ᠬᠤᠲᠠ ᠶᠢᠨ ᠵᠠᠰᠠᠭ ᠤᠨ ᠣᠷᠳᠣᠨ ᠤ 2022 ᠣᠨ ᠤ 28 ᠳ᠋ᠤᠭᠠᠷ ᠣᠳᠠᠭᠠᠨ ᠤ ᠪᠠᠶᠢᠩᠭᠤ ᠶᠢᠨ ᠬᠤᠷᠠᠯ ᠬᠤᠷᠠᠯᠳᠣᠪᠠ
ᠨᠡᠶᠢᠲᠡᠯᠡᠭᠰᠡᠨ ᠴᠠᠭ᠄
2022/9/14
     9 ᠰᠠᠷ᠎ᠠ ᠶᠢᠨ 9 ᠤ ᠡᠳᠦᠷ᠂ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠳᠠ ᠶᠢᠨ ᠳᠠᠷᠤᠭ᠎ᠠ ᠶᠠᠩ ᠶᠢᠨ ᠬᠤᠳᠠ ᠶᠢᠨ ᠵᠠᠰᠠᠭ ᠤᠨ ᠣᠷᠳᠣᠨ ᠤ 2022 ᠣᠨ ᠤ 28 ᠳ᠋ᠤᠭᠠᠷ ᠣᠳᠠᠭᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠲᠡᠷᠢᠭᠦᠯᠡᠭᠴᠢ ᠸᠠᠩ ᠯᠢ ᠰᠢᠶᠠ ᠶᠢᠨ ᠬᠤᠯᠪᠣᠭᠳᠠᠯ ᠪᠦᠬᠦᠢ ᠴᠣᠬᠤᠯᠠᠪᠤᠷᠢ ᠶᠢᠨ ᠵᠣᠷᠢᠭ ᠰᠠᠨᠠᠭ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢᠶᠠᠨ ᠲᠤᠬᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠨᠡᠭᠦᠷᠡᠰᠦᠲᠥ᠋ᠷᠥᠭᠴᠢ ᠶᠢ ᠣᠷᠭᠢᠯ ᠳᠤ ᠬᠦᠷᠭᠡᠬᠦ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠶ ᠲᠤᠤᠱᠯᠠᠭᠤᠯᠵᠤ᠂ ᠥᠪᠥᠷ ᠮᠣᠩᠭᠤᠯ ᠤᠨ ᠤᠯᠤᠰ ᠤᠨ ᠴᠢᠬᠤᠯᠠ ᠡᠨᠧᠷᠭᠢ ᠪᠣᠯᠤᠨ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ ᠪᠠᠶᠢᠯᠳᠤᠬᠤ ᠪᠣᠳᠣᠯᠭ᠎ᠠ ᠶᠢᠨ ᠬᠠᠷᠠᠯᠲᠠ ᠳᠤ ᠰᠠᠨᠠᠭᠠᠴᠢᠯᠠᠭ᠎ᠠ ᠠᠴᠠ ᠪᠠᠨ ᠦᠢᠯᠡᠴᠢᠯᠡᠵᠦ᠂ ᠠᠵᠠ ᠲᠣᠬᠢᠶᠠᠯ ᠢ ᠠᠮᠵᠢᠨ᠂ ᠶᠡᠬᠡᠪᠡᠷ ᠠᠵᠢᠯᠯᠠᠵᠤ ᠲᠦᠷᠭᠡᠨ ᠬᠥᠭᠵᠢᠭᠦᠯᠵᠦ᠂ ᠰᠢᠨ᠎ᠡ ᠡᠨᠧᠷᠭᠢ ᠶᠢᠨ ᠠᠵᠤ ᠦᠢᠯᠡᠰ ᠢ ᠨᠢᠭᠡᠳᠦᠯᠲᠡᠶ ᠲᠥᠯᠥᠪᠵᠢᠭᠦᠯᠦᠨ ᠪᠠᠶᠢᠷᠢᠰᠢᠭᠤᠯᠵᠤ᠂ ᠨᠢᠭᠡ ᠪᠦᠯᠦᠭ ᠰᠢᠨ᠎ᠡ ᠡᠨᠧᠷᠭᠢ ᠶᠢᠨ ᠲᠥᠷᠥᠯ ᠵᠦᠢᠯ ᠤᠨ ᠭᠠᠷᠳᠠᠮ ᠢ ᠬᠦᠢᠴᠡᠳᠬᠡᠬᠦ ᠶᠢ ᠲᠦᠷᠭᠡᠬᠡᠨ ᠪᠡᠶᠡᠯᠡᠭᠦᠯᠵᠦ᠂ ᠬᠡᠷᠡᠯ ᠴᠡᠨᠡᠭ ᠢᠶᠠᠷ ᠴᠠᠬᠢᠯᠭᠠᠨ ᠭᠠᠷᠭᠠᠬᠤ᠂ ᠲᠠᠷᠠᠬᠠᠶ ᠮᠠᠶ᠋ᠢᠭ ᠤᠨ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ ᠵᠡᠷᠭᠡ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠪᠠᠨ ᠲᠦᠷᠭᠡᠳᠬᠡᠨ᠂ ᠥᠪᠡᠷᠲᠡᠭᠡᠨ ᠵᠠᠰᠠᠬᠤ ᠣᠷᠣᠨ ᠠᠴᠠ ᠪᠠᠭᠤᠯᠭᠠᠭᠰᠠᠨ ᠰᠢᠨ᠎ᠡ ᠡᠨᠧᠷᠭᠢ ᠶᠢᠨ ᠲᠣᠤᠷ ᠲᠤ ᠨᠡᠶᠢᠯᠡᠭᠦᠯᠬᠦ ᠬᠦᠢᠴᠡᠳᠬᠡᠯ ᠲᠤᠭ᠎ᠠ ᠶᠢᠨ ᠡᠭᠦᠷᠭᠡ ᠶᠢ ᠵᠢᠯ ᠤᠨ ᠡᠴᠦᠰ ᠠᠴᠠ ᠡᠮᠦᠨ᠎ᠡ ᠪᠡᠶᠡᠯᠡᠭᠦᠯᠬᠦ ᠶᠢ ᠦᠨᠡᠨᠬᠦ ᠪᠠᠲᠤᠯᠠᠵᠤ᠂ ᠰᠠᠯᠭᠢ ᠬᠡᠷᠡᠯ ᠤᠰᠤᠲᠥ᠋ᠷᠥᠭᠴᠢ ᠶᠢ ᠨᠥᠭᠡᠴᠡᠯᠡᠨ ᠬᠡᠷᠡᠭᠯᠡᠬᠦ ᠶᠢ ᠨᠢᠭᠡ ᠴᠤᠭᠴᠠᠵᠢᠭᠤᠯᠤᠭᠰᠠᠨ ᠰᠢᠨ᠎ᠡ ᠡᠨᠧᠷᠭᠢ ᠶᠢᠨ ᠪᠥᠬᠦ ᠠᠵᠤ ᠦᠢᠯᠡᠰ ᠤᠨ ᠬᠡᠯᠬᠢᠶᠡᠵᠢᠯ ᠤᠨ ᠰᠠᠭᠤᠷᠢᠨ ᠭᠠᠵᠠᠷ ᠢ ᠬᠦᠴᠦᠯᠡᠨ ᠪᠠᠶᠢᠭᠤᠯᠬᠤ ᠬᠡᠷᠡᠭᠳᠡᠢ᠃ ᠦᠬᠠᠢ ᠵᠢᠴᠢ ᠡᠷᠬᠢᠨ ᠲᠣᠭᠤᠷᠢᠨ ᠤ ᠭᠠᠵᠠᠷ ᠣᠷᠣᠨ ᠤ ᠠᠮᠢ ᠠᠬᠤᠢ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠲᠤᠬᠠᠢ ᠰᠦᠨ ᠱᠤᠤ ᠴᠧᠩ ᠱᠦᠵᠢ᠂ ᠸᠠᠩ ᠯᠢ ᠰᠢᠶᠠ ᠲᠡᠷᠢᠬᠦᠯᠡᠭᠴᠢ ᠶᠢᠨ ᠴᠣᠬᠤᠯᠠᠪᠤᠷᠢ ᠶᠢᠨ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠵᠢᠭᠠᠵᠤ ᠭᠠᠷᠭᠠᠭᠰᠠᠨ ᠠᠰᠠᠭᠤᠳᠠᠯ ᠳᠤ ᠴᠢᠭᠯᠡᠭᠦᠯᠦᠨ ᠡᠭᠡ ᠲᠠᠩᠰᠠ ᠪᠠᠶᠢᠭᠤᠯᠵᠤ᠂ ᠬᠠᠷᠢᠭᠤᠴᠠᠯᠭᠠᠲᠤ ᠨᠢᠭᠡᠴᠡ᠂ ᠰᠢᠢᠳᠪᠦᠷᠢᠯᠡᠬᠦ ᠠᠷᠭ᠎ᠠ ᠬᠡᠮᠵᠢᠶ᠎ᠡ ᠪᠣᠯᠤᠨ ᠪᠡᠶᠡᠯᠡᠭᠦᠯᠬᠦ ᠴᠠᠭ ᠤᠨ ᠬᠢᠵᠠᠭᠠᠷ ᠢᠶᠠᠨ ᠲᠣᠳᠣᠷᠬᠠᠶᠢᠯᠠᠵᠤ᠂ ᠴᠡᠭᠴᠡᠯᠡᠨ ᠰᠠᠶᠢᠵᠢᠷᠠᠭᠤᠯᠬᠤ ᠶᠢ ᠲᠡᠷᠡ ᠬᠡᠪ ᠢᠶᠠᠷ ᠨᠢ ᠰᠠᠶᠢᠲᠤᠷ ᠠᠳᠬᠤᠬᠤ ᠬᠡᠷᠡᠭᠲᠡᠢ ᠭᠡᠵᠡᠢ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠰᠢ ᠶᠢᠨ ᠫᠢᠩ ᠶᠡᠷᠦᠩᠬᠡᠢ ᠱᠦᠵᠢ ᠶᠢᠨ ᠠᠵᠢᠯ ᠣᠯᠭᠤᠯᠲᠠ ᠶᠢᠨ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠠᠵᠢᠯ ᠣᠯᠭᠤᠯᠲᠠ ᠶᠢ ᠲᠣᠭᠲᠠᠭᠤᠨ ᠪᠠᠶᠢᠯᠭᠠᠬᠤ ᠶᠢ ᠨᠡᠩ ᠲᠤᠪᠤᠶᠢᠮ᠎ᠠ ᠪᠠᠶᠢᠷᠢᠨ ᠳᠤ ᠲᠠᠯᠪᠢᠵᠤ᠂ ᠪᠦᠬᠦ ᠵᠢᠯ ᠤᠨ ᠠᠵᠢᠯ ᠣᠯᠭᠤᠯᠲᠠ ᠶᠢᠨ ᠬᠠᠷᠠᠯᠲᠠ ᠡᠭᠦᠷᠭᠡ ᠶᠢ ᠪᠦᠬᠦ ᠬᠦᠴᠦᠨ ᠢᠶᠠᠷ ᠢᠶᠠᠨ ᠪᠡᠶᠡᠯᠡᠭᠦᠯᠬᠦ ᠬᠡᠷᠡᠭᠲᠡᠢ᠃ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ ᠲᠦᠷᠦ ᠶᠢᠨ ᠪᠤᠳᠤᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠰᠠᠨᠠᠭᠠᠴᠢᠯᠠᠭ᠎ᠠ ᠠᠴᠠ ᠪᠠᠨ ᠠᠵᠤ ᠠᠬᠤᠶᠢᠯᠠᠯ ᠳᠤ ᠭᠦᠨᠵᠡᠭᠡᠶᠢᠷᠡᠨ ︽ᠲᠦᠷᠦ ᠶᠢᠨ ᠪᠤᠳᠤᠯᠭ᠎ᠠ ᠶᠢ ᠭᠡᠷ ᠲᠤᠨᠢ ᠬᠦᠷᠭᠡᠬᠦ︾ ᠠᠵᠢᠯᠯᠠᠭ᠎ᠠ ᠶᠢ ᠥᠷᠨᠢᠭᠦᠯᠵᠦ᠂ ᠨᠡᠩ ᠤᠯᠠᠨ ᠵᠠᠬ᠎ᠠ ᠳᠡᠯᠭᠡᠭᠦᠷ ᠤᠨ ᠭᠤᠣᠯ ᠴᠣᠭᠴᠠ ᠢᠯᠠᠩᠭᠤᠶ᠎ᠠ ᠳᠤᠮᠳᠠ ᠪᠠᠭ᠎ᠠ ᠪᠢᠴᠢᠯ ᠠᠵᠤ ᠠᠬᠤᠶᠢᠯᠠᠯ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢ ᠬᠠᠪᠰᠤᠷᠤᠨ ᠬᠦᠴᠢᠷ ᠢ ᠨᠢ ᠲᠤᠭᠤᠯᠠᠭᠤᠯᠵᠤ᠂ ᠠᠵᠢᠯ ᠤᠨ ᠪᠠᠶᠢᠷᠢ ᠶᠢ ᠨᠢ ᠦᠯᠡᠳᠡᠭᠡᠬᠦ ᠬᠡᠷᠡᠭᠲᠡᠢ᠃ ᠬᠢᠵᠢᠭ ᠤᠨ ᠪᠠᠶᠢᠳᠠᠯ ᠢ ᠲᠣᠭᠲᠠᠭᠤᠨ ᠪᠠᠶᠢᠯᠭᠠᠬᠤ ᠬᠤᠭᠤᠴᠠᠭ᠎ᠠ ᠶᠢ ᠡᠵᠡᠮᠳᠡᠵᠦ᠂ ᠳᠡᠭᠡᠳᠦ ᠰᠤᠷᠭᠠᠭᠤᠯᠢ ᠲᠡᠭᠦᠰᠦᠭᠰᠡᠨ ᠰᠤᠷᠤᠭᠴᠢᠳ᠂ ᠠᠵᠢᠯ ᠤᠯᠬᠤ ᠳᠤ ᠬᠦᠴᠢᠷᠲᠡᠶ ᠬᠥᠮᠦᠰ ᠵᠡᠷᠭᠡ ᠭᠤᠣᠯᠳᠠᠯᠭ᠎ᠠ ᠲᠠᠢ ᠬᠠᠮᠲᠤᠯᠢᠭ ᠲᠤ ᠠᠵᠢᠯ ᠣᠯᠭᠤᠬᠤ ᠠᠵᠢᠯ ᠢᠶᠠᠨ ᠰᠠᠶᠢᠲᠤᠷ ᠠᠳᠬᠤᠵᠤ᠂ ᠭᠤᠣᠯᠳᠠᠯᠭ᠎ᠠ ᠲᠠᠢ ᠬᠠᠮᠲᠤᠯᠢᠭ ᠤᠨ ᠲᠦᠷᠭᠡᠬᠡᠨ ᠠᠵᠢᠯ ᠤᠯᠬᠤ ᠶᠢ ᠲᠦᠯᠬᠢᠨ ᠠᠬᠢᠭᠤᠯᠬᠤ ᠬᠡᠷᠡᠭᠲᠡᠶ᠃ ᠬᠡᠪᠴᠢᠶᠡᠵᠢᠯ ᠤᠨ ᠴᠢᠨᠠᠷᠲᠠᠶ ᠠᠵᠢᠯ ᠠᠯᠳᠠᠯᠲᠠ ᠶᠢᠨ ᠠᠶᠤᠯ ᠲᠦᠭᠰᠢᠭᠦᠷᠢ ᠶᠢ ᠪᠦᠲᠦᠮᠵᠢᠲᠡᠶ ᠪᠠᠷ ᠰᠡᠷᠭᠡᠶᠢᠯᠡᠨ ᠠᠷᠢᠯᠭᠠᠵᠤ᠂ ᠢᠯᠠᠩᠭᠤᠶ᠎ᠠ ᠠᠵᠢᠯ ᠢ ᠨᠢ ᠵᠣᠭᠰᠣᠭᠠᠵᠤ ᠦᠢᠯᠡᠳᠪᠦᠷᠢᠯᠡᠯ ᠢ ᠨᠢ ᠵᠣᠭᠰᠣᠭᠠᠬᠤ᠂ ᠦᠢᠯᠡᠳᠪᠦᠷᠢᠯᠡᠬᠦ ᠴᠢᠳᠠᠪᠤᠷᠢ ᠶᠢ ᠨᠢ ᠭᠡᠭᠡᠭᠳᠡᠭᠦᠯᠬᠦ ᠵᠡᠷᠭᠡ ᠠᠵᠤ ᠠᠬᠤᠶᠢᠯᠠᠯ ᠳᠤ ᠴᠢᠭᠯᠡᠭᠦᠯᠦᠨ᠂ ᠠᠶᠤᠯ ᠲᠦᠭᠰᠢᠭᠦᠷᠢ ᠶᠢ ᠠᠷᠭᠠᠴᠠᠭᠠᠬᠤ ᠪᠡᠯᠡᠳᠬᠡᠯ ᠲᠥᠰᠦᠯ ᠢᠶᠠᠨ ᠴᠠᠭ ᠲᠤᠬᠠᠶ ᠳᠤᠨᠢ ᠲᠡᠭᠦᠯᠳᠡᠷᠵᠢᠭᠦᠯᠵᠦ᠂ ᠬᠡᠪᠴᠢᠶᠡᠵᠢᠯ ᠤᠨ ᠴᠢᠨᠠᠷᠲᠠᠶ ᠠᠵᠢᠯ ᠠᠯᠳᠠᠯᠲᠠ ᠶᠢᠨ ᠠᠶᠤᠯ ᠲᠦᠭᠰᠢᠭᠦᠷᠢ ᠦᠯᠦ ᠭᠠᠷᠭᠠᠬᠤ ᠬᠢᠵᠠᠭᠠᠷ ᠱᠤᠭᠤᠮ ᠢ ᠡᠷᠡᠰ ᠰᠠᠬᠢᠵᠤ᠂ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠵᠡᠢ᠃      ᠬᠤᠷᠠᠯ ᠠᠴᠠ ᠪᠠᠰᠠ ᠤᠮᠠᠷᠠᠲᠤ ᠣᠷᠣᠨ ᠤ ᠠᠷᠢᠭᠤᠨ ᠴᠡᠪᠡᠷ ᠳᠤᠯᠠᠭᠠᠯᠭ᠎ᠠ ᠶᠢᠨ ᠲᠦᠷᠦᠯ ᠵᠦᠢᠯ ᠢ ᠭᠤᠶᠤᠴᠢᠯᠠᠨ ᠮᠡᠳᠡᠭᠦᠯᠬᠦ ᠵᠡᠷᠭᠡ ᠬᠤᠯᠪᠣᠭᠳᠠᠯ ᠪᠦᠬᠦᠢ ᠤᠴᠢᠷ ᠶᠠᠪᠤᠳᠠᠯ ᠢ ᠰᠤᠳᠤᠯᠪᠡ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号