ᠶᠠᠩ ᠶᠢᠨ ᠤᠯᠤᠰ ᠤᠨ ᠮᠥᠭᠦᠲᠦ ᠡᠪᠡᠰᠦᠨ ᠤ ᠢᠨᠵᠧᠨᠧᠷᠢᠩ ᠤᠨ ᠮᠡᠷᠭᠡᠵᠢᠯ ᠤᠨ ᠰᠤᠳᠤᠯᠭᠠᠨ ᠤ ᠲᠥᠪ ᠤᠨ ᠲᠡᠷᠢᠭᠦᠨ ᠰᠢᠨᠵᠢᠯᠡᠬᠦ ᠤᠬᠠᠭᠠᠨᠲᠠᠨ ᠯᠢᠨ ᠵᠠᠨ ᠰᠢ ᠨᠡᠷ ᠲᠠᠢ ᠠᠭᠤᠯᠵᠠᠪᠠ
ᠨᠡᠶᠢᠲᠡᠯᠡᠭᠰᠡᠨ ᠴᠠᠭ᠄
2022/9/16
     9 ᠰᠠᠷ᠎ᠠ ᠶᠢᠨ 14 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠶᠠᠩ ᠶᠢᠨ ᠤᠯᠤᠰ ᠤᠨ ᠮᠦᠬᠦᠲᠤ ᠡᠪᠡᠰᠦᠨ ᠤ ᠢᠨᠵᠧᠨᠧᠷᠢᠩ ᠤᠨ ᠮᠡᠷᠭᠡᠵᠢᠯ ᠤᠨ ᠰᠤᠳᠤᠯᠭᠠᠨ ᠤ ᠲᠥᠪ ᠤᠨ ᠲᠡᠷᠢᠬᠦᠨ ᠰᠢᠨᠵᠢᠯᠡᠬᠦ ᠤᠬᠠᠭᠠᠨᠲᠠᠨ ᠯᠢᠨ ᠵᠠᠨ ᠰᠢ ᠨᠡᠷ ᠲᠠᠢ ᠠᠭᠤᠯᠵᠠᠪᠠ᠃ ᠬᠤᠳᠠ ᠶᠢᠨ ᠳᠡᠳ᠋ ᠳᠠᠷᠤᠭ᠎ᠠ ᠸᠠᠩ ᠵᠢᠢ ᠫᠢᠩ᠂ ᠹᠦᠵᠢᠶᠠᠨ ᠤ ᠲᠠᠷᠢᠶᠠᠯᠠᠩ ᠤᠢ ᠰᠢᠭᠤᠢ ᠶᠢᠨ ᠶᠡᠭᠡ ᠰᠤᠷᠭᠠᠭᠤᠯᠢ ᠶᠢᠨ ᠳᠡᠳ᠋ ᠵᠠᠬᠢᠷᠤᠯ ᠬᠤᠸᠠᠩ ᠶᠠᠨ ᠡᡁᠧ ᠣᠷᠣᠯᠴᠠᠪᠠ᠃      ᠶᠠᠩ ᠶᠢᠨ ᠯᠢᠨ ᠵᠠᠨ ᠰᠢ ᠵᠡᠷᠭᠡ ᠬᠥᠮᠦᠰ ᠤᠨ ᠬᠦᠷᠦᠯᠴᠡᠨ ᠢᠷᠡᠭᠰᠡᠨ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠬᠦ ᠶᠢᠨ ᠬᠠᠮᠲᠤ ᠤᠯᠤᠰ ᠤᠨ ᠮᠦᠬᠦᠲᠤ ᠡᠪᠡᠰᠦᠨ ᠤ ᠢᠨᠵᠧᠨᠧᠷᠢᠩ ᠤᠨ ᠮᠡᠷᠭᠡᠵᠢᠯ ᠤᠨ ᠰᠤᠳᠤᠯᠭᠠᠨ ᠤ ᠲᠥᠪ ᠠᠴᠠ ᠦᠬᠠᠢ ᠳᠤ ᠦᠵᠡᠭᠦᠯᠦᠭᠰᠡᠨ ᠬᠠᠯᠠᠮᠵᠢᠯᠠᠯ ᠳᠡᠮᠵᠢᠯᠭᠡ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ ᠲᠡᠷᠡ ᠬᠡᠯᠡᠭᠰᠡᠨ ᠨᠢ᠂ ᠣᠳᠣᠬᠠᠨ ᠳᠤ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠤᠨ ᠠᠵᠢᠯ ᠤᠨ ᠲᠤᠬᠠᠢ ᠴᠢᠬᠤᠯᠠ ᠶᠡᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠠᠮᠢ ᠠᠬᠤᠢ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠶᠢ ᠬᠦᠴᠦᠯᠡᠨ ᠰᠠᠶᠢᠲᠤᠷ ᠠᠳᠬᠤᠵᠤ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠬᠤ ᠪᠠ ᠬᠤᠳᠠ ᠶᠢᠨ ᠬᠡᠯᠪᠡᠷᠢ ᠪᠠᠨ ᠬᠤᠪᠢᠷᠠᠭᠤᠯᠬᠤ ᠶᠢ ᠯᠠᠪᠳᠠᠭᠤᠨ ᠪᠠᠲᠤᠲᠠᠢ ᠠᠬᠢᠭᠤᠯᠵᠤ᠂ ᠠᠮᠢ ᠠᠬᠤᠢ ᠶᠢ ᠣᠷᠢᠳᠠᠪᠡᠷ ᠪᠤᠲᠤᠯᠭᠢᠯᠠᠭᠰᠠᠨ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠡᠷᠡᠰ ᠰᠠᠶᠢᠲᠤᠷ ᠵᠠᠮᠨᠠᠵᠤ ᠪᠠᠶᠢᠨ᠎ᠠ ᠃ ᠬᠤᠶᠠᠷ ᠲᠠᠯ᠎ᠠ ᠪᠠᠷ ᠢᠶᠠᠨ ᠲᠤᠰ ᠣᠳᠠᠭᠠᠨ ᠤ ᠬᠡᠯᠡᠯᠴᠡᠭᠡ ᠪᠠᠷ ᠠᠵᠠ ᠲᠣᠬᠢᠶᠠᠯ ᠪᠣᠯᠭᠠᠵᠤ᠂ ᠠᠭᠤᠯᠠ ᠤᠰᠤ ᠤᠢ ᠰᠢᠭᠤᠢ ᠲᠠᠷᠢᠶᠠᠨ ᠭᠠᠵᠠᠷ ᠨᠠᠭᠤᠷ ᠡᠪᠡᠰᠦ ᠡᠯᠡᠰᠦ ᠶᠢ ᠰᠢᠰᠲ᠋ᠧᠮ ᠲᠠᠢ ᠵᠠᠰᠠᠬᠤ᠂ ᠬᠠᠳᠤᠨ ᠭᠤᠣᠯ ᠳᠠᠭᠠᠤ ᠶᠢᠨ ᠠᠮᠢ ᠠᠬᠤᠢ ᠶᠢᠨ ᠬᠤᠩᠬᠢᠯ ᠢ ᠴᠣᠭᠴᠠᠯᠠᠬᠤ᠂ ᠮᠦᠬᠦᠲᠦ ᠡᠪᠡᠰᠦ ᠶᠢ ᠠᠵᠤ ᠦᠢᠯᠡᠰᠵᠢᠭᠦᠯᠦᠨ ᠬᠥᠭᠵᠢᠭᠦᠯᠬᠦ ᠵᠡᠷᠭᠡ ᠲᠠᠯ᠎ᠠ ᠪᠠᠷ ᠭᠦᠨᠵᠡᠭᠡᠢ ᠬᠠᠮᠲᠤᠷᠠᠯᠴᠠᠭ᠎ᠠ ᠥᠷᠨᠢᠭᠦᠯᠬᠦ ᠶᠢ ᠬᠦᠰᠡᠵᠦ ᠪᠠᠶᠢᠨ᠎ᠠ ᠭᠡᠵᠡᠢ᠃      ᠯᠢᠨ ᠵᠠᠨ ᠰᠢ ᠮᠥᠭᠦᠲᠦ ᠡᠪᠡᠰᠦᠨ ᠤ ᠢᠨᠵᠧᠨᠧᠷᠢᠩ ᠤᠨ ᠮᠡᠷᠭᠡᠵᠢᠯ ᠤᠨ ᠰᠤᠳᠤᠯᠤᠨ ᠨᠡᠭᠡᠭᠡᠯᠲᠡ᠂ ᠤᠯᠤᠰ ᠤᠨ ᠴᠢᠬᠤᠯᠠ ᠶᠡᠭᠡ ᠰᠢᠨᠵᠢᠯᠡᠬᠦ ᠤᠬᠠᠭᠠᠨ ᠤ ᠰᠤᠳᠤᠯᠭᠠᠨ ᠤ ᠲᠥᠷᠥᠯ ᠵᠦᠢᠯ ᠵᠡᠷᠭᠡ ᠪᠠᠶᠢᠳᠠᠯ ᠢᠶᠠᠨ ᠲᠣᠪᠴᠢ ᠲᠠᠨᠢᠯᠴᠠᠭᠤᠯᠪᠠ᠃ ᠲᠡᠷᠡ ᠬᠡᠯᠡᠭᠰᠡᠨ ᠨᠢ᠂ ᠦᠬᠠᠢ ᠶᠢᠨ ᠬᠢᠨ ᠮᠦᠬᠦᠲᠤ ᠡᠪᠡᠰᠦᠨ ᠤ ᠠᠵᠤ ᠦᠢᠯᠡᠰ ᠢ ᠰᠦᠪᠡᠭᠴᠢᠯᠡᠨ ᠬᠥᠭᠵᠢᠭᠦᠯᠬᠦ ᠶᠡᠭᠡ ᠡᠷᠡᠮᠡᠯᠵᠡᠯ ᠲᠠᠢ᠂ ᠶᠡᠭᠡ ᠦᠢᠯᠡᠰ ᠢ ᠪᠦᠲᠦᠭᠡᠵᠦ ᠪᠣᠯᠤᠨ᠎ᠠ᠂ ᠤᠯᠤᠰ ᠤᠨ ᠮᠦᠬᠦᠲᠤ ᠡᠪᠡᠰᠦᠨ ᠤ ᠢᠨᠵᠧᠨᠧᠷᠢᠩ ᠤᠨ ᠮᠡᠷᠭᠡᠵᠢᠯ ᠤᠨ ᠰᠤᠳᠤᠯᠭᠠᠨ ᠤ ᠲᠥᠪ ᠲᠠᠪᠴᠠᠩ᠂ ᠡᠬᠢ ᠪᠠᠶᠠᠯᠢᠭ᠂ ᠴᠢᠳᠠᠪᠤᠷᠢᠲᠠᠨ᠂ ᠮᠡᠷᠭᠡᠵᠢᠯ ᠵᠡᠷᠭᠡ ᠲᠠᠯ᠎ᠠ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠮᠠᠨ ᠤ ᠬᠤᠳᠠ ᠲᠠᠢ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠬᠠᠮᠲᠤᠪᠠᠷ ᠠᠰᠢᠭ ᠬᠦᠷᠳᠡᠬᠦ ᠬᠥᠭᠵᠢᠯᠲᠡ ᠶᠢ ᠪᠡᠶᠡᠯᠡᠭᠦᠯᠦᠨ᠎ᠡ ᠬᠡᠵᠡᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号