ᠲᠠᠩ ᠢ ᠳᠤᠯᠠᠭᠠᠨ ᠪᠦᠯᠢᠶᠡᠨ ᠡᠪᠦᠯᠵᠢᠬᠦ ᠶᠢ ᠪᠠᠲᠤᠯᠠᠬᠤ ᠠᠵᠢᠯ ᠳᠤ ᠪᠠᠶᠢᠴᠠᠭᠠᠨ ᠰᠣᠳᠣᠯᠣᠯᠳᠠ ᠬᠢᠪᠡ
ᠨᠡᠶᠢᠲᠡᠯᠡᠭᠰᠡᠨ ᠴᠠᠭ᠄
2022/9/16
     9 ᠰᠠᠷ᠎ᠠ ᠶᠢᠨ 15 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠲᠠᠩ ᠢ ᠬᠠᠶᠢᠷᠤᠪ ᠤᠨ ᠲᠤᠬᠤᠢ ᠲᠤᠭᠤᠷᠢᠭ ᠤᠨ ᠳᠤᠯᠠᠭᠠᠨ ᠪᠦᠯᠢᠶᠡᠨ ᠡᠪᠦᠯᠵᠢᠬᠦ ᠶᠢ ᠪᠠᠲᠤᠯᠠᠬᠤ ᠠᠵᠢᠯ ᠳᠤ ᠪᠠᠶᠢᠴᠠᠭᠠᠨ ᠰᠣᠳᠣᠯᠣᠯᠳᠠ ᠬᠢᠪᠡ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ ᠯᠢ ᠴᠦᠨ ᠰᠢᠶᠤᠤ ᠬᠠᠮᠲᠤ ᠪᠠᠶᠢᠴᠠᠭᠠᠨ ᠰᠤᠳᠤᠯᠤᠯᠲᠠ ᠬᠢᠪᠡ᠃      ᠲᠠᠩ ᠢ ᠨᠡᠷ ᠤᠷᠢᠳ ᠬᠤᠵᠢᠳ ᠯᠢᠨ ᠶᠢᠨ ᠵᠡᠭᠡᠯᠢ ᠭᠤᠳᠤᠮᠵᠢ ᠶᠢᠨ ᠶᠢᠨ ᠢᠦᠢ ᠨᠡᠶᠢᠭᠡᠮ ᠲᠣᠭᠤᠷᠢᠭ ᠤᠨ ᠬᠠᠢ ᠪᠸᠢ ᠵᠢᠵᠢᠭ ᠲᠣᠭᠤᠷᠢᠭ᠂ ᠹᠧᠩ ᠬᠤᠸᠠᠩ ᠯᠢᠩ ᠵᠡᠭᠡᠯᠢ ᠭᠤᠳᠤᠮᠵᠢ ᠶᠢᠨ ᠯᠠᠨ ᠲᠢᠶᠠᠨ ᠬᠤᠸᠠ ᠶᠤᠸᠠᠨ ᠵᠢᠵᠢᠭ ᠲᠣᠭᠤᠷᠢᠭ ᠲᠤ ᠬᠦᠷᠴᠦ᠂ ᠪᠠᠶᠢᠰᠢᠩᠲᠤ ᠲᠣᠭᠤᠷᠢᠭ ᠤᠨ ᠶᠡᠷᠦᠩᠬᠡᠶᠢᠯᠡᠭᠰᠡᠨ ᠬᠤᠭᠤᠯᠠᠢ ᠲᠣᠣᠷ ᠤᠨ ᠥᠭᠡᠷᠡᠴᠢᠯᠡᠯᠲᠡ ᠪᠣᠯᠤᠨ ᠬᠠᠭᠤᠴᠢᠨ ᠵᠢᠵᠢᠭ ᠲᠣᠭᠤᠷᠢᠭ ᠤᠨ ᠬᠤᠭᠤᠯᠠᠢ ᠲᠣᠣᠷ ᠤᠨ ᠥᠭᠡᠷᠡᠴᠢᠯᠡᠯᠲᠡ ᠶᠢᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠪᠡ᠃      ᠲᠠᠩ ᠢ ᠬᠡᠯᠡᠭᠰᠡᠨ ᠨᠢ᠂ ᠡᠪᠦᠯ ᠤᠨ ᠤᠯᠠᠷᠢᠯ ᠤᠨ ᠳᠤᠯᠠᠭᠠᠯᠠᠭ᠎ᠠ ᠨᠢ ᠠᠷᠠᠳ ᠤᠯᠠᠨ ᠤ ᠲᠤᠰ ᠪᠡᠶ᠎ᠡ ᠶᠢᠨ ᠠᠰᠢᠭ ᠲᠤᠰᠠ ᠲᠠᠢ ᠬᠤᠯᠪᠣᠭᠳᠠᠵᠤ᠂ ᠴᠢᠬᠤᠯᠠ ᠠᠷᠠᠳ ᠤᠨ ᠠᠮᠢᠳᠤᠷᠠᠯ ᠤᠨ ᠢᠨᠵᠧᠨᠧᠷᠢᠩ ᠪᠠ ᠠᠷᠠᠳ ᠤᠨ ᠰᠡᠳᠬᠢᠯ ᠤᠨ ᠢᠨᠵᠧᠨᠧᠷᠢᠩ ᠪᠣᠯᠤᠨ᠎ᠠ᠃ ᠡᠯ᠎ᠡ ᠲᠣᠭᠤᠷᠢᠭ᠂ ᠡᠯ᠎ᠡ ᠰᠠᠯᠠᠭ᠎ᠠ ᠮᠥᠴᠢᠷ ᠤᠨ ᠬᠢᠨ ᠤᠯᠠᠨ ᠲᠦᠮᠡᠨ ᠤ ᠠᠮᠤᠷ ᠲᠦᠪᠰᠢᠨ᠂ ᠠᠶᠤᠯ ᠲᠦᠭᠰᠢᠭᠦᠷᠢ᠂ ᠬᠠᠯᠠᠭᠤᠨ ᠳᠤᠯᠠᠭᠠᠨ ᠢ ᠴᠠᠭ ᠢᠮᠠᠭᠲᠠ ᠰᠡᠳᠬᠢᠯ ᠳᠡᠭᠡᠨ ᠪᠤᠳᠤᠵᠤ᠂ ᠨᠢᠭᠲᠠ ᠬᠠᠮᠵᠢᠯᠴᠠᠵᠤ᠂ ᠵᠣᠬᠢᠴᠠᠭᠤᠯᠤᠨ ᠬᠠᠮᠲᠤᠷᠠᠯᠴᠠᠵᠤ᠂ ᠡᠪᠦᠯ ᠤᠨ ᠤᠯᠠᠷᠢᠯ ᠤᠨ ᠳᠤᠯᠠᠭᠠᠯᠠᠭ᠎ᠠ ᠶᠢᠨ ᠠᠵᠢᠯ  ᠢᠶᠠᠨ ᠥᠨᠳᠥᠷ ᠪᠠᠷᠢᠮᠵᠢᠶ᠎ᠠ ᠪᠠᠷ ᠴᠢᠨᠠᠷ ᠰᠠᠶᠢᠲᠠᠢ ᠰᠠᠶᠢᠲᠤᠷ ᠬᠢᠬᠦ ᠬᠡᠷᠡᠭᠲᠡᠢ᠃ ᠨᠢᠭᠡᠳᠦᠯᠲᠡᠶ ᠲᠥᠯᠥᠪᠵᠢᠭᠦᠯᠬᠦ ᠶᠢ ᠴᠢᠬᠤᠯᠠᠴᠢᠯᠠᠵᠤ᠂ ᠪᠠᠶᠢᠰᠢᠩᠲᠤ ᠲᠣᠭᠤᠷᠢᠭ ᠤᠨ ᠶᠡᠷᠦᠩᠬᠡᠶᠢᠯᠡᠭᠰᠡᠨ ᠬᠤᠭᠤᠯᠠᠶ ᠲᠣᠣᠷ ᠤᠨ ᠪᠠᠷᠢᠯᠭ᠎ᠠ ᠶᠢᠨ ᠠᠬᠢᠴᠠ  ᠪᠠᠨ ᠲᠦᠷᠭᠡᠳᠬᠡᠵᠦ᠂ ᠥᠭᠡᠷᠡᠴᠢᠯᠡᠬᠦ ᠡᠭᠦᠷᠭᠡ ᠶᠢ ᠡᠷᠲᠡᠬᠡᠨ ᠪᠡᠶᠡᠯᠡᠭᠦᠯᠵᠦ᠂ ᠰᠠᠭᠤᠭᠠᠯᠢ ᠠᠷᠠᠳ ᠤᠨ ᠳᠤᠯᠠᠭᠠᠨ ᠪᠦᠯᠢᠶᠡᠨ ᠡᠪᠦᠯᠵᠢᠬᠦ ᠶᠢ ᠪᠠᠲᠤᠯᠠᠬᠤ ᠬᠡᠷᠡᠭᠲᠡᠶ᠃ ᠤᠬᠠᠭᠤᠯᠤᠨ ᠬᠥᠲᠥᠯᠦᠨ ᠵᠢᠯᠣᠭᠤᠳᠬᠤ ᠪᠠᠨ ᠴᠢᠩᠭᠠᠳᠬᠠᠵᠤ᠂ ᠪᠠᠶᠢᠰᠢᠩᠲᠤ ᠲᠣᠭᠤᠷᠢᠭ ᠤᠨ ᠰᠠᠭᠤᠭᠠᠯᠢ ᠠᠷᠠᠳ ᠢ ᠢᠳᠡᠪᠬᠢᠲᠡᠶ ᠳᠠᠶᠢᠴᠢᠯᠠᠨ ᠣᠷᠣᠯᠴᠠᠭᠤᠯᠵᠤ᠂ ᠪᠣᠬᠢᠷ ᠤᠰᠤ ᠭᠠᠳᠠᠭᠰᠢᠯᠠᠭᠤᠯᠬᠤ᠂ ᠵᠣᠷᠯᠣᠩ ᠵᠡᠷᠭᠡ ᠪᠡᠯᠡᠳᠬᠡᠮᠵᠢ ᠶᠢ ᠶᠡᠷᠦᠩᠬᠡᠶᠢᠯᠡᠭᠰᠡᠨ ᠬᠤᠭᠤᠯᠠᠶ ᠲᠣᠤᠷ ᠯᠤᠭ᠎ᠠ ᠵᠡᠷᠭᠡ ᠪᠠᠷ ᠥᠭᠡᠷᠡᠴᠢᠯᠡᠨ ᠪᠠᠶᠢᠭᠤᠯᠬᠤ ᠶᠢ ᠨᠢᠭᠡᠳᠦᠯᠲᠡᠶ ᠲᠥᠯᠥᠪᠯᠡᠨ᠂ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠤ ᠶᠠᠰᠤ ᠴᠢᠨᠠᠷ ᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ᠃ ᠡᠷᠴᠢᠮᠯᠢᠭ ᠠᠷᠪᠢᠯᠠᠨ ᠭᠠᠮᠨᠠᠬᠤ ᠶᠢ ᠪᠠᠷᠢᠮᠲᠠᠯᠠᠵᠤ᠂ ᠨᠠᠷᠢᠨ ᠨᠢᠭᠲᠠ ᠪᠤᠳᠤᠵᠤ ᠪᠠᠶᠢᠭᠠᠳ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠤᠨ ᠥᠭᠡᠷᠡᠴᠢᠯᠡᠯᠲᠡ ᠶᠢ ᠠᠬᠢᠭᠤᠯᠵᠤ᠂ ᠲᠦᠷᠦᠯ ᠵᠦᠢᠯ ᠤᠨ ᠪᠡᠯᠡ ᠮᠥᠩᠭᠦ ᠶᠢ ᠵᠠᠩᠭᠢᠯᠠᠭ᠎ᠠ ᠶᠢᠨ ᠭᠠᠵᠠᠷ ᠲᠤᠨᠢ ᠬᠡᠷᠡᠭᠯᠡᠵᠦ ᠂ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠤᠨ ᠥᠭᠡᠷᠡᠴᠢᠯᠡᠯᠲᠡ ᠶᠢ ᠲᠦᠢᠯᠪᠤᠷᠢᠲᠠᠢ ᠬᠢᠵᠦ᠂ ᠪᠣᠳᠠᠲᠠᠢ ᠥᠭᠡᠷᠡᠴᠢᠯᠡᠬᠦ ᠶᠢ ᠪᠠᠲᠤᠯᠠᠵᠤ᠂ ᠠᠷᠠᠳ ᠤᠯᠠᠨ ᠳᠤ ᠦᠨᠡᠨ ᠪᠣᠳᠠᠲᠠᠢ ᠬᠦᠷᠲᠡᠮᠵᠢ ᠶᠢᠨ ᠲᠦᠷᠦᠭᠳᠡᠯ ᠲᠠᠢ ᠪᠣᠯᠭᠠᠬᠤ ᠬᠡᠷᠡᠭᠲᠡᠢ ᠭᠡᠵᠡᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号