᠠᠷᠭ᠎ᠠ ᠪᠣᠳᠣᠯᠭ᠎ᠠ ᠪᠠ ︽ᠬᠥᠳᠡᠯᠦᠩᠭᠦᠶ ᠪᠠᠷ ᠦᠭᠡᠶᠢᠰᠬᠡᠬᠦ︾ ᠶᠡᠷᠦᠩᠬᠡᠶ ᠴᠢᠭᠯᠡᠯᠲᠡ ᠶᠢ ᠴᠢᠩᠭ᠎ᠠ | ᠨᠠᠶᠢᠳᠠᠪᠤᠷᠢᠵᠢᠭᠤᠯᠤᠨ᠂ ᠥᠪᠡᠷᠲᠡᠭᠡᠨ ᠵᠠᠰᠠᠬᠤ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ | ᠱᠠᠭᠠᠷᠳᠠᠯᠭ᠎ᠠ ᠶᠣᠰᠣᠭᠠᠷ᠂ ︽ᠪᠦᠭᠡᠰᠦᠨ ᠳᠤ ᠬᠢᠳᠤᠭ᠎ᠠ ᠬᠡᠷᠡᠭᠯᠡᠬᠦ︾ ᠬᠡᠪ ᠤᠨ ᠪᠤᠰᠤ ᠠᠷᠭ᠎ᠠ ᠬᠡᠮᠵᠢᠶ᠎ᠡ᠂ ᠴᠠᠭ | ᠮᠥᠴᠡ ᠶᠢ ᠠᠯᠳᠠᠯ ᠥᠬᠡᠶ ᠪᠠᠷ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠪᠣᠳᠠᠲᠠᠶ ᠳᠤ | ᠨᠠᠶᠢᠳᠠᠪᠤᠷᠢᠵᠢᠭᠤᠯᠬᠤ ᠬᠡᠷᠡᠭᠲᠡᠶ᠃ ᠲᠦᠷᠭᠡᠨ ᠬᠥᠳᠡᠯᠦᠯᠴᠡᠵᠦ᠂ ᠨᠢᠭᠡ ᠡᠷᠦᠬᠡ ᠨᠢᠭᠡ ᠬᠥᠮᠦᠨ ᠢ ᠴᠦ ᠬᠤᠴᠣᠷᠭᠠᠬᠤ | ᠥᠬᠡᠶ ᠪᠠᠷ ᠪᠦᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢ ᠲᠦᠷᠭᠡᠨ ᠪᠡᠶᠡᠯᠡᠭᠦᠯᠵᠦ᠂ ᠨᠢᠭᠲᠠ ᠣᠶᠢᠷᠠᠳᠣᠭᠰᠠᠳ᠂ | ᠲᠠᠮ ᠤᠶᠢᠷᠠᠳᠣᠭᠰᠠᠳ ᠤᠨ ᠲᠣᠭᠤᠷᠢᠨ ᠳᠤ ᠲᠦᠷᠭᠡᠨ ᠲᠣᠬᠢᠷᠠᠭᠤᠯᠤᠯᠲᠠ ᠬᠢᠵᠦ᠂ ᠸᠢᠷᠦ᠋ᠰ ᠤᠨ ᠬᠠᠯᠳᠠᠪᠤᠷᠢᠯᠠᠬᠤ | ᠬᠡᠯᠬᠢᠶ᠎ᠡ ᠶᠢ ᠲᠦᠷᠭᠡᠨ ᠲᠡᠰᠦᠯᠵᠦ᠂ ᠬᠢᠵᠢᠭ ᠤᠨ ᠪᠠᠶᠢᠳᠠᠯ ᠲᠠᠷᠬᠠᠠ ᠳᠡᠯᠭᠡᠷᠡᠬᠦ ᠶᠢ ᠡᠷᠡᠰ ᠬᠤᠷᠢᠭᠯᠠᠬᠤ ᠬᠡᠷᠡᠭᠲᠡᠶ᠃ | ᠬᠦᠴᠦᠲᠡᠶ ᠠᠷᠭ᠎ᠠ ᠬᠡᠮᠵᠢᠶ᠎ᠡ ᠠᠪᠴᠤ᠂ ᠪᠠᠴᠢᠮ ᠪᠠᠶᠢᠳᠠᠯ ᠢ ᠠᠷᠭᠠᠴᠠᠭᠠᠬᠤ ᠲᠥᠰᠦᠯ ᠢ ᠪᠥᠬᠦ ᠲᠠᠯ᠎ᠠ ᠪᠠᠷ ᠡᠬᠢᠯᠡᠨ | ᠬᠡᠷᠡᠭᠵᠢᠭᠦᠯᠵᠦ᠂ ᠳᠠᠭᠠᠭᠠᠴᠢᠯᠠᠨ ᠬᠤᠯᠪᠣᠭᠠᠯᠠᠬᠤ ᠲᠣᠭᠲᠠᠴᠠ ᠶᠢ ᠬᠢᠨᠠᠮᠠᠭᠠᠶ ᠨᠠᠶᠢᠳᠠᠪᠤᠷᠢᠵᠢᠭᠤᠯᠤᠨ᠂ ᠨᠠᠩ ᠣᠯᠠᠨ | ᠬᠦᠴᠦᠨ ᠢ ᠨᠡᠶᠢᠳᠬᠡᠨ ᠨᠡᠶᠢᠭᠡᠮ ᠲᠣᠭᠤᠷᠢᠭ ᠲᠤ ᠪᠠᠭᠤᠯᠭᠠᠵᠤ᠂ ᠨᠡᠶᠢᠭᠡᠮ ᠤᠨ ᠲᠠᠯ᠎ᠠ ᠶᠢᠨ ᠬᠠᠮᠢᠶᠠᠷᠤᠯᠲᠠ ᠡᠵᠡᠮᠳᠡᠯ | ᠢᠶᠠᠨ ᠴᠢᠩᠭᠠᠳᠬᠠᠨ᠂ ᠣᠯᠠᠨ ᠢᠶᠠᠷ ᠢᠶᠠᠨ ᠰᠡᠷᠭᠡᠶᠢᠯᠡᠵᠦ ᠣᠯᠠᠨ ᠢᠶᠠᠷ ᠢᠶᠠᠨ ᠵᠠᠰᠠᠬᠤ ᠨᠢᠭᠲᠠ ᠴᠢᠩᠭ᠎ᠠ | ᠰᠡᠷᠭᠡᠶᠢᠯᠡᠯᠲᠡ ᠶᠢᠨ ᠱᠤᠭᠤᠮ ᠢ ᠪᠠᠲᠤ ᠪᠠᠶᠢᠭᠤᠯᠬᠤ ᠬᠡᠷᠡᠭᠲᠡᠶ᠃ ᠵᠣᠬᠢᠶᠠᠨ ᠪᠠᠶᠢᠭᠤᠯᠤᠯᠲᠠ ᠨᠢ ᠡᠮᠬᠢ ᠵᠢᠷᠤᠮ ᠲᠠᠢ | ᠪᠠᠶᠢᠵᠤ᠂ ᠡᠯ᠎ᠡ ᠲᠤᠰᠬᠠᠶ ᠠᠵᠢᠯ ᠤᠨ ᠳᠤᠭᠤᠶᠢᠯᠠᠩ ᠨᠢ ᠵᠣᠬᠢᠴᠠᠭᠤᠯᠤᠨ ᠬᠠᠮᠵᠢᠯᠴᠠᠵᠤ᠂ ᠥᠨᠳᠥᠷ ᠦᠷ᠎ᠡ | ᠪᠦᠲᠦᠮᠵᠢᠲᠡᠶ ᠪᠠᠷ ᠬᠥᠳᠡᠯᠦᠯᠴᠡᠨ᠂ ᠪᠢᠲᠡᠭᠦᠮᠵᠢᠯᠡᠨ ᠡᠵᠡᠮᠳᠡᠬᠦ ᠣᠷᠣᠨ᠂ ᠬᠠᠮᠢᠶᠠᠷᠤᠨ ᠡᠵᠡᠮᠳᠡᠬᠦ ᠣᠷᠣᠨ ᠤ | ᠬᠠᠮᠢᠶᠠᠷᠤᠯᠲᠠ ᠪᠣᠯᠤᠨ ᠬᠢᠵᠢᠭ ᠢ ᠰᠡᠷᠭᠡᠶᠢᠯᠡᠬᠦ ᠡᠳ᠋ ᠪᠣᠳᠠᠰ᠂ ᠠᠮᠢᠳᠤᠷᠠᠯ ᠤᠨ ᠡᠳ᠋ ᠪᠣᠳᠠᠰ ᠤᠨ ᠬᠠᠩᠭᠠᠯᠭ᠎ᠠ ᠶᠢ | ᠪᠠᠲᠤᠯᠠᠬᠤ ᠡᠯ᠎ᠡ ᠵᠦᠢᠯ ᠤᠨ ᠠᠵᠢᠯ ᠢᠶᠠᠨ ᠴᠢᠩᠭ᠎ᠠ ᠨᠢᠮᠪᠠᠶ ᠰᠠᠶᠢᠲᠤᠷ ᠬᠢᠵᠦ᠂ ᠬᠠᠮᠤᠭ ᠨᠠᠭᠠᠲᠤ ᠵᠠᠬ᠎ᠠ ᠶᠢᠨ | ᠲᠥᠯᠥᠪᠯᠡᠭᠡ᠂ ᠬᠠᠮᠤᠭ ᠤᠨ ᠬᠦᠢᠴᠡᠳ ᠪᠡᠯᠡᠳᠬᠡᠯ ᠬᠢᠵᠦ᠂ ᠡᠮᠬᠢ ᠵᠢᠷᠤᠮ ᠲᠠᠢ᠂ ᠶᠠᠭᠠᠷᠠᠬᠤ ᠠᠴᠠ ᠪᠢᠰᠢ | ᠰᠠᠮᠠᠭᠤᠷᠠᠬᠤ ᠥᠬᠡᠶ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ᠃ ᠠᠭᠤᠷ ᠠᠮᠢᠰᠬᠤᠯ ᠢ ᠭᠦᠨ ᠵᠤᠵᠠᠭᠠᠨ ᠪᠠᠶᠢᠯᠭᠠᠵᠤ | ᠂ ᠤᠬᠠᠭᠤᠯᠵᠤ ᠬᠥᠲᠥᠯᠦᠨ ᠵᠢᠯᠣᠭᠤᠳᠬᠤ ᠡᠷᠴᠢᠮ ᠢᠶᠠᠨ ᠴᠢᠩᠭᠠᠷᠠᠭᠤᠯᠤᠨ᠂ ᠴᠠᠭ ᠲᠤᠬᠠᠶ ᠳᠤᠨᠢ ᠮᠡᠳᠡᠭᠡ ᠵᠠᠩᠭᠢ | ᠨᠡᠶᠢᠲᠡᠯᠡᠵᠦ᠂ ᠣᠯᠠᠨ ᠲᠦᠮᠡᠨ ᠤ ᠠᠶᠤᠵᠤ ᠰᠠᠨᠳᠤᠷᠬᠤ ᠰᠡᠳᠬᠢᠯᠭᠡ ᠶᠢ ᠠᠷᠢᠯᠭᠠᠨ᠂ ᠪᠥᠬᠦ ᠠᠷᠠᠳ ᠤᠨ ᠰᠡᠷᠭᠡᠶᠢᠯᠡᠨ | ᠡᠵᠡᠮᠳᠡᠬᠦ ᠦᠵᠡᠯ ᠤᠬᠠᠮᠰᠠᠷ ᠢ ᠳᠡᠭᠡᠭᠰᠢᠯᠡᠭᠦᠯᠬᠦ ᠬᠡᠷᠡᠭᠲᠡᠶ᠃ ᠠᠯᠬᠤᠮ ᠢᠶᠠᠨ ᠨᠢᠭᠡᠳᠬᠡᠵᠦ᠂ ᠨᠢᠭᠡᠳᠦᠯᠲᠡᠶ | ᠵᠢᠯᠣᠭᠤᠳᠬᠤ᠂ ᠨᠢᠭᠡᠳᠦᠯᠲᠡᠶ ᠲᠣᠬᠢᠷᠠᠭᠤᠯᠬᠤ ᠶᠢ ᠪᠠᠷᠢᠮᠲᠠᠯᠠᠵᠤ᠂ ᠵᠢᠯᠣᠭᠤᠳᠬᠤ ᠰᠢᠰᠲ᠋ᠧᠮ ᠤᠨ ᠥᠨᠳᠥᠷ | ᠪᠦᠲᠦᠮᠵᠢᠲᠡᠶ ᠪᠠᠷ ᠠᠵᠢᠯᠯᠠᠬᠤ ᠶᠢ ᠪᠠᠲᠤᠯᠠᠬᠤ ᠬᠡᠷᠡᠭᠲᠡᠶ︔ ᠠᠪᠤᠷᠠᠨ ᠵᠠᠰᠠᠬᠤ ᠠᠵᠢᠯ ᠢᠶᠠᠨ ᠪᠦᠲᠦᠮᠵᠢᠲᠡᠶ ᠬᠢᠵᠦ᠂ | ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠵᠤ᠂ ᠡᠮᠴᠢᠯᠡᠭᠡᠨ ᠤ ᠠᠪᠤᠷᠠᠨ ᠵᠠᠰᠠᠬᠤ | ᠠᠵᠢᠯ ᠢᠶᠠᠨ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠶ᠃ ᠳᠠᠭᠠᠭᠠᠴᠢᠯᠠᠠ ᠬᠤᠯᠪᠤᠭᠠᠯᠠᠬᠤ ᠪᠠᠨ | ᠪᠣᠳᠠᠲᠠᠢ ᠳᠤ ᠨᠠᠶᠢᠳᠠᠪᠤᠷᠢᠵᠢᠭᠤᠯᠵᠤ᠂ ᠬᠤᠳᠠ ᠶᠢᠨ ᠤᠳᠤᠷᠢᠳᠤᠯᠭ᠎ᠠ ᠨᠢᠭᠡᠳᠦᠭᠡᠷ ᠹᠷᠣᠨᠲ ᠲᠤ ᠭᠦᠨᠵᠡᠭᠡᠶᠢᠷᠡᠵᠦ᠂ | ᠡᠮᠦᠨ᠎ᠡ ᠹᠷᠣᠨᠲ ᠲᠤ ᠵᠢᠯᠤᠭᠤᠳᠤᠯᠭ᠎ᠠ ᠬᠢᠵᠦ᠂ ᠪᠠᠶᠢᠭᠤᠯᠭ᠎ᠠ ᠶᠢᠨ ᠺᠠᠳ᠋ᠷ ᠦᠨᠳᠦᠰᠦᠨ ᠱᠠᠲᠤᠨ ᠳᠤ ᠭᠦᠨᠵᠡᠭᠡᠶᠢᠷᠡᠵᠦ᠂ | ᠬᠦᠴᠦᠨ ᠢᠶᠠᠨ ᠲᠡᠭᠦᠯᠳᠡᠷᠵᠢᠭᠦᠯᠵᠦ᠂ ᠬᠤᠳᠠ᠂ ᠲᠣᠭᠤᠷᠢᠭ ᠬᠤᠶᠠᠷ ᠱᠠᠲᠤᠨ ᠤ ᠬᠢᠨ ᠬᠠᠮᠵᠢᠯᠴᠠᠨ ᠬᠥᠳᠡᠯᠦᠯᠴᠡᠵᠦ᠂ | ᠳᠠᠷᠤᠢ ᠲᠦᠷᠭᠡᠨ ᠴᠤᠤᠷᠢᠶᠠᠲᠤᠨ ᠳᠠᠭᠠᠵᠤ᠂ ᠬᠠᠮᠤᠭ ᠤᠨ ᠣᠬᠤᠷ ᠬᠤᠭᠤᠴᠠᠭᠠᠨ ᠳᠤ ᠬᠢᠵᠢᠭ ᠤᠨ ᠪᠠᠶᠢᠳᠠᠯ ᠢ | ᠡᠵᠡᠮᠳᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠦᠨᠦᠭᠡᠯᠳᠡ ᠶᠢᠨ ᠳᠠᠶᠢᠨ ᠤ ᠢᠯᠠᠯᠲᠠ ᠶᠢ ᠵᠠᠪᠠᠯ | ᠤᠯᠬᠤ ᠬᠡᠷᠡᠭᠲᠡᠢ ᠭᠡᠵᠡᠢ᠃ |