ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠥᠷᠭᠡᠳᠬᠡᠭᠰᠡᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/9/15
     9 ᠰᠠᠷ᠎ᠠ ᠶᠢᠨ 13 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠥᠷᠭᠡᠳᠬᠡᠭᠰᠡᠨ ᠬᠤᠷᠠᠯ ᠬᠤᠷᠠᠯᠳᠤᠭᠤᠯᠵᠤ᠂ 8 ᠰᠠᠷ᠎ᠠ ᠶᠢᠨ 30 ᠤ ᠡᠳᠦᠷ᠂ 9 ᠰᠠᠷ᠎ᠠ ᠶᠢᠨ 9 ᠤ ᠡᠳᠦᠷ ᠤᠨ ᠲᠥᠪ ᠤᠨ ᠤᠯᠤᠰ ᠲᠥᠷᠥ ᠶᠢᠨ ᠲᠣᠪᠴᠢᠶᠠᠨ ᠤ ᠬᠤᠷᠠᠯ ᠤᠨ ᠵᠤᠷᠢᠭ ᠰᠠᠨᠠᠭ᠎ᠠ᠂ ᠶᠡᠷᠦᠩᠬᠡᠢ ᠱᠦᠵᠢ ᠰᠢ ᠶᠢᠨ ᠫᠢᠩ  ᠤᠨ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠦᠬᠦᠳᠡ ᠬᠤᠷᠠᠯ ᠤᠨ ᠬᠤᠶᠠᠳᠤᠭᠠᠷ ᠣᠳᠠᠭᠠᠨ ᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠰᠧᠴᠤᠸᠠᠨ ᠤ ᠭᠠᠨᠽᠢ ᠶᠢᠨ ᠯᠦᠳᠢᠩ ᠰᠢᠶᠠᠨ ᠤ 6.8 ᠳᠡᠰ ᠤᠨ ᠭᠠᠵᠠᠷ ᠬᠥᠳᠡᠯᠦᠯᠲᠡ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠵᠢᠴᠢ 2022 ᠣᠨ ᠤ ᠪᠦᠬᠦ ᠤᠯᠤᠰ ᠤᠨ ᠲᠤᠰᠬᠠᠢ ᠨᠠᠷᠢᠯᠢᠭ ᠣᠨᠴᠠ ᠰᠢᠨ᠎ᠡ ᠳᠤᠮᠳᠠ ᠪᠠᠭ᠎ᠠ ᠠᠵᠤ ᠠᠬᠤᠶᠢᠯᠠᠯ ᠤᠨ ᠬᠥᠭᠵᠢᠯᠲᠡ ᠶᠢᠨ ᠶᠡᠭᠡ ᠬᠤᠷᠠᠯ ᠳᠤ ᠥᠭᠭᠦᠭᠰᠡᠨ ᠪᠠᠶᠠᠷ ᠤᠨ ᠵᠠᠬᠢᠳᠠᠯ ᠤᠨ ᠵᠣᠷᠢᠭ ᠰᠠᠨᠠᠭ᠎ᠠ ᠶᠢ ᠣᠯᠠᠮᠵᠢᠯᠠᠨ ᠰᠣᠷᠣᠯᠴᠠᠵᠤ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢᠶᠠᠨ ᠲᠤᠬᠢᠷᠠᠭᠤᠯᠤᠨ ᠪᠠᠶᠢᠷᠢᠯᠠᠭᠤᠯᠪᠡ᠃ ᠬᠤᠲᠠ ᠶᠢᠨ ᠨᠠᠮ ᠤᠨ ᠬᠤᠷᠢᠶᠠᠨ ᠤ ᠱᠦᠵᠢ ᠲᠠᠩ ᠢ ᠬᠤᠷᠠᠯ ᠡᠷᠭᠢᠯᠡᠪᠡ᠃      ᠬᠤᠷᠠᠯ ᠠᠴᠠ ᠴᠢᠬᠤᠯᠠᠴᠢᠯᠠᠭᠰᠠᠨ ᠨᠢ᠂ ᠨᠠᠮ ᠤᠨ ᠬᠤᠷᠢᠳᠤᠭᠠᠷ ᠶᠡᠭᠡ ᠬᠤᠷᠠᠯ ᠤᠨ ᠬᠤᠭᠤᠴᠠᠭ᠎ᠠ ᠡᠳᠦᠷ ᠢᠷᠡᠬᠦᠶ᠎ᠡ ᠣᠶᠢᠷᠠᠳᠴᠤ᠂ ᠪᠦᠬᠦ ᠬᠤᠲᠠ ᠪᠠᠷ ᠢᠶᠠᠨ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠯᠤᠭ᠎ᠠ ᠦᠨᠡᠨᠬᠦ ᠨᠢᠭᠡᠳᠬᠡᠵᠦ᠂ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠠᠯᠲᠠ ᠲᠠᠢ ᠪᠠᠷ ᠬᠤᠷᠠᠯᠳᠤᠬᠤ ᠶᠢ ᠤᠭᠲᠤᠬᠤ᠂ ᠦᠢᠯᠡᠴᠢᠯᠡᠬᠦ᠂ ᠪᠠᠲᠤᠯᠠᠬᠤ ᠲᠠᠢ ᠨᠢᠭᠲᠠ ᠤᠶᠠᠯᠳᠤᠭᠤᠯᠤᠨ᠂ ︽ᠬᠢᠵᠢᠭ ᠤᠨ ᠪᠠᠶᠢᠳᠠᠯ ᠢ ᠰᠡᠷᠭᠡᠶᠢᠯᠡᠬᠦ᠂ ᠠᠵᠤ ᠠᠬᠤᠶ ᠶᠢ ᠲᠣᠭᠲᠠᠭᠤᠨ ᠪᠠᠶᠢᠯᠭᠠᠬᠤ᠂ ᠬᠥᠭᠵᠢᠯᠲᠡ ᠶᠢ ᠠᠮᠤᠷ ᠲᠦᠪᠰᠢᠨ ᠪᠠᠶᠢᠯᠭᠠᠬᠤ︾ ᠡᠨᠡ ᠭᠤᠷᠪᠠᠨ ᠶᠡᠭᠡ ᠶᠠᠪᠤᠳᠠᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠲᠣᠭᠲᠠᠭᠤᠨ ᠪᠥᠭᠡᠳ ᠡᠷᠡᠭᠦᠯ ᠠᠵᠤ ᠠᠬᠤᠶ ᠶᠢᠨ ᠣᠷᠴᠢᠨ ᠲᠤᠭᠤᠷᠢᠨ᠂ ᠲᠦᠷᠦ ᠲᠦᠪᠰᠢᠨ ᠲᠦᠮᠡᠨ ᠠᠮᠤᠭᠤᠯᠠᠩ ᠨᠡᠶᠢᠭᠡᠮ ᠤᠨ ᠣᠷᠴᠢᠨ ᠲᠤᠭᠤᠷᠢᠨ᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ ᠶᠢᠨ ᠣᠷᠴᠢᠨ ᠲᠤᠭᠤᠷᠢᠨ ᠢ ᠬᠦᠴᠦᠯᠡᠨ ᠪᠤᠢ ᠪᠣᠯᠭᠠᠬᠤ ᠬᠡᠷᠡᠭᠲᠡᠶ᠃ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠪᠣᠯᠭᠤᠮᠵᠢᠲᠠᠶ ᠠᠴᠠ ᠪᠣᠯᠭᠤᠮᠵᠢᠲᠠᠶ᠂ ᠨᠠᠷᠢᠯᠢᠭ ᠠᠴᠠ ᠨᠠᠷᠢᠯᠢᠭ᠂ ᠪᠣᠳᠠᠲᠠᠶ ᠠᠴᠠ ᠪᠣᠳᠠᠲᠠᠶ ᠪᠠᠷ ᠰᠠᠶᠢᠲᠤᠷ ᠠᠳᠬᠤᠵᠤ᠂ ᠬᠢᠵᠢᠭ ᠤᠨ ᠪᠠᠶᠢᠳᠠᠯ ᠢ ᠡᠷᠡᠰ ᠪᠥᠭᠡᠳ ᠬᠦᠴᠦᠲᠡᠶ ᠰᠡᠷᠭᠡᠶᠢᠯᠡᠨ ᠡᠵᠡᠮᠳᠡᠬᠦ ᠬᠡᠷᠡᠭᠲᠡᠶ᠃ ᠠᠵᠤ ᠠᠬᠤᠶ ᠶᠢᠨ ᠠᠵᠢᠯᠯᠠᠭᠠᠨ ᠤ ᠲᠣᠬᠢᠷᠠᠭᠤᠯᠤᠯᠲᠠ ᠪᠠᠨ ᠦᠷᠭᠦᠯᠵᠢᠯᠡᠨ ᠰᠠᠶᠢᠲᠤᠷ ᠠᠳᠬᠤᠵᠤ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠠᠬᠢᠴᠠ ᠪᠠᠨ ᠲᠦᠷᠭᠡᠳᠬᠡᠨ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠡᠷᠴᠢᠮ ᠢᠶᠠᠨ ᠴᠢᠩᠭᠠᠷᠠᠭᠤᠯᠵᠤ᠂ ᠠᠵᠤ ᠠᠬᠤᠶ ᠶᠢᠨ ᠠᠵᠢᠯᠯᠠᠭᠠᠨ ᠢ ᠪᠥᠬᠦ ᠬᠦᠴᠦᠨ ᠢᠶᠠᠷ ᠢᠶᠠᠨ ᠲᠣᠭᠲᠠᠭᠤᠨ ᠪᠠᠶᠢᠯᠭᠠᠬᠤ ᠬᠡᠷᠡᠭᠲᠡᠶ᠃ ᠨᠡᠶᠢᠭᠡᠮ ᠤᠨ ᠲᠣᠭᠲᠠᠭᠤᠨ᠂ ᠵᠠᠬᠢᠳᠠᠯ ᠰᠤᠷᠪᠤᠯᠵᠢᠯᠠᠭ᠎ᠠ ᠶᠢᠨ ᠵᠥᠷᠢᠴᠡᠯ ᠢ ᠨᠠᠮᠳᠠᠭᠤᠯᠬᠤ᠂ ᠠᠶᠤᠯᠭᠦᠢ ᠦᠢᠯᠡᠳᠪᠦᠷᠢᠯᠡᠯ ᠵᠡᠷᠭᠡ ᠬᠦᠷᠢᠶᠡᠨ ᠤ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠠᠮᠤᠷ ᠲᠦᠪᠰᠢᠨ ᠤ ᠬᠤᠷᠢᠭ᠎ᠠ ᠱᠤᠭᠤᠮ ᠢ ᠦᠨᠡᠨᠬᠦ ᠪᠠᠲᠤ ᠰᠠᠬᠢᠬᠤ ᠬᠡᠷᠡᠭᠲᠡᠢ ᠭᠡᠵᠡᠢ᠃      ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 42 ᠳ᠋ᠤᠭᠠᠷ ᠣᠳᠠᠭᠠᠨ ᠤ ᠬᠤᠷᠠᠯ ᠤᠨ ᠵᠣᠷᠢᠭ ᠰᠠᠨᠠᠭ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠯᠪᠠᠨ ᠲᠢᠩᠬᠢᠮ ᠤᠨ ᠳᠠᠷᠤᠮᠠᠯᠯᠠᠨ ᠲᠠᠷᠬᠠᠭᠠᠭᠰᠠᠨ ︽ᠠᠯᠳᠠᠭ᠎ᠠ ᠪᠤᠷᠤᠭᠤ ᠶᠢ ᠠᠭᠤᠴᠢᠯᠠᠨ ᠪᠠᠭᠲᠠᠭᠠᠵᠤ ᠠᠯᠳᠠᠭ᠎ᠠ ᠪᠤᠷᠤᠭᠤ ᠶᠢ ᠵᠠᠯᠠᠷᠠᠭᠤᠯᠬᠤ ᠠᠵᠢᠯ ᠢ ᠴᠢᠨᠠᠭᠰᠢᠳᠠ ᠠᠬᠢᠭᠤᠯᠬᠤ ᠲᠤᠬᠠᠢ ᠰᠠᠨᠠᠯ︾ ᠢ ᠤᠯᠠᠮᠵᠢᠯᠠᠨ ᠰᠤᠷᠤᠯᠴᠠᠪᠡ᠃ ᠬᠤᠷᠠᠯ ᠠᠴᠠ ᠴᠢᠬᠤᠯᠠᠴᠢᠯᠠᠭᠰᠠᠨ ᠨᠢ᠂ ᠰᠤᠷᠲᠠᠯ ᠤᠨ ᠪᠠᠶᠢᠭᠤᠯᠤᠯᠲᠠ ᠡᠭᠦᠷᠢᠳᠡ ᠵᠤᠬᠰᠤᠰᠢ ᠦᠭᠡᠢ ᠶᠠᠪᠤᠭᠳᠠᠨ᠎ᠠ᠂ ︽ᠭᠤᠷᠪᠠᠨ ᠤᠯᠠᠨ᠂ ᠭᠤᠷᠪᠠᠨ ᠴᠥᠭᠡᠨ᠂ ᠭᠤᠷᠪᠠᠨ ᠤᠳᠠᠭᠠᠨ︾ ᠤ ᠠᠰᠠᠭᠤᠳᠠᠯ ᠢ ᠨᠠᠷᠢᠨ ᠬᠢᠨᠠᠮᠠᠭᠠᠢ ᠪᠠᠶᠢᠴᠠᠭᠠᠨ ᠦᠵᠡᠵᠦ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠺᠠᠳ᠋ᠷᠴᠤᠳ ᠢ ᠵᠣᠷᠢᠭᠵᠢᠭᠤᠯᠤᠨ ᠬᠠᠷᠢᠭᠤᠴᠠᠯᠭ᠎ᠠ ᠡᠭᠦᠷᠭᠡᠯᠡᠨ ᠠᠵᠢᠯ ᠶᠠᠪᠤᠳᠠᠯ ᠬᠢᠬᠦ᠂ ᠠᠯᠳᠠᠭ᠎ᠠ ᠪᠤᠷᠤᠭᠤ ᠶᠢ ᠠᠭᠤᠴᠢᠯᠠᠨ ᠪᠠᠭᠲᠠᠭᠠᠵᠤ ᠠᠯᠳᠠᠭ᠎ᠠ ᠪᠤᠷᠤᠭᠤ ᠶᠢ ᠵᠠᠯᠠᠷᠠᠭᠤᠯᠬᠤ ᠠᠯᠢ ᠤᠯᠠᠨ ᠱᠠᠭᠠᠷᠳᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠰᠤᠷᠲᠠᠯ ᠢᠶᠠᠨ ᠦᠨᠡᠨᠬᠦ ᠰᠠᠶᠢᠵᠢᠷᠠᠭᠤᠯᠵᠤ᠂ ᠬᠠᠷᠢᠭᠤᠴᠠᠯᠭ᠎ᠠ ᠡᠭᠦᠷᠭᠡᠯᠡᠨ ᠠᠵᠢᠯ ᠶᠠᠪᠤᠳᠠᠯ ᠬᠢᠬᠦ᠂ ᠤᠳᠠᠭᠠᠰᠢᠷᠠᠭᠤᠯᠤᠨ ᠰᠤᠨᠵᠢᠷᠠᠭᠤᠯᠬᠤ ᠦᠭᠡᠢ᠂ ᠤᠴᠢᠷ ᠶᠠᠪᠤᠳᠠᠯ ᠪᠦᠲᠦᠭᠡᠬᠦ ᠳᠡᠭᠡᠨ ᠶᠣᠰᠣ ᠵᠢᠷᠤᠮ ᠲᠠᠢ ᠪᠠᠶᠢᠬᠤ ᠲᠦᠷᠢ ᠲᠥᠷᠬᠦ ᠶᠢ ᠦᠨᠡᠨᠬᠦ ᠪᠤᠢ ᠪᠣᠯᠭᠠᠬᠤ ᠬᠡᠷᠡᠭᠲᠡᠢ ᠭᠡᠵᠡᠢ᠃      ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠵᠠᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号